ᠰᠢᠨᠬᠤᠸᠠ ᠬᠤᠷᠢᠶ᠎ᠠ ᠶᠢᠨ ᠭᠦᠢᠶᠠᠩ ᠤᠨ 3 ᠰᠠᠷ᠎ᠠ ᠶᠢᠨ 18 ᠤ ᠴᠠᠭᠢᠯᠭᠠᠨ ᠮᠡᠳᠡᠭᠡᠳᠤᠮᠳᠠᠳᠤ ᠤᠯᠤᠰ ᠤᠨ |
ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ |
ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠭᠦᠢᠵᠧᠦ ᠳᠤ ᠰᠢᠨᠵᠢᠯᠡᠨ |
ᠪᠠᠶᠢᠴᠠᠭᠠᠬᠤ ᠳᠠᠭᠠᠨ ᠂ ᠭᠦᠢᠵᠧᠦ ᠮᠤᠵᠢ ᠶᠢᠨ ᠬᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠ |
ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶ᠎ᠠ ᠶᠢᠨ |
ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠴᠢᠨᠠᠷ ᠰᠠᠶᠢᠲᠠᠢ |
ᠬᠥᠭᠵᠢᠯᠲᠡ ᠪᠠᠷ ᠪᠦᠭᠦ ᠲᠠᠯ᠎ᠠ ᠶᠢ ᠬᠠᠮᠤᠷᠬᠤ ᠶᠢ ᠪᠠᠷᠢᠮᠲᠠᠯᠠᠵᠤ ᠂ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ |
ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠤ ᠂ ᠢᠲᠡᠭᠡᠯ ᠵᠣᠷᠢᠭ ᠢᠶᠠᠨ |
ᠪᠠᠲᠤᠳᠬᠠᠵᠤ ᠂ ᠰᠢᠷᠭᠠᠭᠤ ᠠᠵᠢᠯᠯᠠᠨ ᠪᠣᠳᠠᠲᠠᠢ ᠠᠵᠢᠯᠯᠠᠵᠤ ᠂ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ ᠂ |
ᠴᠢᠳᠠᠮᠠᠭᠠᠢ ᠠᠵᠢᠯᠯᠠᠨ ᠴᠢᠳᠠᠮᠠᠭᠠᠢ ᠪᠠᠷ ᠠᠮᠵᠢᠯᠲᠠ ᠪᠦᠲᠦᠮᠵᠢ ᠭᠠᠷᠭᠠᠵᠤ ᠂ ᠳᠤᠮᠳᠠᠳᠤ ᠤᠯᠤᠰ ᠤᠨ ᠮᠠᠶ᠋ᠢᠭ ᠤᠨ |
ᠣᠳᠣᠬᠢᠴᠢᠯᠠᠯᠲᠠ ᠶᠢᠨ ᠠᠬᠢᠴᠠ ᠳᠤᠮᠳᠠ ᠭᠦᠢᠵᠧᠦ ᠶᠢᠨ ᠰᠢᠨ᠎ᠡ ᠵᠢᠪᠬᠤᠭ᠎ᠠ ᠶᠢ ᠢᠯᠡᠷᠡᠭᠦᠯᠬᠦ ᠬᠡᠷᠡᠭᠲᠡᠢ ᠭᠡᠵᠦ |
ᠴᠢᠬᠤᠯᠠᠴᠢᠯᠠᠪᠠ ᠃ |
|
|
|
|
|
3 ᠰᠠᠷ᠎ᠠ ᠶᠢᠨ 17 ᠠᠴᠠ 18 ᠤ ᠡᠳᠦᠷ ᠪᠤᠯᠲᠠᠯ᠎ᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ |
ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ |
ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠦᠢᠵᠧᠦ ᠳᠤ ᠰᠢᠨᠵᠢᠯᠡᠨ ᠪᠠᠶᠢᠴᠠᠭᠠᠪᠠ ᠃ ᠵᠢᠷᠤᠭ ᠪᠣᠯ 17 ᠤ |
ᠦᠳᠡ ᠶᠢᠨ ᠬᠤᠶᠢᠨ᠎ᠠ ᠂ ᠰᠢ ᠶᠢᠨ ᠫᠢᠩ ᠭᠦᠢᠵᠧᠦ ᠶᠢᠨ ᠵᠡᠭᠦᠨ ᠡᠮᠦᠨᠡᠲᠦ ᠵᠧᠦ ᠶᠢᠨ ᠯᠢ ᠫᠢᠩ ᠰᠢᠶᠠᠨ ᠤ ᠵᠤᠤ |
ᠰᠢᠩ ᠤᠨ ᠳ᠋ᠦᠩ ᠦᠨᠳᠦᠰᠦᠲᠡᠨ ᠤ ᠴᠠᠶᠢᠵᠠ ᠳᠤ ᠬᠦᠷᠴᠦ ᠰᠢᠨᠵᠢᠯᠡᠨ ᠪᠠᠶᠢᠴᠠᠭᠠᠬᠤ ᠳᠠᠭᠠᠨ ᠲᠣᠰᠬᠤᠨ ᠤ |
