3 ᠰᠠᠷ᠎ᠠ ᠶᠢᠨ 17 ᠤ ᠡᠳᠦᠷ᠂ ᠪᠦᠭᠦ ᠣᠷᠣᠨ ᠤ ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠪᠠ |
ᠴᠣᠭᠴᠠᠯᠠᠯᠲᠠ ᠶᠢᠨ ᠢᠨᠵᠧᠨᠧᠷᠢᠩ ᠤᠨ ᠠᠵᠢᠯ ᠢ ᠠᠬᠢᠭᠤᠯᠬᠤ ᠬᠤᠷᠠᠯ ᠭᠦᠭᠡᠬᠤᠲᠠ ᠳᠤ ᠬᠤᠷᠠᠯᠳᠤᠪᠠ᠃ ᠬᠤᠷᠠᠯ |
ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠮᠠᠷᠺᠰ ᠤᠨ ᠦᠵᠡᠯ ᠤᠨ ᠣᠨᠣᠯ ᠤᠨ |
ᠰᠤᠳᠤᠯᠭᠠᠨ ᠪᠠ ᠴᠣᠭᠴᠠᠯᠠᠯᠲᠠ ᠶᠢᠨ ᠢᠨᠵᠧᠨᠧᠷᠢᠩ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ |
ᠭᠦᠨᠵᠡᠭᠡᠢ ᠰᠤᠷᠤᠯᠴᠠᠵᠤ᠂ ᠲᠥᠪ ᠤᠨ ᠮᠠᠷᠺᠰ ᠤᠨ ᠦᠵᠡᠯ ᠤᠨ ᠣᠨᠣᠯ ᠤᠨ ᠰᠤᠳᠤᠯᠭᠠᠨ ᠪᠠ ᠴᠣᠭᠴᠠᠯᠠᠯᠲᠠ ᠶᠢᠨ |
ᠢᠨᠵᠧᠨᠧᠷᠢᠩ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ |
ᠣᠷᠣᠨ ᠤ ᠨᠠᠮ ᠤᠨ ᠰᠢᠨ᠎ᠡ ᠶᠢ ᠡᠭᠦᠳᠬᠦ ᠣᠨᠣᠯ ᠤᠨ ᠰᠤᠷᠤᠯᠴᠠᠯᠭ᠎ᠠ ᠤᠬᠠᠭᠤᠯᠭ᠎ᠠ ᠶᠢᠨ ᠠᠵᠢᠯ ᠢ ᠠᠬᠢᠭᠤᠯᠬᠤ |
ᠲᠤᠬᠠᠢ ᠰᠤᠳᠤᠯᠤᠨ ᠪᠠᠶᠢᠷᠢᠯᠠᠭᠤᠯᠪᠠ᠃ |
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ |
ᠬᠡᠯᠲᠡᠰ ᠤᠨ ᠳᠠᠷᠤᠭ᠎ᠠ ᠪᠦᠦ ᠰᠢᠶᠠᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ |
ᠬᠤᠷᠠᠯ ᠠᠴᠠ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ |
ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ |
ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠰᠤᠳᠤᠯᠵᠤ ᠤᠬᠠᠭᠤᠯᠬᠤ ᠦᠨᠳᠦᠰᠦᠨ ᠡᠭᠦᠷᠭᠡ ᠶᠢ ᠦᠨᠡᠨ |
