︽ᠡᠷᠬᠡ ᠲᠡᠭᠰᠢ ᠂ ᠲᠥᠪ ᠭᠤᠣᠯᠴᠢ ᠂ ᠢᠯᠡ ᠲᠣᠳᠣ︾ ᠪᠠᠶᠢᠬᠤ ᠵᠠᠷᠴᠢᠮ ᠶᠣᠰᠣᠭᠠᠷ ᠂ ᠮᠠᠨ ᠤ ᠲᠥᠪ ᠣᠲᠣ |
ᠢᠯᠡ ᠪᠠᠷ ᠳᠠᠭᠠᠭᠠᠴᠢᠯᠠᠯᠲᠠ ᠵᠠᠷᠯᠠᠬᠤ ᠶᠢ ᠤᠷᠤᠯᠠᠨ ᠭᠦᠢᠴᠡᠳᠭᠡᠬᠦ ᠪᠠᠶᠢᠭᠤᠯᠤᠮᠵᠢ ᠶᠢ ᠰᠣᠩᠭᠤᠬᠤ ᠪᠠᠷ ᠳᠠᠮᠵᠢᠭᠤᠯᠤᠨ |
ᠰᠢᠯᠢᠳᠡᠭ ᠢ ᠨᠢ ᠰᠣᠩᠭᠤᠵᠤ ᠳᠠᠭᠠᠭᠠᠴᠢᠯᠠᠯᠲᠠ ᠵᠠᠷᠯᠠᠬᠤ ᠶᠢ ᠤᠷᠤᠯᠠᠨ ᠭᠦᠢᠴᠡᠳᠭᠡᠬᠦ ᠪᠠᠶᠢᠭᠤᠯᠤᠮᠵᠢ ᠶᠢ |
ᠥᠷᠨᠢᠭᠦᠯᠬᠦ ᠪᠠᠷ ᠳᠠᠮᠵᠢᠭᠤᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠤᠰᠤᠨ |
ᠰᠢᠨᠵᠢᠯᠡᠭᠡᠨ ᠤ ᠥᠷᠲᠡᠭᠡ ᠶᠢᠨ ᠭᠤᠤᠯ ᠮᠥᠷᠡᠨ ᠤ ᠭᠤᠤᠯ ᠪᠣᠯᠬᠤ ᠣᠭᠲᠣᠯᠤᠭᠠᠰᠤ ᠶᠢᠨ ᠦᠶᠡᠷ ᠢ ᠰᠡᠷᠭᠡᠶᠢᠯᠡᠬᠦ |
ᠣᠨᠴᠠᠯᠢᠭ ᠤᠨ ᠭᠦᠢᠴᠡᠳᠭᠡᠯ ᠲᠤᠭ᠎ᠠ ᠳᠤ ᠵᠠᠰᠠᠪᠤᠷᠢ ᠣᠷᠣᠭᠤᠯᠬᠤ ᠲᠥᠷᠥᠯ ᠵᠦᠢᠯ ᠤᠨ ᠳᠠᠭᠠᠭᠠᠴᠢᠯᠠᠯᠲᠠ |
ᠵᠠᠷᠯᠠᠬᠤ ᠶᠢ ᠤᠷᠤᠯᠠᠨ ᠭᠦᠢᠴᠡᠳᠭᠡᠬᠦ ᠠᠵᠢᠯ ᠢ ᠦᠷᠨᠢᠭᠦᠯᠪᠡ ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ |
ᠮᠡᠲᠦ ᠵᠠᠷᠯᠠᠶ᠎ᠠ᠄ |
ᠨᠢᠭᠡ ᠂ ᠲᠦᠷᠦᠯ ᠵᠦᠢᠯ ᠤᠨ ᠲᠦᠢᠮᠦ ᠪᠠᠶᠢᠳᠠᠯ |
1. ᠲᠥᠷᠥᠯ ᠵᠦᠢᠯ ᠤᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷᠢᠶ᠎ᠠ |
ᠤᠰᠤᠨ ᠰᠢᠨᠵᠢᠯᠡᠭᠡᠨ ᠤ ᠥᠷᠲᠡᠭᠡ ᠶᠢᠨ ᠭᠤᠤᠯ ᠮᠥᠷᠡᠨ ᠤ ᠭᠤᠤᠯ ᠪᠣᠯᠬᠤ ᠣᠭᠲᠣᠯᠤᠭᠠᠰᠤ ᠶᠢᠨ ᠦᠶᠡᠷ ᠢ |
ᠰᠡᠷᠭᠡᠶᠢᠯᠡᠬᠦ ᠣᠨᠴᠠᠯᠢᠭ ᠤᠨ ᠬᠦᠢᠴᠡᠳᠬᠡᠯ ᠲᠤᠭ᠎ᠠ ᠳᠤ ᠵᠠᠰᠠᠪᠤᠷᠢ ᠣᠷᠣᠭᠤᠯᠬᠤ ᠲᠥᠷᠥᠯ ᠵᠦᠢᠯ ᠃ |
2. ᠬᠡᠷᠡᠭᠵᠢᠭᠦᠯᠬᠦ ᠴᠠᠭ ᠪᠠ ᠭᠠᠵᠠᠷ᠄ 2025 ᠣᠨ ᠂ ᠪᠥᠬᠦ ᠣᠷᠣᠨ ᠤ ᠡᠯ᠎ᠡ ᠠᠶᠢᠮᠠᠭ ᠬᠤᠲᠠ ᠃ |
3. ᠳᠠᠭᠠᠭᠠᠴᠢᠯᠠᠯᠲᠠ ᠵᠠᠷᠯᠠᠬᠤ ᠶᠢ ᠤᠷᠤᠯᠠᠨ ᠭᠦᠢᠴᠡᠳᠭᠡᠬᠦ ᠠᠭᠤᠯᠭ᠎ᠠ᠄ ᠳᠠᠭᠠᠭᠠᠴᠢᠯᠠᠯᠲᠠ ᠵᠠᠷᠯᠠᠬᠤ ᠶᠢ |
ᠤᠷᠤᠯᠠᠨ ᠭᠦᠢᠴᠡᠳᠭᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ ᠂ ᠡᠭᠦᠨ ᠳᠤ ᠳᠠᠭᠠᠭᠠᠴᠢᠯᠠᠯᠲᠠ ᠵᠠᠷᠯᠠᠬᠤ ᠪᠢᠴᠢᠭ |