ᠠᠷᠠᠳ ᠲᠠᠢ ᠳᠣᠲᠣᠨᠣ ᠶᠠᠷᠢᠯᠴᠠᠵᠤ ᠪᠠᠶᠢᠭ᠎ᠠ ᠨᠢ ᠃ |
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ |
3 ᠰᠠᠷ᠎ᠠ ᠶᠢᠨ 17 ᠠᠴᠠ 18 ᠤ ᠡᠳᠦᠷ ᠪᠤᠯᠲᠠᠯ᠎ᠠ ᠂ ᠰᠢ ᠶᠢᠨ ᠫᠢᠩ ᠭᠦᠢᠵᠧᠦ ᠮᠤᠵᠢ ᠶᠢᠨ ᠨᠠᠮ ᠤᠨ |
ᠬᠤᠷᠢᠶ᠎ᠠ ᠶᠢᠨ ᠱᠦᠵᠢ ᠰᠢᠦᠢ ᠯᠢᠨ ᠪᠣᠯᠣᠨ ᠮᠤᠵᠢ ᠶᠢᠨ ᠳᠠᠷᠤᠭ᠎ᠠ ᠯᠢ ᠪᠢᠩ ᠵᠢᠶᠦ᠋ᠨ ᠤ ᠪᠠᠷ᠎ᠠ ᠪᠤᠯᠤᠯᠭ᠎ᠠ ᠲᠠᠢ ᠪᠠᠷ |
ᠤᠷᠢᠳ ᠬᠤᠵᠢᠳ ᠭᠦᠢᠵᠧᠦ ᠶᠢᠨ ᠵᠡᠭᠦᠨ ᠡᠮᠦᠨᠡᠲᠦ ᠶᠢᠨ ᠮᠢᠶᠣᠣ ᠦᠨᠳᠦᠰᠦᠲᠡᠨ ᠳ᠋ᠦᠩ ᠦᠨᠳᠦᠰᠦᠲᠡᠨ ᠤ |
ᠥᠪᠡᠷᠲᠡᠭᠡᠨ ᠵᠠᠰᠠᠬᠤ ᠵᠧᠦ ᠂ ᠭᠦᠢᠶᠠᠩ ᠬᠤᠳᠠ ᠵᠡᠷᠭᠡ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠪᠠ ᠃ |
|
|
|
|
|
3 ᠰᠠᠷ᠎ᠠ ᠶᠢᠨ 17 ᠠᠴᠠ 18 ᠤ ᠡᠳᠦᠷ ᠪᠤᠯᠲᠠᠯ᠎ᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ |
ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ |
ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠦᠢᠵᠧᠦ ᠳᠤ ᠰᠢᠨᠵᠢᠯᠡᠨ ᠪᠠᠶᠢᠴᠠᠭᠠᠪᠠ ᠃ ᠵᠢᠷᠤᠭ ᠪᠣᠯ 17 ᠤ |
ᠦᠳᠡ ᠶᠢᠨ ᠬᠤᠶᠢᠨ᠎ᠠ ᠂ ᠰᠢ ᠶᠢᠨ ᠫᠢᠩ ᠭᠦᠢᠵᠧᠦ ᠶᠢᠨ ᠵᠡᠭᠦᠨ ᠡᠮᠦᠨᠡᠲᠦ ᠵᠧᠦ ᠶᠢᠨ ᠯᠢ ᠫᠢᠩ ᠰᠢᠶᠠᠨ ᠤ ᠵᠤᠤ |
ᠰᠢᠩ ᠤᠨ ᠳ᠋ᠦᠩ ᠦᠨᠳᠦᠰᠦᠲᠡᠨ ᠤ ᠴᠠᠶᠢᠵᠠ ᠳᠤ ᠬᠦᠷᠴᠦ ᠰᠢᠨᠵᠢᠯᠡᠨ ᠪᠠᠶᠢᠴᠠᠭᠠᠬᠤ ᠳᠠᠭᠠᠨ ᠰᠢᠨᠲ᠋ᠤᠸᠠᠨ |
ᠬᠡᠩᠭᠡᠷᠭᠡᠲᠦ ᠠᠰᠠᠷ ᠲᠤ ᠲᠣᠰᠬᠤᠨ ᠤ ᠺᠠᠳ᠋ᠷ ᠪᠣᠯᠣᠨ ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠬᠠᠮᠲᠤ |
ᠲᠣᠭᠤᠷᠢᠨ ᠰᠠᠭᠤᠯᠴᠠᠵᠤ ᠂ ᠬᠥᠳᠡᠭᠡ ᠳᠤᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠢ |
ᠶᠠᠷᠢᠯᠴᠠᠵᠤ ᠪᠠᠶᠢᠭ᠎ᠠ ᠨᠢ ᠃ |
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ |
17 ᠤ ᠦᠳᠡ ᠶᠢᠨ ᠬᠤᠶᠢᠨ᠎ᠠ ᠂ ᠰᠢ ᠶᠢᠨ ᠫᠢᠩ ᠭᠦᠢᠵᠧᠦ ᠶᠢᠨ ᠵᠡᠭᠦᠨ ᠡᠮᠦᠨᠡᠲᠦ ᠵᠧᠦ ᠶᠢᠨ ᠯᠢ ᠫᠢᠩ ᠤᠨ |
ᠰᠢᠶᠠᠨ ᠤ ᠵᠤᠤ ᠰᠢᠩ ᠤᠨ ᠳ᠋ᠦᠩ ᠦᠨᠳᠦᠰᠦᠲᠡᠨ ᠤ ᠴᠠᠶᠢᠵᠠ ᠳᠤ ᠬᠦᠷᠴᠦ ᠰᠢᠨᠵᠢᠯᠡᠨ ᠪᠠᠶᠢᠴᠠᠭᠠᠪᠠ ᠃ |
ᠴᠠᠶᠢᠵᠠ ᠶᠢᠨ ᠡᠭᠦᠳᠡᠨ ᠳᠤ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ ᠴᠢᠮᠡᠭᠯᠡᠭᠰᠡᠨ ᠲᠣᠰᠬᠤᠨ ᠤ ᠠᠷᠠᠳ |
