ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ |
ᠲᠢᠩᠬᠢᠮ ᠠᠴᠠ ᠣᠶᠢᠯᠠᠭᠠᠭᠰᠠᠨ ᠢᠶᠠᠷ ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ |
ᠮᠡᠷᠭᠡᠵᠢᠯ ᠤᠨ ᠲᠢᠩᠬᠢᠮ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ |
ᠵᠠᠰᠠᠬᠤ ᠣᠷᠣᠨ ᠤ ᠲᠤᠰ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠵᠦᠢᠯ ᠤᠨ ᠪᠡᠯᠡ |
ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠳᠤ ᠳᠠᠬᠢᠨ ᠵᠠᠰᠠᠪᠤᠷᠢ ᠣᠷᠣᠭᠤᠯᠵᠠᠢ ᠃ ᠲᠤᠰᠬᠠᠢ ᠪᠡᠯᠡ ᠮᠦᠩᠭᠦ ᠶᠢᠨ |
ᠳᠡᠮᠵᠢᠬᠦ ᠬᠡᠪᠴᠢᠶ᠎ᠡ ᠬᠢᠭᠡᠳ ᠳᠡᠮᠵᠢᠬᠦ ᠠᠷᠭ᠎ᠠ ᠮᠠᠶ᠋ᠢᠭ ᠂ ᠬᠢᠨᠠᠨ ᠲᠣᠭᠲᠠᠭᠠᠬᠤ ᠶᠢ ᠭᠤᠶᠤᠴᠢᠯᠠᠨ ᠮᠡᠳᠡᠭᠦᠯᠬᠦ ᠪᠠ |
ᠬᠤᠪᠢᠶᠠᠷᠢᠯᠠᠬᠤ ᠂ ᠬᠠᠮᠢᠶᠠᠷᠬᠤ ᠪᠠ ᠬᠡᠷᠡᠭᠯᠡᠬᠦ ᠵᠡᠷᠭᠡ ᠲᠠᠯ᠎ᠠ ᠪᠠᠷ ᠂ 35 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ |
ᠳᠤᠷᠠᠳᠴᠤ ᠂ ᠬᠠᠷᠠᠯᠲᠠ ᠲᠠᠢ ᠪᠠᠷ ᠰᠤᠮᠤ ᠬᠠᠷᠪᠤᠵᠤ ᠂ ᠣᠨᠤᠪᠴᠢᠲᠠᠢ ᠪᠠᠷ ᠬᠦᠴᠦᠯᠡᠵᠦ ᠂ ᠥᠪᠡᠷᠲᠡᠭᠡᠨ ᠵᠠᠰᠠᠬᠤ |
ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠬᠡᠷᠡᠭᠵᠢᠭᠦᠯᠦᠯᠲᠡ ᠶᠢ ᠪᠠᠲᠤᠯᠠᠵᠤ ᠂ |
ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠪᠡᠯᠡ |
ᠮᠦᠩᠭᠦ ᠶᠢᠨ ᠬᠠᠮᠢᠶᠠᠷᠤᠯᠲᠠ ᠬᠡᠷᠡᠭᠯᠡᠯᠲᠡ ᠶᠢ ᠵᠢᠷᠤᠮᠵᠢᠭᠤᠯᠤᠨ ᠴᠢᠩᠭᠠᠳᠬᠠᠵᠤ ᠂ ᠲᠥᠷᠥ ᠶᠢᠨ ᠪᠣᠳᠣᠯᠭ᠎ᠠ ᠶᠢᠨ |