ᠮᠠᠲ᠋ᠧᠷᠢᠶᠠᠯ ᠲᠣᠭᠲᠠᠭᠠᠬᠤ ᠂ ᠠᠯᠪᠠᠨ ᠵᠠᠷ ᠨᠡᠶᠢᠲᠡᠯᠡᠬᠦ ᠂ ᠲᠥᠷᠥᠯ ᠵᠦᠢᠯ ᠢ ᠥᠷᠨᠢᠭᠦᠯᠬᠦ ᠳᠤᠮᠳᠠᠬᠢ ᠰᠡᠵᠢᠭᠯᠡᠯ ︵ᠬᠡᠷᠪᠡ |
ᠪᠠᠶᠢᠪᠠᠯ︶ ᠢ ᠰᠢᠢᠳᠪᠦᠷᠢᠯᠡᠬᠦ ᠂ ᠳᠠᠭᠠᠭᠠᠴᠢᠯᠠᠯᠲᠠ ᠨᠡᠶᠢᠲᠡᠯᠡᠬᠦ ᠶᠢ ᠵᠣᠬᠢᠶᠠᠨ ᠪᠠᠶᠢᠭᠤᠯᠬᠤ ᠂ ᠳᠠᠭᠠᠭᠠᠴᠢᠯᠠᠯᠲᠠ ᠣᠯᠬᠤ |
ᠮᠡᠳᠡᠭᠳᠡᠯ ᠤᠨ ᠪᠢᠴᠢᠭ ᠲᠠᠷᠬᠠᠭᠠᠬᠤ ᠂ ᠲᠥᠷᠥᠯ ᠵᠦᠢᠯ ᠢ ᠳᠠᠩᠰᠠ ᠡᠪᠬᠡᠮᠡᠯ ᠳᠤ ᠣᠷᠣᠭᠤᠯᠬᠤ ᠵᠡᠷᠭᠡ ᠶᠢ |
ᠪᠠᠭᠲᠠᠭᠠᠭᠰᠠᠨ ᠪᠣᠯᠪᠠᠴᠤ ᠦᠯᠦ ᠬᠢᠵᠠᠭᠠᠷᠯᠠᠨ᠎ᠠ ᠃ |
ᠬᠤᠶᠠᠷ ᠂ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ |
1. ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ |
ᠬᠥᠮᠥᠷᠭᠡ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ ᠃ |
2. ᠲᠤᠰᠠᠭᠠᠷ ᠲᠣᠭᠲᠠᠨᠢᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠡᠷᠬᠡᠪᠰᠢ ᠰᠠᠶᠢᠨ |
ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ ᠂ ᠭᠦᠢᠴᠡᠳ ᠡᠳ᠋ |
ᠬᠥᠷᠥᠩᠭᠡ ᠪᠠ ᠴᠢᠳᠠᠪᠤᠷᠢ ᠲᠠᠢ ᠪᠠᠶᠢᠵᠤ ᠭᠡᠷ᠎ᠡ ᠶᠢ ᠭᠦᠢᠴᠡᠳᠬᠡᠬᠦ ᠬᠡᠷᠡᠭᠲᠡᠢ ᠃ |
ᠭᠤᠷᠪᠠ ᠂ ᠨᠡᠷ᠎ᠡ ᠮᠡᠳᠡᠭᠦᠯᠬᠦ ᠳᠤ ᠬᠠᠩᠭᠠᠬᠤ ᠴᠢᠬᠤᠯᠠᠲᠠᠢ ᠮᠠᠲ᠋ᠧᠷᠢᠶᠠᠯ |
1. ᠨᠡᠷ᠎ᠡ ᠮᠡᠳᠡᠭᠦᠯᠦᠭᠴᠢ ᠠᠴᠠ ᠪᠡᠶ᠎ᠡ ᠶᠢᠨ ᠦᠨᠡᠮᠯᠡᠯ ᠢᠶᠠᠨ ᠭᠠᠷᠭᠠᠵᠤ ᠦᠵᠡᠭᠦᠯᠦᠨ᠎ᠡ ᠂ ᠪᠠᠭᠤᠯᠭᠠᠪᠤᠷᠢ ᠂ |
ᠬᠠᠷᠢᠯᠴᠠᠬᠤ ᠠᠷᠭ᠎ᠠ ᠬᠡᠯᠪᠡᠷᠢ ᠢᠶᠠᠨ ᠬᠠᠩᠭᠠᠨ᠎ᠠ ᠃ |
2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ |
ᠵᠢᠷᠤᠭᠰᠠᠨ ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠢᠶᠠᠨ |
ᠭᠠᠷᠭᠠᠵᠤ ᠥᠭᠭᠦᠨ᠎ᠡ ᠃ |
3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ |
ᠲᠡᠩᠴᠡᠭᠰᠡᠨ ᠨᠢ ᠬᠦᠴᠦᠨ ᠲᠠᠢ ᠮᠥᠷᠲᠡᠭᠡᠨ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ |
ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠨ᠎ᠠ ᠃ |
4. ᠣᠶᠢᠷ᠎ᠠ ᠶᠢᠨ ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦ |
ᠲᠤᠰᠢᠶᠠᠭᠰᠠᠨ ᠭᠡᠷᠡᠴᠢ ᠮᠠᠲ᠋ᠧᠷᠢᠶᠠᠯ ᠂ ᠪᠠᠷᠤᠭ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠭᠠᠶᠢᠯᠢ ᠲᠤᠰᠢᠶᠠᠭᠰᠠᠨ |
ᠭᠡᠷᠡᠴᠢ ᠮᠠᠲ᠋ᠧᠷᠢᠶᠠᠯ ᠢ ᠬᠠᠩᠭᠠᠨ᠎ᠠ ᠃ |
5. 2024 ᠪᠤᠶᠤ 2023 ᠣᠨ ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ |
ᠡᠷᠬᠢᠯᠡᠬᠦ ᠭᠠᠵᠠᠷ ᠤᠨ ᠬᠢᠵᠦ ᠥᠭᠭᠦᠭᠰᠡᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ |
ᠲᠠᠩᠰᠠ ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ ᠭᠡᠷᠡᠴᠢ ᠶᠢ ᠬᠠᠩᠭᠠᠨ᠎ᠠ ᠃ |
6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ |
ᠤᠷᠤᠯᠠᠨ ᠭᠦᠢᠴᠡᠳᠭᠡᠬᠦ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠣᠷᠣᠭᠤᠯᠬᠤ ᠣᠭᠲᠤᠯᠤᠭᠰᠠᠨ ᠵᠢᠷᠤᠭ ᠤᠨ |
ᠭᠡᠷᠡᠴᠢ ᠮᠠᠲ᠋ᠧᠷᠢᠶᠠᠯ ᠢ ᠬᠠᠩᠭᠠᠨ᠎ᠠ ᠃ |
7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ |
ᠢᠲᠡᠭᠡᠮᠵᠢ ᠠᠯᠳᠠᠭᠰᠠᠨ ᠭᠦᠢᠴᠡᠳᠬᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ |
ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠤᠨ ᠣᠭᠲᠤᠯᠤᠭᠰᠠᠨ ᠵᠢᠷᠤᠭ ᠵᠢᠴᠢ ︽ᠳᠤᠮᠳᠠᠳᠤ |
ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠰᠦᠯᠵᠢᠶ᠎ᠡ ︵www.ccgp. |
gov.cn ︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ |
ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠣᠭᠰᠠᠨ ᠵᠢᠷᠤᠭ ᠢ ᠬᠠᠩᠭᠠᠨ᠎ᠠ ᠃ |