ᠳ᠋ᠦᠩ ᠦᠨᠳᠦᠰᠦᠲᠡᠨ ᠤ ᠨᠠᠶᠢᠷ ᠤᠨ ᠳᠠᠭᠤᠤ ᠪᠠᠨ ᠳᠠᠭᠤᠯᠠᠵᠤ ᠶᠡᠷᠦᠩᠬᠡᠢ ᠱᠦᠵᠢ ᠶᠢ ᠤᠭᠲᠤᠪᠠ ᠃ ᠰᠢ ᠶᠢᠨ ᠫᠢᠩ |
ᠳ᠋ᠦᠩ ᠦᠨᠳᠦᠰᠦᠲᠡᠨ ᠤ ᠨᠠᠶᠢᠷ ᠤᠨ ᠳᠠᠭᠤᠤ ᠶᠢᠨ ᠤᠷᠠᠯᠢᠭ ᠤᠨ ᠡᠭᠦᠰᠦᠯ ᠂ ᠠᠶᠠᠯᠭᠤ ᠶᠢᠨ ᠣᠨᠴᠠᠯᠢᠭ ᠂ ᠳᠠᠭᠤᠯᠠᠬᠤ |
ᠭᠡᠯᠪᠡᠷᠢ ᠵᠡᠷᠭᠡ ᠲᠠᠯ᠎ᠠ ᠶᠢᠨ ᠲᠠᠨᠢᠯᠴᠠᠭᠤᠯᠭ᠎ᠠ ᠶᠢ ᠮᠠᠰᠢ ᠰᠣᠨᠢᠷᠬᠠᠯᠲᠠᠢ ᠰᠣᠨᠣᠰᠴᠠᠢ ᠃ ᠳᠠᠷᠠᠭ᠎ᠠ ᠨᠢ ᠲᠣᠰᠬᠤᠨ |
ᠴᠠᠶᠢᠵᠠ ᠶᠢᠨ ᠵᠠᠮ ᠳᠠᠭᠠᠤ ᠳ᠋ᠦᠩ ᠦᠨᠳᠦᠰᠦᠲᠡᠨ ᠤ ᠴᠠᠶᠢᠵᠠ ᠶᠢᠨ ᠳᠦᠷᠰᠦ ᠪᠠᠶᠢᠳᠠᠯ ᠪᠠ ᠵᠢᠭᠤᠯᠴᠢᠯᠠᠯ ᠤᠨ |
ᠳᠡᠯᠭᠡᠭᠦᠷ ᠢ ᠪᠠᠶᠢᠴᠠᠭᠠᠨ ᠦᠵᠡᠵᠦ ᠂ ᠪᠠᠶᠢᠨ ᠲᠠᠭᠢᠨ ᠵᠣᠭᠰᠣᠨ ᠳᠡᠯᠭᠡᠭᠦᠷ ᠤᠨ ᠡᠵᠡᠨ ᠂ ᠵᠢᠭᠤᠯᠴᠢᠯᠠᠬᠰᠡᠳ ᠂ |
ᠲᠣᠰᠬᠤᠨ ᠤ ᠠᠷᠠᠳ ᠲᠠᠢ ᠶᠠᠷᠢᠯᠴᠠᠵᠤ ᠪᠠᠶᠢᠯ᠎ᠠ ᠃ ᠳ᠋ᠦᠩ ᠦᠨᠳᠦᠰᠦᠲᠡᠨ ᠤ ᠰᠣᠶᠣᠯ ᠤᠨ ᠦᠵᠡᠭᠦᠯᠭᠡ ᠶᠢᠨ |
ᠲᠥᠪ ᠲᠤ ᠲᠡᠷᠡ ᠳ᠋ᠦᠩ ᠦᠨᠳᠦᠰᠦᠲᠡᠨ ᠤ ᠲᠡᠦᠬᠡ ᠂ ᠵᠠᠩ ᠦᠢᠯᠡ ᠪᠣᠯᠣᠨ ᠬᠤᠪᠴᠠᠰᠤ ᠵᠠᠰᠠᠯ ᠂ ᠪᠠᠷᠢᠯᠭ᠎ᠠ ᠵᠡᠷᠭᠡ |
ᠣᠨᠴᠠᠯᠢᠭᠲᠤ ᠰᠣᠶᠣᠯ ᠢ ᠬᠠᠮᠠᠭᠠᠯᠠᠵᠤ ᠤᠯᠠᠮᠵᠢᠯᠠᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ ᠃ ᠳ᠋ᠦᠩ |
ᠦᠨᠳᠦᠰᠦᠲᠡᠨ ᠤ ᠰᠢᠶᠠᠩ ᠤᠨ ᠣᠨᠴᠠᠯᠢᠭᠲᠤ ᠠᠵᠤ ᠦᠢᠯᠡᠰ ᠤᠨ ᠰᠠᠭᠤᠷᠢᠨ ᠳᠤ ᠲᠡᠷᠡ ᠯᠠᠳᠠᠵᠤ ᠪᠤᠳᠤᠬᠤ ᠤᠷ᠎ᠠ |
ᠮᠡᠷᠭᠡᠵᠢᠯ ᠤᠨ ᠶᠠᠪᠤᠴᠠ ᠶᠢ ᠦᠵᠡᠵᠦ ᠂ ᠯᠠᠳᠠᠵᠤ ᠪᠤᠳᠤᠬᠤ ᠬᠤᠷᠰᠢᠶ᠎ᠠ ᠶᠢᠨ ᠵᠣᠴᠢᠳ ᠢ ᠳᠡᠭᠡᠳᠦᠯᠡᠬᠦ ᠂ ᠶᠠᠰᠤ ᠴᠢᠨᠠᠷ ᠢ |
ᠲᠡᠷᠢᠭᠦᠨ ᠳᠤ ᠲᠠᠯᠪᠢᠬᠤ ᠡᠵᠡᠩᠨᠡᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ ᠪᠠᠶᠢᠬᠤ ᠶᠢ ᠨᠤᠲᠠᠯᠠᠪᠠ ᠃ ᠰᠢ ᠶᠢᠨ |
ᠫᠢᠩ ᠂ ᠴᠥᠭᠡᠨ ᠲᠣᠭᠠᠲᠤ ᠦᠨᠳᠦᠰᠦᠲᠡᠨ ᠤ ᠰᠣᠶᠣᠯ ᠪᠣᠯ ᠳᠤᠮᠳᠠᠳᠤ ᠶᠢᠨ ᠰᠣᠶᠣᠯ ᠤᠨ ᠲᠤᠲᠠᠭᠳᠠᠵᠤ ᠪᠣᠯᠣᠰᠢ |
ᠦᠭᠡᠢ ᠪᠦᠷᠢᠯᠳᠦᠭᠦᠨ ᠬᠡᠰᠡᠭ ᠮᠥᠨ ᠃ ᠪᠦᠲᠦᠨ ᠢᠶᠠᠷ ᠢᠶᠠᠨ ᠪᠠᠶᠢᠭ᠎ᠠ ᠠᠶᠢᠯ ᠲᠣᠰᠬᠤᠨ ᠂ ᠠᠷᠠᠳ ᠤᠨ ᠣᠷᠣᠨ |
ᠰᠠᠭᠤᠴᠠ ᠂ ᠣᠨᠴᠠᠯᠢᠭᠲᠤ ᠪᠠᠷᠢᠯᠭ᠎ᠠ ᠶᠢᠨ ᠳᠦᠷᠰᠦ ᠪᠠᠶᠢᠳᠠᠯ ᠢ ᠬᠠᠮᠠᠭᠠᠯᠠᠵᠤ ᠂ ᠦᠯᠦ ᠮᠡᠳᠡᠭᠳᠡᠮ᠎ᠡ ᠪᠣᠳᠠᠰ ᠤᠨ ᠪᠤᠰᠤ |
ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠪᠠᠷ ᠪᠠᠷᠠᠬᠤ ᠦᠭᠡᠢ ᠪᠠᠰᠠ ᠲᠡᠭᠦᠨ ᠢ ᠪᠦᠲᠦᠭᠡᠯᠴᠢ ᠴᠢᠨᠠᠷᠲᠠᠢ ᠪᠠᠷ |