ᠬᠦᠴᠦᠨ ᠢᠶᠠᠷ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠪᠡ ᠃ |
ᠲᠣᠰ ᠤᠳᠠᠭ᠎ᠠ ᠵᠠᠰᠠᠪᠤᠷᠢ ᠣᠷᠣᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠯᠠ ᠮᠥᠩᠭᠦ ᠶᠢ |
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠤᠰᠬᠠᠶ ᠪᠠᠯᠠ ᠮᠥᠩᠭᠦ ᠬᠢᠭᠡᠳ |
ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ 2 ᠲᠤᠰᠬᠠᠶ ᠪᠠᠯᠠ ᠮᠥᠩᠭᠦ ᠪᠣᠯᠭᠠᠨ ᠲᠣᠬᠢᠷᠠᠭᠤᠯᠪᠠ︔ |
ᠤᠤᠯ ᠤᠨ ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ ᠬᠢᠭᠡᠳ ᠨᠡᠭᠡᠭᠡᠨ ᠬᠥᠭᠵᠢᠭᠦᠯᠬᠦ ᠪᠠᠯᠠ ᠮᠥᠩᠭᠦ ᠂ ᠰᠢᠨᠵᠢᠯᠡᠬᠦ |
ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠤᠰᠬᠠᠶ ᠪᠠᠯᠠ ᠮᠥᠩᠭᠦ ᠪᠠ ᠰᠢᠨᠵᠢᠯᠡᠬᠦ |
ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠦᠨ ᠵᠢᠯᠣᠭᠤᠳᠴᠤ ᠱᠠᠩᠨᠠᠬᠤ ᠪᠠᠯᠠ ᠮᠥᠩᠭᠦ ᠶᠢ |
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠤᠰᠬᠠᠶ ᠪᠠᠯᠠ ᠮᠥᠩᠭᠦ |
ᠪᠣᠯᠭᠠᠨ ᠨᠢᠭᠡᠳᠦᠭᠦᠯᠪᠡ︔ ᠰᠠᠭᠤᠷᠢ ᠰᠤᠳᠤᠯᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠂ ︽ |
ᠳᠠᠭᠠᠭᠠᠴᠢᠯᠠᠬᠤ ᠲᠦᠷᠢᠮ + ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠲᠠᠩᠰᠠ︾ ᠶᠢᠨ ᠬᠠᠮᠢᠶᠠᠷᠤᠯᠲᠠ ᠶᠢ |