ᠬᠦ ᠡᠭᠦᠷᠭᠡᠯᠡᠵᠦ᠂ ᠰᠤᠳᠤᠯᠭᠠᠨ ᠤ ᠴᠢᠭᠯᠡᠯ ᠢ ᠡᠵᠡᠮᠳᠡᠨ᠂ ᠰᠢᠨᠵᠢᠯᠡᠭᠡᠨ ᠤ ᠰᠠᠯᠠᠭᠠᠨ ᠤ ᠣᠨᠴᠠᠯᠢᠭ ᠢ ᠲᠣᠪᠤᠶᠢᠯᠭᠠᠨ᠂ |
ᠮᠠᠨ ᠤ ᠣᠷᠣᠨ ᠤ ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠤ ᠲᠦᠪᠰᠢᠨ ᠪᠣᠯᠣᠨ ᠨᠥᠯᠥᠭᠡᠯᠡᠬᠦ ᠬᠦᠴᠦᠨ ᠢ |
ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠤᠨᠤᠯ ᠤᠨ ᠰᠤᠷᠤᠯᠴᠠᠯᠭ᠎ᠠ ᠤᠬᠠᠭᠤᠯᠭ᠎ᠠ ᠶᠢᠨ ᠴᠢᠭᠯᠡᠭᠦᠯᠦᠯᠲᠦ ᠴᠢᠨᠠᠷ᠂ |
ᠪᠣᠳᠠᠲᠠᠢ ᠦᠷ᠎ᠡ ᠪᠦᠲᠦᠮᠵᠢᠲᠦ ᠴᠢᠨᠠᠷ ᠢ ᠴᠢᠩᠭᠠᠳᠬᠠᠨ᠂ ᠢᠯᠡ ᠲᠣᠳᠣ ᠣᠨᠴᠠᠯᠢᠭ ᠪᠦᠬᠦᠢ ᠶᠡᠭᠡ ᠳᠡᠭᠡᠳᠦ |
ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠵᠢᠭᠰᠠᠭᠠᠯ ᠤᠨ ᠭᠠᠵᠠᠷ ᠢ ᠪᠠᠶᠢᠭᠤᠯᠵᠤ᠂ |
ᠪᠦᠭᠦ ᠣᠷᠣᠨ ᠤ ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠪᠣᠯᠣᠨ ᠴᠣᠭᠴᠠᠯᠠᠯᠲᠠ ᠶᠢᠨ ᠠᠵᠢᠯ ᠤᠨ ᠰᠢᠨ᠎ᠡ |
ᠪᠠᠶᠢᠳᠠᠯ ᠢ ᠲᠠᠰᠤᠷᠠᠯᠲᠠ ᠦᠭᠡᠢ ᠡᠭᠦᠳᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ |
ᠮᠣᠩᠭᠤᠯ ᠤᠨ ᠦᠢᠯᠡᠳᠦᠯᠭᠡ ᠳᠤ ᠪᠠᠲᠤ ᠴᠢᠩᠭ᠎ᠠ ᠤᠨᠤᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ |
ᠴᠢᠬᠤᠯᠠᠴᠢᠯᠠᠪᠠ᠃ |
ᠬᠤᠷᠠᠯ ᠳᠡᠭᠡᠷ᠎ᠡ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ |
ᠨᠡᠶᠢᠭᠡᠮ ᠤᠨ ᠰᠢᠨᠵᠢᠯᠡᠬᠦ ᠤᠬᠠᠭᠠᠨ ᠤ ᠲᠥᠯᠦᠪᠵᠢᠭᠦᠯᠭᠡ ᠶᠢᠨ ᠲᠥᠷᠥᠯ ᠵᠦᠢᠯ ᠤᠨ ᠮᠠᠷᠺᠰ ᠤᠨ ᠦᠵᠡᠯ ᠤᠨ |
ᠣᠨᠣᠯ ᠤᠨ ᠰᠤᠳᠤᠯᠭᠠᠨ ᠪᠠ ᠴᠣᠭᠴᠠᠯᠠᠯᠲᠠ ᠶᠢᠨ ᠢᠨᠵᠧᠨᠧᠷᠢᠩ ᠤᠨ ᠲᠤᠰᠬᠠᠢ ᠰᠡᠳᠦᠪ ᠤᠨ ᠳᠠᠭᠠᠭᠠᠴᠢᠯᠠᠯᠲᠠ |
ᠵᠠᠷᠯᠠᠬᠤ ᠠᠯᠪᠠᠨ ᠵᠠᠷ ᠢ ᠨᠡᠶᠢᠲᠡᠯᠡᠪᠡ᠃ |
|
|
|