ᠬᠤᠪᠢᠷᠠᠭᠤᠯᠬᠤ ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠠᠬᠢᠭᠤᠯᠵᠤ ᠂ ᠠᠰᠢᠭᠯᠠᠯᠲᠠ ᠶᠢᠨ ᠳᠤᠮᠳᠠ |
ᠦᠨᠳᠦᠰᠦᠲᠡᠨ ᠤ ᠣᠨᠴᠠᠯᠢᠭ ᠢ ᠨᠠᠩ ᠠᠮᠢᠳᠤᠯᠢᠭ ᠲᠣᠳᠣ ᠪᠤᠯᠭᠠᠵᠤ ᠂ ᠰᠢᠨ᠎ᠡ ᠭᠡᠷᠡᠯ ᠭᠢᠯᠪᠠᠭ᠎ᠠ ᠶᠢ ᠨᠢ ᠲᠠᠰᠤᠷᠠᠯᠲᠠ |
ᠦᠭᠡᠢ ᠰᠠᠴᠤᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ |
ᠰᠢᠨᠲ᠋ᠤᠸᠠᠨ ᠬᠡᠩᠭᠡᠷᠭᠡᠲᠦ ᠠᠰᠠᠷ ᠲᠤ ᠰᠢ ᠶᠢᠨ ᠫᠢᠩ ᠲᠣᠰᠬᠤᠨ ᠤ ᠺᠠᠳ᠋ᠷ ᠪᠣᠯᠣᠨ ᠲᠣᠰᠬᠤᠨ ᠤ ᠠᠷᠠᠳ ᠤᠨ |
ᠲᠥᠯᠥᠭᠡᠯᠡᠭᠴᠢᠳ ᠲᠠᠢ ᠬᠠᠮᠲᠤ ᠰᠠᠭᠤᠯᠴᠠᠵᠤ ᠳᠣᠲᠣᠨᠣ ᠪᠠᠷ ᠶᠠᠷᠢᠯᠴᠠᠪᠠ ᠃ ᠤᠯᠠᠨ ᠢᠶᠠᠷ ᠢᠶᠠᠨ ᠶᠡᠷᠦᠩᠬᠡᠢ ᠱᠦᠵᠢ ᠳᠤ |
ᠣᠶᠢᠷ᠎ᠠ ᠶᠢᠨ ᠵᠢᠯ ᠤᠨ ᠲᠤᠷᠰᠢᠬᠢ ᠬᠥᠳᠡᠭᠡ ᠲᠣᠰᠬᠤᠨ ᠳᠤ ᠭᠠᠷᠤᠭᠰᠠᠨ ᠪᠠᠶᠠᠷᠯᠠᠭᠤᠰᠢᠲᠠᠢ ᠬᠤᠪᠢᠷᠠᠯᠲᠠ ᠶᠢ ᠶᠠᠷᠢᠵᠤ |
ᠥᠭᠪᠡ ᠃ ᠰᠢ ᠶᠢᠨ ᠫᠢᠩ ᠂ ᠳ᠋ᠦᠩ ᠦᠨᠳᠦᠰᠦᠲᠡᠨ ᠤ ᠴᠠᠶᠢᠵᠠ ᠶᠢ ᠡᠶᠢᠮᠦ ᠰᠠᠶᠢᠬᠠᠨ ᠬᠠᠮᠠᠭᠠᠯᠠᠵᠤ ᠂ ᠳ᠋ᠦᠩ |
ᠦᠨᠳᠦᠰᠦᠲᠡᠨ ᠤ ᠤᠯᠠᠨ ᠲᠦᠮᠡᠨ ᠤ ᠠᠮᠢᠳᠤᠷᠠᠯ ᠵᠣᠯ ᠵᠢᠷᠭᠠᠯ ᠲᠠᠢ ᠪᠠᠶᠢᠬᠤ ᠶᠢ ᠦᠵᠡᠭᠡᠳ ᠮᠠᠰᠢ ᠪᠠᠶᠠᠷᠯᠠᠵᠤ |
ᠪᠠᠶᠢᠨ᠎ᠠ ᠭᠡᠵᠦ ᠢᠯᠡᠳᠬᠡᠪᠡ ᠃ ᠲᠡᠷᠡ ᠂ ᠠᠷᠠᠳ ᠤᠯᠠᠨ ᠤ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠬᠥᠳᠡᠭᠡ |
ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ ᠂ |
ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ |
ᠦᠢᠯᠡᠳᠦᠯ ᠢ ᠪᠠᠳᠠᠷᠠᠭᠤᠯᠵᠤ ᠂ ᠤᠯᠠᠨ ᠲᠦᠮᠡᠨ ᠢ ᠳᠠᠭᠠᠭᠤᠯᠤᠨ ᠠᠵᠤ ᠠᠬᠤᠢ ᠶᠢ ᠬᠥᠭᠵᠢᠭᠦᠯᠵᠦ ᠂ ᠬᠥᠳᠡᠭᠡ |
ᠲᠣᠰᠬᠤᠨ ᠤ ᠵᠠᠰᠠᠯᠲᠠ ᠶᠢ ᠰᠠᠶᠢᠲᠤᠷ ᠬᠢᠬᠦ ᠳᠤ ᠪᠠᠶᠢᠨ᠎ᠠ ᠭᠡᠵᠦ ᠵᠢᠭᠠᠵᠤ ᠭᠠᠷᠭᠠᠪᠠ ᠃ |
ᠬᠡᠩᠭᠡᠷᠭᠡᠲᠦ ᠠᠰᠠᠷ ᠠᠴᠠ ᠰᠠᠯᠬᠤ ᠦᠶ᠎ᠡ ᠳᠤ ᠲᠣᠰᠬᠤᠨ ᠤ ᠠᠷᠠᠳ ᠠᠷᠤ ᠠᠷᠤ ᠠᠴᠠ ᠪᠠᠨ ᠬᠦᠷᠢᠶᠡᠯᠡᠨ |
ᠢᠷᠡᠵᠦ ᠂ ᠬᠠᠯᠠᠭᠤᠨ ᠠᠯᠠᠭ᠎ᠠ ᠲᠠᠰᠢᠵᠤ ᠂ ᠥᠨᠳᠥᠷ ᠲᠠᠭᠤᠨ ᠢᠶᠠᠷ ᠶᠡᠷᠦᠩᠬᠡᠢ ᠱᠦᠵᠢ ᠶᠢᠨ ᠠᠮᠤᠷ ᠢ ᠠᠰᠠᠭᠤᠪᠠ ᠃ |
ᠰᠢ ᠶᠢᠨ ᠫᠢᠩ ᠂ ᠳ᠋ᠦᠩ ᠦᠨᠳᠦᠰᠦᠲᠡᠨ ᠤ ᠠᠷᠠᠳ ᠲᠦᠮᠡᠨ ᠪᠣᠷᠣᠭᠵᠢᠭᠤᠨ ᠂ ᠠᠵᠢᠯᠴᠢ ᠭᠦᠳᠡᠯᠮᠦᠷᠢᠴᠢ ᠂ |
ᠰᠣᠶᠣᠯ ᠲᠠᠢ ᠂ ᠤᠶᠤᠨ ᠤᠬᠠᠭᠠᠨ ᠲᠠᠢ ᠶᠤᠮ ᠃ ᠤᠯᠠᠨ ᠢᠶᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ |
ᠣᠳᠣᠬᠢᠴᠢᠯᠠᠯᠲᠠ ᠶᠢᠨ ᠠᠬᠢᠴᠠ ᠳᠤᠮᠳᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠨᠡᠩ |
ᠰᠠᠶᠢᠲᠤᠷ ᠬᠢᠬᠦ ᠶᠢ ᠬᠦᠰᠡᠵᠦ ᠪᠠᠶᠢᠨ᠎ᠠ ᠂ ᠤᠯᠠᠨ ᠤ ᠠᠮᠢᠳᠤᠷᠠᠯ ᠡᠳᠦᠷ ᠠᠴᠠ ᠡᠳᠦᠷ ᠥᠭᠡᠳᠡ ᠡᠰᠡᠷᠡᠭ ᠪᠤᠯᠬᠤ ᠶᠢ |
ᠬᠦᠰᠡᠨ ᠵᠥᠩᠨᠡᠵᠦ ᠪᠠᠶᠢᠨ᠎ᠠ ᠭᠡᠵᠦ ᠪᠠᠶᠠᠷ ᠲᠠᠢ ᠬᠠᠷᠢᠭᠤᠯᠪᠠ ᠃ ᠳ᠋ᠦᠩ ᠦᠨᠳᠦᠰᠦᠲᠡᠨ ᠤ ᠴᠠᠶᠢᠵᠠ ᠠᠴᠠ ᠰᠠᠯᠬᠤ |
ᠦᠶ᠎ᠡ ᠳᠤ ᠳ᠋ᠦᠩ ᠦᠨᠳᠦᠰᠦᠲᠡᠨ ᠤ ᠣᠯᠠᠨ ᠲᠦᠮᠡᠨ ︽ ᠳ᠋ᠦᠩ ᠦᠨᠳᠦᠰᠦᠲᠡᠨ ᠤ ᠳᠠᠭᠤᠤ ᠪᠠᠨ ᠨᠠᠮ ᠳᠠᠭᠠᠨ |
ᠳᠠᠭᠤᠯᠠᠵᠤ ᠥᠭᠭᠦᠶ᠎ᠡ ︾ ᠭᠡᠬᠦ ᠳᠠᠭᠤᠤ ᠶᠢ ᠭᠦᠨ ᠰᠡᠳᠬᠢᠯᠭᠡ ᠲᠠᠢ ᠳᠠᠭᠤᠯᠠᠵᠤ ᠂ ᠶᠡᠷᠦᠩᠬᠡᠢ ᠱᠦᠵᠢ ᠶᠢ ᠬᠠᠶᠢᠷᠠᠯᠠᠵᠤ |
ᠪᠠᠶᠢᠬᠤ ᠪᠠ ᠰᠠᠯᠵᠤ ᠶᠠᠳᠠᠵᠤ ᠪᠠᠶᠢᠬᠤ ᠪᠠᠨ ᠢᠯᠡᠳᠬᠡᠪᠡ ᠃ ᠰᠢ ᠶᠢᠨ ᠫᠢᠩ ᠪᠠᠶᠢᠨ ᠳᠠᠭᠢᠨ ᠭᠠᠷ ᠳᠠᠯᠠᠯᠤᠨ ᠂ |
ᠨᠤᠲᠤᠭ ᠤᠨ ᠠᠬ᠎ᠠ ᠳᠡᠭᠦᠦ ᠨᠠᠷ ᠲᠠᠢ ᠰᠠᠯᠬᠤ ᠶᠣᠰᠣ ᠭᠦᠢᠴᠡᠳᠬᠡᠪᠡ ᠃ |
18 ᠤ ᠦᠳᠡ ᠶᠢᠨ ᠡᠮᠦᠨ᠎ᠡ ᠂ ᠰᠢ ᠶᠢᠨ ᠫᠢᠩ ᠭᠦᠢᠵᠧᠦ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ |
ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠭᠦᠢᠵᠧᠦ ᠶᠢᠨ ᠡᠯ᠎ᠡ ᠲᠠᠯ᠎ᠠ ᠶᠢᠨ |
ᠣᠯᠣᠭᠰᠠᠨ ᠠᠮᠵᠢᠯᠲᠠ ᠶᠢ ᠨᠤᠲᠠᠯᠠᠵᠤ ᠂ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ ᠃ |
ᠰᠢ ᠶᠢᠨ ᠫᠢᠩ ᠂ ᠴᠢᠨᠠᠷ ᠰᠠᠶᠢᠲᠠᠢ ᠬᠥᠭᠵᠢᠯᠲᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ |
ᠵᠠᠶᠢᠯᠠᠰᠢ ᠦᠭᠡᠢ ᠱᠠᠭᠠᠷᠳᠠᠯᠭ᠎ᠠ ᠮᠥᠨ ᠃ ᠭᠦᠢᠵᠧᠦ ᠵᠣᠷᠢᠭ ᠰᠢᠭᠤᠳᠤᠨ ᠂ ᠵᠣᠷᠢᠭᠲᠠᠢ ᠪᠠᠷ ᠬᠠᠶᠢᠨ ᠰᠦᠪᠡᠭᠴᠢᠯᠡᠵᠦ ᠂ |
ᠪᠣᠳᠠᠲᠤ ᠴᠣᠭᠴᠠ ᠶᠢᠨ ᠠᠵᠤ ᠠᠬᠤᠢ ᠪᠠᠷ ᠰᠠᠭᠤᠷᠢ ᠪᠤᠯᠭᠠᠬᠤ ᠶᠢ ᠪᠠᠷᠢᠮᠲᠠᠯᠠᠵᠤ ᠂ ᠰᠢᠨ᠎ᠡ ᠶᠢ ᠡᠭᠦᠳᠬᠦ ᠪᠠᠷ |
ᠬᠥᠳᠡᠯᠭᠡᠭᠦᠷ ᠪᠤᠯᠭᠠᠬᠤ ᠶᠢ ᠴᠢᠩᠭᠠᠳᠬᠠᠵᠤ ᠂ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠢ ᠨᠢᠭᠡᠳᠦᠯᠲᠡᠢ |
ᠲᠥᠯᠥᠪᠵᠢᠭᠦᠯᠵᠦ ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ |
ᠲᠦᠷᠭᠡᠳᠬᠡᠵᠦ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ |
ᠬᠥᠭᠵᠢᠭᠦᠯᠵᠦ ᠂ ᠲᠣᠭᠠᠴᠢᠯᠠᠭᠰᠠᠨ ᠠᠵᠤ ᠠᠬᠤᠢ ᠂ ᠰᠢᠨ᠎ᠡ ᠡᠨᠧᠷᠭᠢ ᠵᠡᠷᠭᠡ ᠠᠵᠤ ᠦᠢᠯᠡᠰ ᠢ ᠬᠦᠴᠦᠷᠬᠡᠭᠵᠢᠭᠦᠯᠦᠨ |
ᠰᠢᠯᠢᠳᠡᠭᠵᠢᠭᠦᠯᠬᠦ ᠬᠡᠷᠡᠭᠲᠡᠢ ᠃ ᠲᠣᠭᠲᠠᠯ ᠬᠦᠴᠦᠨ ᠪᠠ ᠲᠡᠪᠴᠢᠶᠡᠷᠢᠲᠡᠢ ᠪᠠᠶᠢᠬᠤ ᠶᠢ ᠪᠠᠲᠤᠯᠠᠵᠤ ᠂ ᠰᠢᠨᠵᠢᠯᠡᠬᠦ |
ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ |
ᠬᠡᠷᠡᠭᠵᠢᠭᠦᠯᠵᠦ ᠂ ᠬᠤᠷᠳᠤᠴᠠ ᠪᠠ ᠦᠷ᠎ᠡ ᠠᠰᠢᠭ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ ᠂ ᠶᠠᠰᠤ ᠴᠢᠨᠠᠷ ᠢ |
ᠪᠦᠲᠦᠮᠵᠢᠲᠡᠶ ᠪᠠᠷ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠬᠦ |
ᠬᠡᠷᠡᠭᠲᠡᠢ ᠃ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠵᠤ ᠂ ᠠᠮᠢ ᠠᠬᠤᠢ ᠶᠢᠨ ᠳᠠᠪᠠᠭᠤᠯᠢᠭ ᠢ |
ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ ᠃ |
ᠰᠢ ᠶᠢᠨ ᠫᠢᠩ ᠂ ᠨᠢᠭᠡ ᠭᠠᠵᠠᠷ ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠨᠢ ᠬᠤᠳᠠᠯᠳᠤᠭ᠎ᠠ |
ᠡᠷᠭᠢᠯᠡᠭᠦ ᠣᠷᠴᠢᠨ ᠨᠥᠬᠦᠴᠡᠯ ᠲᠠᠢ ᠨᠢᠭᠲᠠ ᠬᠤᠯᠪᠤᠭ᠎ᠠ ᠲᠠᠢ ᠪᠠᠶᠢᠳᠠᠭ ᠃ ᠭᠦᠢᠵᠧᠦ ᠪᠦᠭᠦ ᠤᠯᠤᠰ ᠤᠨ |
ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ ᠂ ᠣᠷᠣᠨ |
ᠨᠤᠲᠤᠭ ᠤᠨ ᠬᠠᠮᠠᠭᠠᠯᠠᠯᠲᠠ ᠂ ᠵᠠᠬ᠎ᠠ ᠳᠡᠯᠭᠡᠭᠦᠷ ᠤᠨ ᠬᠡᠰᠡᠭᠯᠡᠯᠲᠡ ᠂ ᠳᠣᠲᠣᠭᠠᠳᠤ ᠶᠢᠨ ᠰᠢᠷᠦᠭᠦᠨ ᠥᠷᠢᠰᠦᠯᠳᠦᠭᠡᠨ ᠢ |
ᠡᠷᠡᠰ ᠡᠪᠳᠡᠵᠦ ᠂ ᠪᠦᠭᠦ ᠨᠡᠶᠢᠭᠡᠮ ᠤᠨ ᠦᠢᠯᠡᠰ ᠪᠣᠰᠬᠠᠵᠤ ᠰᠢᠨ᠎ᠡ ᠶᠢ ᠡᠭᠦᠳᠬᠦ ᠳᠤ ᠯᠠᠪᠳᠠᠭᠤᠨ ᠲᠣᠭᠲᠠᠭᠤᠨ ᠡᠷᠬᠡ |
ᠲᠡᠭᠰᠢ ᠢᠯᠡ ᠲᠣᠳᠣ ᠂ ᠵᠢᠱᠢᠵᠦ ᠪᠣᠯᠬᠤᠶᠢᠴᠠ ᠣᠷᠴᠢᠨ ᠲᠣᠭᠤᠷᠢᠨ ᠢ ᠪᠤᠢ ᠪᠤᠯᠭᠠᠵᠤ ᠥᠭᠬᠦ ᠬᠡᠷᠡᠭᠲᠡᠢ ᠃ |
ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠨᠢᠭᠡ ᠲᠠᠯ᠎ᠠ ᠪᠠᠷ ᠥᠭᠡᠷᠡᠴᠢᠯᠡᠯᠲᠡ ᠶᠢ |
ᠠᠳᠬᠤᠵᠤ ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠴᠡᠭ ᠲᠣᠷᠬᠤ ᠴᠡᠭ ᠢ |
ᠨᠡᠪᠲᠡᠷᠡᠭᠦᠯᠬᠦ ᠭᠡᠷᠡᠭᠲᠡᠢ︔ ᠨᠦᠭᠦᠭᠡ ᠲᠠᠯ᠎ᠠ ᠪᠠᠷ ᠺᠠᠳ᠋ᠷ ᠤᠨ ᠬᠥᠮᠦᠵᠢᠯ ᠬᠠᠮᠢᠶᠠᠷᠤᠯᠲᠠ ᠶᠢ ᠠᠳᠬᠤᠵᠤ ᠂ |