ᠬᠡᠷᠡᠭᠵᠢᠭᠦᠯᠵᠦ ᠂ ︽ᠲᠣᠭᠲᠠᠭᠠᠭᠰᠠᠨ ᠵᠠᠭᠤᠰᠢᠨ ᠤ ᠨᠡᠷᠡᠶᠢᠳᠦᠯ︾ ᠠᠴᠠ ︽ᠡᠵᠡᠨ ᠮᠡᠳᠡᠨ ᠬᠠᠭᠤᠷᠤᠯᠭ᠎ᠠ |
ᠳᠠᠭᠤᠳᠠᠬᠤ︾ ᠪᠣᠯᠭᠠᠨ ᠥᠭᠡᠷᠡᠴᠢᠯᠡᠵᠦ ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠪᠣᠳᠠᠲᠠᠶ |
ᠬᠡᠷᠡᠭᠴᠡᠭᠡ ᠪᠠᠨ ᠦᠨᠳᠦᠰᠦᠯᠡᠨ ᠡᠬᠢ ᠪᠠᠶᠠᠯᠢᠭ ᠢ ᠠᠮᠢᠳᠤᠯᠢᠭ ᠢᠶᠠᠷ ᠲᠣᠬᠢᠷᠠᠭᠤᠯᠵᠤ ᠪᠣᠯᠤᠨ᠎ᠠ ᠂ ᠨᠢᠭᠡ ᠰᠡᠳᠬᠢᠯ ᠢᠶᠠᠷ |
ᠭᠤᠤᠯ ᠬᠠᠷᠢᠭᠤᠴᠠᠯᠭ᠎ᠠ ᠭᠤᠤᠯ ᠠᠵᠢᠯ ᠳᠤ ᠣᠷᠣᠭᠤᠯᠵᠤ ᠂ ᠦᠷ᠎ᠡ ᠪᠦᠲᠦᠭᠡᠯ ᠭᠠᠷᠭᠠᠬᠤ ᠶᠢ ᠲᠦᠷᠭᠡᠳᠬᠡᠬᠦ ᠳᠤ |
ᠠᠰᠢᠭᠲᠠᠶ ᠭᠡᠵᠦ ᠲᠣᠳᠣᠷᠬᠠᠶᠢᠯᠠᠪᠠ ᠃ |
ᠡᠭᠦᠨ ᠠᠴᠠ ᠭᠠᠳᠠᠨ᠎ᠠ ᠂ ᠰᠢᠨ᠎ᠡ ᠠᠷᠭ᠎ᠠ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ |
ᠮᠡᠷᠭᠡᠵᠢᠯ ᠤᠨ ᠲᠢᠩᠬᠢᠮ ᠤᠨ ᠨᠤᠲᠠᠯᠠᠯᠲᠠ ᠳᠤ ᠬᠦᠴᠦᠨ ᠦᠭᠡᠢ ᠪᠣᠯᠭᠠᠬᠤ ᠪᠤᠶᠤ ᠳᠠᠭᠤᠰᠬᠠᠬᠤ ᠴᠢᠬᠤᠯᠠᠲᠠᠢ |
ᠵᠦᠢᠯᠡᠰ ᠢ ᠠᠩᠬ᠎ᠠ ᠤᠳᠠᠭ᠎ᠠ ᠳᠤᠷᠠᠳᠴᠤ ᠂ ᠭᠤᠣᠯ ᠪᠤᠰᠤᠳᠴᠢ ᠰᠢᠯᠲᠠᠭᠠᠨ ᠢᠶᠠᠷ ᠪᠡᠯᠡ ᠮᠥᠩᠭᠦ ᠶᠢ ᠬᠤᠷᠢᠶᠠᠨ |
ᠠᠪᠴᠤ ᠂ ᠲᠣᠭᠲᠠᠭᠠᠯ ᠠᠴᠠ ᠵᠥᠷᠢᠴᠡᠭᠰᠡᠳ ᠢ ᠦᠨ᠎ᠡ ᠲᠥᠯᠥᠪᠦᠷᠢ ᠭᠠᠷᠭᠠᠬᠤ ᠮᠥᠷᠲᠡᠭᠡᠨ ᠪᠠᠰᠠ ᠵᠠᠮ |
ᠰᠦᠪᠡᠭᠴᠢᠯᠡᠭᠴᠢ ᠶᠢ ︽ᠪᠡᠶ᠎ᠡ ᠬᠦᠩᠭᠡᠨ ᠢᠶᠠᠷ ᠪᠠᠶᠢᠯᠳᠤᠭᠠᠨ ᠳᠤ ᠤᠷᠤᠯᠴᠠᠭᠤᠯᠬᠤ︾ ᠬᠡᠷᠡᠭᠲᠡᠢ ᠭᠡᠵᠦ |
ᠲᠣᠳᠣᠷᠬᠠᠶᠢᠯᠠᠪᠠ ᠃ ᠪᠡᠶᠡᠴᠢ ᠰᠢᠯᠲᠠᠭᠠᠨ ᠠᠴᠠ ᠪᠣᠯᠵᠤ ᠲᠥᠷᠥᠯ ᠵᠦᠢᠯ ᠢ ᠬᠦᠴᠦᠨ ᠦᠭᠡᠢ ᠪᠣᠯᠭᠠᠬᠤ ᠪᠤᠶᠤ |
ᠵᠣᠭᠰᠤᠭᠠᠵᠤ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠢᠶᠠᠷ |
ᠨᠤᠲᠠᠯᠠᠭᠤᠯᠤᠭᠰᠠᠨ ᠤ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠬᠠᠮᠢᠶ᠎ᠠ |
ᠪᠦᠬᠦᠢ ᠲᠣᠭᠲᠠᠭᠠᠯ ᠶᠣᠰᠣᠭᠠᠷ ᠦᠯᠡᠳᠡᠪᠦᠷᠢ ᠪᠡᠯᠡ ᠮᠥᠩᠭᠦ ᠶᠢ ᠬᠤᠷᠢᠶᠠᠨ ᠠᠪᠬᠤ ᠶᠢᠨ ᠬᠠᠮᠲᠤ ᠲᠣᠭᠲᠠᠭᠠᠯ ᠠᠴᠠ |
ᠵᠥᠷᠢᠴᠡᠨ ᠬᠡᠷᠡᠭᠯᠡᠭᠰᠡᠨ ᠪᠡᠯᠡ ᠮᠥᠩᠭᠦ ᠶᠢ ᠨᠡᠬᠡᠮᠵᠢᠯᠡᠨ ᠠᠪᠤᠨ᠎ᠠ︔ ᠮᠡᠷᠭᠡᠵᠢᠯ ᠤᠨ ᠱᠤᠭᠤᠮ ᠳᠤ ᠢᠯᠠᠭᠳᠠᠭᠰᠠᠨ ᠪᠠ |
ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠬᠢᠭᠰᠡᠨ ᠂ ᠪᠠᠶᠢᠭᠠᠯᠢ ᠶᠢᠨ ᠭᠠᠮᠰᠢᠭ ᠵᠡᠷᠭᠡ ᠪᠡᠶᠡᠴᠢ ᠪᠤᠰᠤ ᠬᠦᠴᠦᠨ |
ᠵᠦᠢᠯ ᠠᠴᠠ ᠪᠣᠯᠵᠤ ᠲᠥᠷᠥᠯ ᠵᠦᠢᠯ ᠢ ᠵᠤᠭᠰᠤᠭᠠᠪᠠᠯ ᠂ ᠵᠥᠪᠬᠡᠨ ᠦᠯᠡᠳᠡᠪᠦᠷᠢ ᠪᠡᠯᠡ ᠮᠥᠩᠭᠦ ᠶᠢ ᠬᠤᠷᠢᠶᠠᠨ |
ᠠᠪᠴᠤ ᠂ ᠨᠢᠭᠡᠨᠲᠡ ᠲᠣᠭᠲᠠᠭᠠᠯ ᠳᠤ ᠨᠡᠶᠢᠴᠡᠬᠦ ᠵᠠᠷᠤᠯᠭ᠎ᠠ ᠶᠢ ᠨᠡᠬᠡᠮᠵᠢᠯᠡᠨ ᠲᠤᠰᠢᠶᠠᠯᠭᠠᠬᠤ ᠦᠭᠡᠢ ᠂ ︽ᠢᠯᠠᠭᠳᠠᠯ ᠢ |
ᠠᠭᠤᠴᠢᠯᠠᠨ ᠪᠠᠭᠲᠠᠭᠠᠬᠤ︾ ᠴᠢᠩᠭ᠎ᠠ ᠳᠣᠬᠢᠶ᠎ᠠ ᠭᠠᠷᠭᠠᠪᠠ ᠃ |
ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ︽ᠪᠤᠳᠠᠭ᠎ᠠ ᠲᠣᠭᠤᠭᠠᠨ ᠳᠤ ᠤᠷᠤᠬᠤ ᠶᠢ |
ᠬᠦᠯᠢᠶᠡᠬᠦ︾ ᠂ ᠪᠡᠯᠡ ᠮᠥᠩᠭᠦ ᠰᠠᠯᠭᠠᠨ ᠥᠭᠬᠦ ᠴᠠᠭ ᠤᠨ ᠬᠢᠵᠠᠭᠠᠷ ᠢ ᠪᠠᠭᠠᠰᠬᠠᠬᠤ ᠶᠢᠨ ᠲᠥᠯᠥᠭᠡ ᠂ ︽ᠠᠷᠭ᠎ᠠ︾ ᠳᠤ |
ᠰᠠᠯᠭᠠᠨ ᠥᠭᠬᠦ ᠴᠠᠭ ᠤᠨ ᠬᠢᠵᠠᠭᠠᠷ ᠢ ᠲᠣᠳᠣᠷᠬᠠᠶᠢᠯᠠᠵᠤ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ |
ᠲᠧᠭᠨᠢᠭ ᠮᠡᠷᠭᠡᠵᠢᠯ ᠤᠨ ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠᠯᠠ |
ᠮᠥᠩᠭᠦ ᠶᠢᠨ ᠭᠦᠢᠴᠡᠳᠬᠡᠯ ᠲᠤᠭ᠎ᠠ ᠶᠢᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ 30 |
ᠡᠳᠦᠷ ᠤᠨ ᠳᠣᠲᠣᠷ᠎ᠠ ᠭᠦᠢᠴᠡᠳᠬᠡᠯ ᠲᠤᠭ᠎ᠠ ᠶᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠪᠠ ᠲᠣᠰ |
ᠱᠠᠲᠤᠨ ᠤ ᠲᠥᠷᠥᠯ ᠵᠦᠢᠯ ᠢ ᠳᠠᠭᠠᠭᠠᠨ ᠡᠭᠦᠷᠭᠡᠯᠡᠬᠦ ᠨᠢᠭᠡᠴᠢ ᠳᠤ ᠪᠠᠭᠤᠯᠭᠠᠨ᠎ᠠ ᠃ ᠠᠶᠢᠮᠠᠭ ᠬᠤᠲᠠ ᠂ ᠬᠤᠰᠢᠭᠤ |
ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠳᠡᠭᠡᠳᠦ ᠱᠠᠲᠤᠨ ᠤ ᠭᠦᠢᠴᠡᠳᠭᠡᠯ ᠲᠤᠭ᠎ᠠ ᠶᠢᠨ ᠪᠢᠴᠢᠭ ᠮᠠᠲ᠋ᠧᠷᠢᠶᠠᠯ ᠢ |
ᠭᠠᠷᠳᠠᠭᠰᠠᠨ ᠤ ᠳᠠᠷᠠᠭ᠎ᠠ 30 ᠡᠳᠦᠷ ᠤᠨ ᠳᠣᠲᠣᠷ᠎ᠠ ᠪᠡᠯᠡ ᠮᠥᠩᠭᠦ ᠪᠠᠨ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ |
ᠨᠢᠭᠡᠴᠢ ᠳᠤ ᠪᠠᠭᠤᠯᠭᠠᠬᠤ ᠬᠡᠷᠡᠭᠲᠡᠶ ᠃ ᠰᠢᠨᠵᠢᠯᠡᠬᠦ ᠤᠬᠠᠭᠠᠨ ᠤ ᠰᠤᠳᠤᠯᠭᠠᠨ ᠤ ᠬᠡᠮᠵᠢᠭᠦᠷᠯᠢᠭ ᠬᠤᠳᠠᠯᠳᠤᠨ ᠠᠪᠬᠤ |
ᠲᠠᠯ᠎ᠠ ᠪᠠᠷ ᠂ ︽ᠣᠨᠴᠠᠭᠠᠢ ᠶᠠᠪᠤᠳᠠᠯ ᠢ ᠣᠨᠴᠠᠭᠠᠢ ᠭᠦᠢᠴᠡᠳᠬᠡᠬᠦ︾ ᠰᠠᠭᠠᠳ ᠦᠭᠡᠢ ᠨᠡᠪᠲᠡᠷᠡᠬᠦ ᠵᠠᠮ ᠢ ᠭᠠᠷᠭᠠᠵᠤ ᠂ |
ᠰᠢᠨᠵᠢᠯᠡᠬᠦ ᠤᠬᠠᠭᠠᠨ ᠤ ᠰᠤᠳᠤᠯᠭᠠᠨ ᠤ ᠪᠠᠴᠢᠮ ᠬᠡᠷᠡᠭᠰᠡᠬᠦ ᠲᠥᠬᠦᠭᠡᠷᠦᠮᠵᠢ ᠪᠠ ᠬᠤᠷᠣᠭᠳᠠᠯ ᠮᠠᠲ᠋ᠧᠷᠢᠶᠠᠯ ᠳᠤ ᠴᠠᠭ |
ᠬᠢᠵᠠᠭᠠᠷᠯᠠᠨ 5 ᠠᠵᠢᠯᠯᠠᠬᠤ ᠡᠳᠦᠷ ᠤᠨ ᠭᠦᠢᠴᠡᠳᠬᠡᠬᠦ ᠲᠦᠷᠢᠮ ᠢ ᠬᠡᠷᠡᠭᠵᠢᠭᠦᠯᠵᠦ ᠂ ᠰᠢᠨ᠎ᠡ ᠶᠢ ᠡᠭᠦᠳᠬᠦ ᠪᠠ |
ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ ᠃ |
|