8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ |
ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2022 ᠣᠨ ᠤ 1 ᠳ᠋ᠦ᠋ᠭᠡᠷ ᠰᠠᠷ᠎ᠠ ᠶᠢᠨ 1 ᠠᠴᠠ ᠤᠳᠤ ᠪᠣᠯᠲᠠᠯ᠎ᠠ︶ |
ᠬᠡᠭᠡᠯᠢ ᠲᠦᠯᠬᠢᠵᠦ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠯᠠᠪᠯᠠᠭᠰᠠᠨ ᠲᠡᠮᠳᠡᠭᠯᠡᠯ ᠤᠨ ᠣᠭᠲᠤᠯᠤᠭᠠᠰᠤ ᠵᠢᠷᠤᠭ |
ᠦᠭᠡᠢ ᠃ |
ᠳᠥᠷᠪᠡ ᠂ ᠨᠡᠷ᠎ᠡ ᠮᠡᠳᠡᠭᠦᠯᠬᠦ ᠴᠠᠭ ᠂ ᠭᠠᠵᠠᠷ ᠣᠷᠣᠨ |
ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠳᠠᠭᠠᠭᠠᠴᠢᠯᠠᠯᠲᠠ ᠵᠠᠷᠯᠠᠬᠤ ᠶᠢ ᠤᠷᠤᠯᠠᠨ ᠭᠦᠢᠴᠡᠳᠭᠡᠬᠦ |
ᠪᠠᠶᠢᠭᠤᠯᠤᠮᠵᠢ ᠨᠢ 2025 ᠣᠨ ᠤ 3 ᠳ᠋ᠤᠭᠠᠷ ᠰᠠᠷ᠎ᠠ ᠶᠢᠨ 18 ᠤ ᠡᠳᠦᠷ ᠠᠴᠠ 2025 ᠣᠨ ᠤ 03 ᠰᠠᠷ᠎ᠠ ᠶᠢᠨ |
20 ᠤ ᠡᠳᠦᠷ ᠪᠣᠯᠲᠠᠯ᠎ᠠ ᠂ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 — 12᠄ 00 ᠴᠠᠭ ᠂ |
ᠦᠳᠡ ᠶᠢᠨ ᠬᠤᠶᠢᠨ᠎ᠠ 14᠄ 30 — 17᠄ 00 ᠴᠠᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠲᠤ ᠬᠦᠷᠴᠦ ᠨᠡᠷ᠎ᠡ ᠮᠡᠳᠡᠭᠦᠯᠬᠦ |
ᠮᠠᠲ᠋ᠧᠷᠢᠶᠠᠯ ᠢᠶᠠᠨ ᠲᠤᠰᠢᠶᠠᠭᠠᠷᠠᠢ ᠃ |
ᠲᠠᠪᠤ ᠂ ᠬᠠᠷᠢᠯᠴᠠᠬᠤ ᠠᠷᠭ᠎ᠠ ᠮᠠᠶ᠋ᠢᠭ |
ᠨᠢᠭᠡᠴᠢ ᠶᠢᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ |
ᠤᠰᠤᠨ ᠤ ᠡᠬᠢ ᠰᠤᠷᠪᠤᠯᠵᠢ ᠶᠢᠨ ᠲᠥᠪ |
ᠨᠡᠷ᠎ᠡ ᠮᠡᠳᠡᠭᠦᠯᠬᠦ ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠡᠭᠡ ᠰᠤᠷᠭᠠᠭᠤᠯᠢ ᠶᠢᠨ ᠵᠡᠭᠦᠨ ᠵᠠᠮ ᠤᠨ |
120 ᠳ᠋ᠤᠭᠠᠷ ᠤᠨ ᠳᠥᠷᠪᠡᠳᠦᠭᠡᠷ ᠳᠠᠪᠬᠤᠷᠭ᠎ᠠ ᠶᠢᠨ 421 ᠲᠠᠰᠤᠭ |
ᠰᠢᠦᠳᠠᠨ ᠨᠣᠮᠧᠷ᠄ 010010 |
ᠬᠠᠷᠢᠯᠴᠠᠬᠤ ᠬᠥᠮᠦᠨ᠄ ᠹᠠᠨ ᠭᠦᠸᠧ ᠵᠢᠶᠦ᠋ᠨ ᠂ ᠯᠢ ᠬᠤᠩ ᠺᠦᠨ |
ᠬᠠᠷᠢᠯᠴᠠᠬᠤ ᠤᠲᠠᠰᠤ᠄ 0471 – 3698752 ᠂ 13394894521 |
|