ᠺᠠᠳ᠋ᠷᠴᠤᠳ ᠤᠨ ᠶᠡᠭᠡ ᠲᠠᠯ᠎ᠠ ᠶᠢᠨ ᠤᠬᠠᠮᠰᠠᠷ ᠂ ᠦᠢᠯᠡᠴᠢᠯᠡᠭᠡᠨ ᠤ ᠤᠬᠠᠮᠰᠠᠷ ᠂ ᠦᠨᠡᠨᠴᠢ ᠢᠲᠡᠭᠡᠮᠵᠢ ᠶᠢᠨ ᠤᠬᠠᠮᠰᠠᠷ ᠂ |
ᠠᠷᠢᠭᠤᠨ ᠴᠢᠬᠡᠴᠢ ᠶᠢᠨ ᠤᠬᠠᠮᠰᠠᠷ ᠢ ᠳᠡᠭᠡᠭᠰᠢᠯᠡᠭᠦᠯᠭᠦ ᠶᠢ ᠬᠥᠲᠥᠯᠥᠨ ᠵᠢᠯᠤᠭᠤᠳᠬᠤ ᠬᠡᠷᠡᠭᠲᠡᠢ ᠃ ᠨᠡᠭᠡᠭᠡᠯᠲᠡ ᠬᠢᠬᠦ |
ᠪᠣᠯ ᠪᠠᠰᠠ ᠴᠤ ᠴᠢᠬᠤᠯᠠ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠮᠥᠨ ᠃ ᠭᠦᠢᠵᠧᠦ ᠪᠠᠷᠠᠭᠤᠨ ᠬᠡᠰᠡᠭ ᠤᠨ |
ᠡᠬᠡ ᠬᠠᠭᠤᠷᠠᠢ ᠳᠠᠯᠠᠢ ᠲᠠᠩᠭᠢᠰ ᠤᠨ ᠰᠢᠨ᠎ᠡ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠠ ᠲᠣᠭᠢᠶᠠᠯ ᠢ |
ᠰᠠᠶᠢᠲᠤᠷ ᠠᠰᠢᠭᠯᠠᠵᠤ ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠂ ᠴᠧᠩᠳᠦ᠋ |
ᠴᠦᠩᠴᠢᠩ ᠤᠨ ᠬᠤᠶᠠᠷ ᠬᠤᠲᠠ ᠶᠢᠨ ᠠᠵᠤ ᠠᠬᠤᠢ ᠶᠢᠨ ᠴᠠᠭᠠᠷᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ |
ᠵᠣᠯᠭᠠᠭᠤᠯᠵᠤ ᠂ ᠡᠬᠡ ᠬᠠᠭᠤᠷᠠᠢ ᠲᠠᠯᠠᠢ ᠲᠠᠩᠭᠢᠰ ᠤᠯᠤᠰ ᠤᠨ ᠳᠣᠲᠣᠭᠠᠳᠤ ᠭᠠᠳᠠᠭᠠᠳᠤ ᠶᠢᠨ ᠬᠤᠯᠪᠤᠭᠠᠯᠠᠨ |
ᠬᠥᠳᠡᠯᠦᠯᠴᠡᠬᠦ ᠂ ᠵᠡᠭᠦᠨᠰᠢ ᠪᠠᠷᠠᠭᠤᠨᠰᠢ ᠬᠤᠣᠰ ᠴᠢᠭᠯᠡᠯ ᠢᠶᠠᠷ ᠬᠠᠷᠢᠯᠴᠠᠨ ᠲᠡᠳᠬᠦᠬᠦ ᠪᠦᠭᠦ ᠲᠠᠯ᠎ᠠ ᠶᠢᠨ ᠨᠡᠭᠡᠭᠡᠯᠲᠡ ᠶᠢᠨ |
ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ ᠃ |
ᠰᠢ ᠶᠢᠨ ᠫᠢᠩ ᠂ ᠭᠦᠢᠵᠧᠦ ᠥᠪᠡᠷ ᠤᠨ ᠪᠣᠳᠠᠲᠤ ᠪᠠᠶᠢᠳᠠᠯ ᠠᠴᠠ ᠪᠠᠨ ᠡᠭᠦᠰᠴᠦ ᠂ ᠰᠢᠶᠠᠨ ᠤ ᠲᠥᠪ ᠢᠶᠠᠷ |
ᠴᠢᠬᠤᠯᠠ ᠠᠴᠢᠶᠠᠯᠠᠪᠤᠷᠢ ᠪᠤᠯᠭᠠᠬᠰᠠᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ |
ᠪᠠᠲᠤᠲᠠᠢ ᠠᠬᠢᠭᠤᠯᠵᠤ ᠂ ᠦᠢᠯᠡᠰ ᠢᠶᠠᠨ ᠬᠥᠭᠵᠢᠭᠦᠯᠬᠦ ᠂ ᠰᠢᠶᠠᠨ ᠢᠶᠠᠨ ᠬᠦᠴᠦᠷᠬᠡᠭᠵᠢᠭᠦᠯᠬᠦ ᠂ ᠠᠷᠠᠳ ᠢ |
ᠪᠠᠶᠠᠵᠢᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ ᠃ ᠰᠢᠶᠠᠨ ᠤ ᠬᠡᠪᠴᠢᠶᠡᠨ ᠤ |
ᠠᠵᠤ ᠦᠢᠯᠡᠰ ᠤᠨ ᠰᠠᠭᠤᠷᠢ ᠳᠤ ᠰᠠᠭᠤᠷᠢᠯᠠᠨ ᠂ ᠠᠵᠢᠯ ᠬᠤᠪᠢᠶᠠᠷᠢᠯᠠᠨ ᠬᠠᠮᠵᠢᠯᠴᠠᠬᠤ ᠶᠢ ᠴᠢᠬᠤᠯᠠᠴᠢᠯᠠᠵᠤ ᠂ |
ᠵᠥᠷᠢᠭᠦᠯᠦᠨ ᠬᠥᠭᠵᠢᠭᠦᠯᠵᠦ ᠂ ᠲᠠᠷᠠᠬᠠᠢ ᠪᠤᠲᠠᠷᠬᠠᠢ ᠴᠡᠭ ᠢ ᠬᠡᠯᠬᠢᠶᠡᠵᠢᠭᠦᠯᠬᠦ ᠬᠡᠷᠡᠭᠲᠡᠢ ᠃ ᠭᠠᠵᠠᠷ ᠣᠷᠣᠨ ᠤ |
ᠪᠠᠶᠢᠳᠠᠯ ᠳᠠᠭᠠᠨ ᠲᠣᠬᠢᠷᠠᠭᠤᠯᠤᠨ ᠣᠳᠣ ᠦᠶ᠎ᠡ ᠶᠢᠨ ᠠᠭᠤᠯᠠᠷᠬᠠᠭ ᠭᠠᠵᠠᠷ ᠤᠨ ᠣᠨᠴᠠᠯᠢᠭ ᠪᠦᠬᠦᠢ ᠥᠨᠳᠥᠷ ᠦᠷ᠎ᠡ |
