3 ᠳ᠋ᠤᠭᠠᠷ ᠰᠠᠷ᠎ᠠ ᠶᠢᠨ 15 ᠤ ᠡᠳᠦᠷ ᠂ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ ᠣᠶᠤᠨ ᠤ |
ᠬᠥᠮᠥᠷᠭᠡ ᠶᠢᠨ ᠴᠢᠨᠠᠷ ᠰᠠᠶᠢᠲᠠᠶ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠥᠪᠥᠷ ᠮᠣᠩᠭᠤᠯ ᠤᠨ ᠠᠵᠤ |
ᠦᠢᠯᠡᠳᠪᠦᠷᠢ ᠶᠢᠨ ᠶᠡᠭᠡ ᠰᠤᠷᠭᠠᠭᠤᠯᠢ ᠳᠤ ᠶᠠᠪᠤᠭᠳᠠᠵᠤ ᠂ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ |
ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠳᠤ ᠦᠢᠯᠡᠴᠢᠯᠡᠬᠦ ᠵᠥᠪᠯᠡᠯᠭᠡ ᠥᠭᠬᠦ ᠴᠢᠳᠠᠪᠤᠷᠢ ᠪᠠ ᠬᠢᠷᠢ |
ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ ᠶᠤᠮ ᠃ |
ᠤᠶᠤᠨ ᠤ ᠬᠥᠮᠥᠷᠭᠡ ᠪᠣᠯ ᠤᠯᠤᠰ ᠤᠨ ᠣᠳᠣᠬᠢᠴᠢᠯᠠᠯᠲᠠ ᠶᠢ ᠵᠠᠰᠠᠬᠤ ᠴᠢᠬᠤᠯᠠ ᠲᠤᠯᠭᠠᠭᠤᠷᠢᠯᠠᠯ ᠮᠥᠨ ᠂ |
ᠶᠡᠭᠡ ᠳᠡᠭᠡᠳᠦ ᠰᠤᠷᠭᠠᠭᠤᠯᠢ ᠶᠢᠨ ᠤᠶᠤᠨ ᠤ ᠬᠥᠮᠥᠷᠭᠡ ᠨᠢ ᠳᠤᠮᠳᠠᠳᠤ ᠤᠯᠤᠰ ᠤᠨ ᠣᠨᠴᠠᠯᠢᠭ ᠪᠦᠬᠦᠢ ᠰᠢᠨ᠎ᠡ |
ᠬᠡᠯᠪᠡᠷᠢ ᠶᠢᠨ ᠤᠶᠤᠨ ᠤ ᠬᠥᠮᠥᠷᠭᠡ ᠪᠣᠯᠤᠭᠰᠠᠨ ᠤ ᠬᠤᠪᠢ ᠳᠤ ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ |
ᠦᠢᠯᠡᠴᠢᠯᠡᠬᠦ ᠪᠠ ᠬᠥᠭᠵᠢᠯᠲᠡ ᠶᠢ ᠬᠦᠳᠦᠯᠦᠨ ᠳᠠᠭᠠᠭᠤᠯᠬᠤ ᠳᠠᠪᠬᠤᠷ ᠡᠭᠦᠷᠭᠡ ᠶᠢ ᠡᠭᠦᠷᠭᠡᠯᠡᠵᠦ ᠪᠠᠶᠢᠨ᠎ᠠ ᠃ |
ᠣᠳᠣᠬᠠᠨ ᠳᠤ ᠂ ᠥᠪᠥᠷ ᠮᠣᠩᠭᠤᠯ ᠶᠠᠭ ᠬᠤᠶᠠᠷ ᠶᠡᠭᠡ ᠶᠠᠪᠤᠳᠠᠯ ᠤᠨ ᠲᠣᠭᠤᠷᠢᠨ ᠳᠤ ᠂ ︽ᠵᠢᠷᠭᠤᠭᠠᠨ |
ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ |
ᠥᠷᠨᠢᠭᠦᠯᠵᠦ ᠂ ᠰᠢᠨ᠎ᠡ ᠵᠠᠮ ᠨᠡᠬᠡᠬᠡᠵᠦ ᠳᠤᠮᠳᠠ ᠲᠦᠪᠰᠢᠨ ᠳᠤ ᠳᠠᠪᠰᠢᠬᠤ ᠶᠢ ᠪᠦᠬᠦ ᠬᠦᠴᠦᠨ ᠢᠶᠠᠷ ᠢᠶᠠᠨ |
ᠠᠬᠢᠭᠤᠯᠵᠤ ᠂ ᠶᠡᠭᠡ ᠳᠡᠭᠡᠳᠦ ᠰᠤᠷᠭᠠᠭᠤᠯᠢ ᠶᠢᠨ ᠤᠶᠤᠨ ᠤ ᠬᠥᠮᠥᠷᠭᠡ ᠶᠢᠨ ᠪᠣᠭᠤᠮᠲᠠ ᠰᠢᠪᠲᠤᠯᠵᠤ ᠠᠰᠠᠭᠤᠳᠠᠯ ᠢ |
ᠰᠢᠢᠳᠪᠦᠷᠢᠯᠡᠬᠦ ᠶᠢ ᠲᠤᠯᠭᠠᠮ ᠱᠠᠭᠠᠷᠳᠠᠵᠤ ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ |
ᠪᠣᠭᠤᠮᠢ ᠰᠢᠪᠲᠤᠯᠬᠤ ᠂ ᠬᠡᠯᠪᠡᠷᠢ ᠪᠠᠨ ᠬᠤᠪᠢᠷᠠᠭᠤᠯᠬᠤ ᠠᠵᠠ ᠲᠣᠬᠢᠶᠠᠯ ᠢ ᠵᠠᠪᠳᠤᠬᠤ ᠳᠤ ᠨᠠᠷᠢᠯᠢᠭ ᠣᠨᠣᠴᠠᠲᠠᠢ |
ᠬᠠᠨᠳᠤᠯᠭᠠᠲᠤ ᠤᠶᠤᠨ ᠤ ᠳᠡᠮᠵᠢᠯᠭᠡ ᠬᠠᠩᠭᠠᠪᠠ ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ |
ᠲᠢᠩᠬᠢᠮ ᠠᠩᠬ᠎ᠠ ᠪᠦᠯᠦᠭ ᠥᠪᠥᠷ ᠮᠣᠩᠭᠤᠯ ᠤᠨ ᠶᠡᠭᠡ ᠰᠤᠷᠭᠠᠭᠤᠯᠢ ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ |
ᠰᠤᠷᠭᠠᠭᠤᠯᠢ ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠂ ᠥᠪᠥᠷ ᠮᠣᠩᠭᠤᠯ ᠤᠨ |
ᠪᠠᠭᠰᠢ ᠶᠢᠨ ᠶᠡᠭᠡ ᠰᠤᠷᠭᠠᠭᠤᠯᠢ ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ |
ᠵᠡᠷᠭᠡ 5 ᠣᠶᠤᠨ ᠤ ᠬᠥᠮᠥᠷᠭᠡ ᠶᠢᠨ ᠬᠤᠪᠢᠶᠠᠷᠢ ᠬᠥᠮᠥᠷᠭᠡ ᠶᠢ ᠪᠠᠶᠢᠭᠤᠯᠵᠤ ᠂ ᠣᠶᠤᠨ ᠤ ᠬᠥᠮᠥᠷᠭᠡ ᠶᠢᠨ ᠶᠡᠷᠦᠩᠬᠡᠶ |
ᠬᠥᠮᠥᠷᠭᠡ ᠶᠢ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠲᠣᠬᠢᠷᠠᠭᠤᠯᠪᠠ ᠃ |
ᠲᠣᠰ ᠤᠳᠠᠭᠠᠨ ᠤ ᠶᠡᠭᠡ ᠬᠤᠷᠠᠯ ᠳᠤ ᠪᠥᠬᠦ ᠣᠷᠣᠨ ᠤ 36 ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ |
ᠤᠬᠠᠭᠠᠨ ᠲᠧᠭᠨᠢᠭ ᠮᠡᠷᠭᠡᠵᠢᠯ ᠤᠨ ᠭᠠᠵᠠᠷ ᠤᠨ ᠬᠠᠷᠢᠭᠤᠴᠠᠯᠭᠠᠲᠠᠨ ᠂ ᠰᠠᠭᠤᠷᠢᠨ ᠭᠠᠵᠠᠷ ᠤᠨ ᠲᠠᠪᠴᠠᠩ ᠤᠨ |
ᠬᠠᠷᠢᠭᠤᠴᠠᠯᠭᠠᠲᠠᠨ ᠂ ᠳᠡᠭᠡᠳᠦ ᠰᠤᠷᠭᠠᠭᠤᠯᠢ ᠶᠢᠨ ᠵᠠᠬᠢᠷᠤᠯ ᠪᠣᠯᠤᠨ ᠣᠶᠤᠨ ᠤ ᠬᠥᠮᠥᠷᠭᠡ ᠶᠢᠨ ᠭᠤᠤᠯᠯᠠᠭᠴᠢ ᠪᠠᠭᠰᠢ |
300 ᠭᠠᠷᠤᠶ ᠬᠥᠮᠦᠨ ᠣᠷᠣᠯᠴᠠᠵᠠᠶ ᠃ ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ |
ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠵᠦ ᠰᠢᠶᠤᠤ ᠵᠢᠶᠦ᠋ᠨ ᠂ ᠳᠤᠮᠳᠠᠳᠤ ᠤᠯᠤᠰ ᠤᠨ |
ᠳᠦᠷᠢᠮ ᠤᠨ ᠬᠡᠯᠪᠡᠷᠢ ᠶᠢᠨ ᠨᠡᠭᠡᠭᠡᠯᠲᠡ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠸᠠᠩ ᠶᠢᠨ ᠂ ᠪᠸᠢ |
ᠴᠧᠨ ᠣᠶᠤᠨ ᠤ ᠬᠥᠮᠥᠷᠭᠡ ᠶᠢᠨ ᠲᠡᠷᠢᠭᠦᠨ ᠲᠤᠰᠬᠠᠶ ᠮᠡᠷᠭᠡᠵᠢᠯᠲᠡᠨ ᠤ ᠵᠣᠬᠢᠶᠠᠯ ᠤᠨ ᠰᠤᠷᠲᠠᠯ ᠵᠡᠷᠭᠡ 3 ᠣᠶᠤᠨ ᠤ |
ᠬᠥᠮᠥᠷᠭᠡ ᠶᠢᠨ ᠬᠢᠷᠢ ᠬᠡᠮ ᠤᠨ ᠲᠤᠰᠬᠠᠶ ᠮᠡᠷᠭᠡᠵᠢᠯᠲᠡᠨ ︽ᠥᠪᠥᠷ ᠮᠣᠩᠭᠤᠯ ᠤᠨ ᠨᠡᠶᠢᠭᠡᠮ ᠤᠨ ᠠᠵᠤ ᠠᠬᠤᠶ ᠶᠢᠨ |
ᠬᠥᠭᠵᠢᠯᠲᠡ ᠳᠠᠬᠢ ᠣᠶᠤᠨ ᠤ ᠬᠥᠮᠥᠷᠭᠡ ᠶᠢᠨ ᠬᠦᠰᠡᠯ︾ ᠂ ︽ᠶᠡᠭᠡ ᠳᠡᠭᠡᠳᠦ ᠰᠤᠷᠭᠠᠭᠤᠯᠢ ᠶᠢᠨ ᠣᠶᠤᠨ ᠤ |
ᠬᠥᠮᠥᠷᠭᠡ ᠶᠢᠨ ᠮᠡᠳᠡᠭᠦᠯᠦᠯᠲᠡ ᠶᠢᠨ ᠭᠤᠤᠯ ᠡᠯᠧᠮᠧᠨ᠋ᠲ᠄ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠂ ᠲᠤᠭ᠎ᠠ |
ᠪᠠᠷᠢᠮᠲᠠ ᠶᠢᠨ ᠲᠤᠯᠭᠠᠭᠤᠷᠢᠯᠠᠯ ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ︾ ᠂ ︽ᠣᠶᠤᠨ ᠤ ᠬᠥᠮᠥᠷᠭᠡ ᠶᠢᠨ |
ᠮᠡᠳᠡᠭᠦᠯᠦᠯᠲᠡ ᠳᠤ ᠪᠢᠴᠢᠭᠰᠡᠨ ᠲᠤᠷᠰᠢᠯᠭ᠎ᠠ ᠬᠢᠭᠡᠳ ᠪᠣᠳᠣᠯᠬᠢᠯᠠᠯ︾ ᠭᠡᠬᠦ ᠰᠡᠳᠦᠪ ᠢᠶᠠᠷ ᠲᠤᠰᠬᠠᠶ ᠰᠡᠳᠦᠪᠲᠦ |
ᠮᠡᠳᠡᠭᠦᠯᠦᠯᠲᠡ ᠬᠢᠵᠦ ᠂ ᠶᠡᠭᠡ ᠳᠡᠭᠡᠳᠦ ᠰᠤᠷᠭᠠᠭᠤᠯᠢ ᠶᠢᠨ ᠣᠶᠤᠨ ᠤ ᠬᠥᠮᠥᠷᠭᠡ ᠶᠢᠨ ᠰᠡᠳᠦᠪ ᠰᠣᠩᠭᠤᠬᠤ ᠪᠠ |
ᠦᠢᠯᠡᠴᠢᠯᠡᠬᠦ ᠴᠢᠭᠯᠡᠯ ᠂ ᠣᠶᠤᠨ ᠤ ᠬᠥᠮᠥᠷᠭᠡ ᠶᠢᠨ ᠠᠷᠭ᠎ᠠ ᠶᠢᠨ ᠣᠨᠣᠯ ᠤᠨ ᠵᠢᠯᠣᠭᠤᠳᠣᠯᠭ᠎ᠠ ᠂ ᠪᠢᠴᠢᠬᠦ |
ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠠᠴᠠ ᠲᠤᠷᠰᠢᠯᠭ᠎ᠠ ᠪᠠᠨ ᠬᠤᠪᠢᠶᠠᠯᠴᠠᠪᠠ ᠃ |
ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠶᠡᠭᠡ ᠳᠡᠭᠡᠳᠦ |
ᠰᠤᠷᠭᠠᠭᠤᠯᠢ ᠶᠢᠨ ᠣᠶᠤᠨ ᠤ ᠬᠥᠮᠥᠷᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠪᠠᠶᠢᠷᠢᠯᠠᠭᠤᠯᠵᠤ ᠂ ᠪᠣᠳᠠᠲᠠᠶ |
ᠱᠠᠭᠠᠷᠳᠠᠯᠭ᠎ᠠ ᠪᠠ ᠬᠠᠷᠠᠯᠲᠠ ᠴᠢᠭᠯᠡᠯ ᠢᠶᠠᠨ ᠲᠣᠳᠣᠷᠬᠠᠶᠢᠯᠠᠨ ᠂ ᠥᠪᠥᠷ ᠮᠣᠩᠭᠤᠯ ᠤᠨ ᠶᠡᠭᠡ ᠳᠡᠭᠡᠳᠦ |
ᠰᠤᠷᠭᠠᠭᠤᠯᠢ ᠶᠢᠨ ᠣᠶᠤᠨ ᠤ ᠬᠥᠮᠥᠷᠭᠡ ᠨᠢ ︽ᠤᠮᠠᠷᠠᠲᠤ ᠬᠢᠯᠢ ᠳᠤ ᠭᠦᠨ ᠬᠠᠭᠠᠯᠪᠤᠷᠢᠯᠠᠵᠤ ᠂ ᠶᠡᠭᠡ ᠲᠠᠯ᠎ᠠ ᠳᠤ |
ᠦᠢᠯᠡᠴᠢᠯᠡᠬᠦ︾ ᠡᠭᠦᠷᠭᠡᠲᠦ ᠰᠡᠳᠬᠢᠯᠭᠡ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ |
ᠣᠷᠳᠣᠨ ᠤ ︽ᠪᠠᠶᠢᠯᠳᠤᠬᠤ ᠪᠣᠳᠣᠯᠭ᠎ᠠ ᠶᠢᠨ ᠱᠲ᠋ᠠᠪ ᠤᠨ ᠭᠠᠵᠠᠷ︾ ᠂ ᠲᠥᠷᠥ ᠶᠢᠨ ᠪᠣᠳᠣᠯᠭ᠎ᠠ ᠶᠢᠨ ᠲᠠᠯ᠎ᠠ ᠪᠠᠷ |
ᠰᠢᠨ᠎ᠡ ᠶᠢ ᠡᠭᠦᠳᠬᠦ ︽ᠦᠵᠡᠯ ᠰᠠᠨᠠᠭᠠᠨ ᠤ ᠨᠡᠪᠴᠢᠭᠦᠯᠦᠬᠦᠷ︾ ᠪᠣᠯᠬᠤ ᠶᠢ ᠱᠠᠭᠠᠷᠳᠠᠪᠠ ᠃ |
|