ᠠᠰᠢᠭᠲᠤ ᠬᠥᠳᠡᠭᠡ ᠠᠵᠤ ᠠᠬᠤᠢ ᠶᠢ ᠬᠥᠭᠵᠢᠭᠦᠯᠵᠦ ᠂ ᠵᠠᠬ᠎ᠠ ᠳᠡᠯᠭᠡᠭᠦᠷ ᠲᠤ ᠤᠳᠠᠭᠠᠨ ᠳᠠᠭᠠᠭᠠᠮᠠᠭᠠᠢ ᠥᠷᠢᠰᠦᠯᠳᠦᠬᠦ |
ᠬᠦᠴᠦᠨ ᠲᠠᠢ ᠣᠨᠴᠠᠯᠢᠭᠲᠤ ᠭᠤᠣᠯᠯᠠᠬᠤ ᠠᠵᠤ ᠦᠢᠯᠡᠰ ᠢ ᠪᠣᠶᠢᠵᠢᠭᠤᠯᠬᠤ ᠬᠡᠷᠡᠭᠲᠡᠢ ᠃ ᠠᠰᠢᠭ ᠲᠤᠰᠠ ᠶᠢᠨ |
ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠵᠦ ᠂ ᠠᠵᠤ ᠦᠢᠯᠡᠰ ᠤᠨ ᠬᠥᠭᠵᠢᠯᠲᠡ ᠶᠢᠨ ᠳᠤᠮᠳᠠ ᠤᠯᠠᠨ |
ᠲᠦᠮᠡᠨ ᠤ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠶᠢ ᠠᠬᠢᠭᠤᠯᠬᠤ ᠬᠡᠷᠡᠭᠲᠡᠢ ᠃ ᠬᠥᠳᠡᠭᠡ ᠲᠣᠰᠬᠤᠨ ᠤ ᠣᠷᠣᠯᠭ᠎ᠠ |
ᠪᠠᠭᠠᠲᠠᠢ ᠬᠥᠮᠥᠨ ᠠᠮᠠ ᠶᠢ ᠨᠢᠭᠡᠳᠦᠯᠲᠡᠢ ᠬᠢᠨᠠᠨ ᠬᠡᠮᠵᠢᠬᠦ ᠂ ᠲᠦᠷᠦᠯ ᠬᠤᠪᠢᠶᠠᠨ ᠬᠠᠪᠰᠤᠷᠤᠨ ᠲᠡᠳᠬᠦᠬᠦ |
ᠲᠣᠭᠲᠠᠴᠠ ᠶᠢ ᠪᠠᠶᠢᠭᠤᠯᠵᠤ ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ |
ᠵᠢᠭᠠᠵᠤ ᠭᠠᠷᠭᠠᠪᠠ ᠃ |
ᠰᠢ ᠶᠢᠨ ᠫᠢᠩ ᠂ ᠭᠦᠢᠵᠧᠦ ᠶᠢᠨ ᠲᠡᠦᠬᠡ ᠶᠢᠨ ᠲᠤᠨᠳᠠᠰᠤ ᠵᠤᠵᠠᠭᠠᠨ ᠂ ᠬᠤᠪᠢᠰᠬᠠᠯ ᠤᠨ ᠰᠣᠶᠣᠯ ᠪᠠᠶᠠᠯᠢᠭ ᠂ |
ᠦᠨᠳᠦᠰᠦᠲᠡᠨ ᠤ ᠰᠣᠶᠣᠯ ᠥᠩᠭᠡ ᠢᠯᠭᠠᠷᠠᠮ᠎ᠠ ᠰᠠᠶᠢᠬᠠᠨ ᠶᠤᠮ ᠂ ᠡᠨᠡ ᠬᠦ ᠳᠠᠪᠠᠭᠤᠯᠢᠭ ᠢᠶᠠᠨ ᠠᠰᠢᠭᠯᠠᠵᠤ ᠂ |
ᠰᠣᠶᠣᠯ ᠤᠨ ᠢᠲᠡᠭᠡᠯ ᠢᠶᠠᠨ ᠨᠡᠮᠡᠭᠳᠡᠭᠦᠯᠵᠦ ᠂ ᠰᠤᠷᠲᠠᠯ ᠢᠶᠠᠷ ᠬᠥᠮᠥᠨ ᠢ ᠬᠥᠮᠥᠵᠢᠭᠦᠯᠵᠦ ᠂ ᠠᠵᠤ ᠠᠬᠤᠢ ᠨᠡᠶᠢᠭᠡᠮ ᠤᠨ |
ᠬᠥᠭᠵᠢᠯᠲᠡ ᠶᠢ ᠠᠬᠢᠭᠤᠯᠬᠤ ᠬᠡᠷᠡᠭᠲᠡᠢ ᠃ ᠦᠨᠳᠦᠰᠦᠲᠡᠨ ᠤ ᠣᠨᠴᠠᠯᠢᠭᠲᠤ ᠬᠥᠳᠡᠭᠡ ᠲᠣᠰᠬᠤᠨ ᠂ ᠤᠯᠠᠮᠵᠢᠯᠠᠯᠲᠤ |
ᠲᠣᠰᠬᠤᠨ ᠪᠣᠯᠣᠨ ᠲᠡᠦᠬᠡ ᠰᠣᠶᠣᠯ ᠤᠨ ᠨᠡᠷᠡᠳᠤ ᠲᠣᠰᠬᠤᠨ ᠨᠡᠷᠡᠳᠤ ᠪᠠᠯᠭᠠᠰᠤ ᠂ ᠬᠤᠪᠢᠰᠬᠠᠯᠲᠤ ᠲᠠᠶᠢᠨ ᠤ |
ᠦᠶ᠎ᠡ ᠳᠤ ᠦᠯᠡᠳᠡᠭᠡᠭᠰᠡᠨ ᠬᠤᠪᠢᠰᠬᠠᠯ ᠤᠨ ᠬᠠᠭᠤᠴᠢᠨ ᠪᠠᠭᠤᠷᠢ ᠶᠢ ᠰᠢᠰᠲ᠋ᠧᠮᠲᠦ ᠴᠢᠨᠠᠷᠲᠠᠢ ᠪᠠᠷ ᠬᠠᠮᠠᠭᠠᠯᠠᠬᠤ ᠶᠢ |
ᠴᠢᠩᠭᠠᠳᠬᠠᠬᠤ ᠬᠡᠷᠡᠭᠲᠡᠢ ᠃ ᠬᠡᠪ ᠵᠠᠩᠰᠢᠯ ᠢ ᠥᠭᠡᠷᠡᠴᠢᠯᠡᠬᠦ ᠶᠢ ᠪᠠᠷᠢᠮᠲᠠᠯᠠᠵᠤ ᠂ ᠪᠣᠯᠪᠠᠰᠤᠨ ᠰᠢᠨ᠎ᠡ ᠰᠤᠷᠲᠠᠯ ᠢ |
ᠢᠳᠡᠪᠬᠢᠲᠡᠢ ᠪᠣᠶᠢᠵᠢᠭᠤᠯᠬᠤ ᠬᠡᠷᠡᠭᠲᠡᠢ ᠃ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠭᠤᠰᠤᠯᠴᠠᠯ ᠢ |
ᠭᠦᠨᠵᠡᠭᠡᠶᠢᠷᠡᠭᠦᠯᠵᠦ ᠂ ᠵᠢᠭᠤᠯᠴᠢᠯᠠᠯ ᠤᠨ ᠡᠵᠡᠩᠨᠡᠯᠲᠡ ᠶᠢᠨ ᠭᠡᠯᠪᠡᠷᠢ ᠶᠢ ᠪᠠᠶᠠᠯᠢᠭᠵᠢᠭᠤᠯᠵᠤ ᠂ ︽ ᠲᠠᠩᠰᠤᠭ ᠰᠠᠶᠢᠬᠠᠨ |
ᠭᠦᠢᠵᠧᠦ ︾ ᠰᠣᠶᠣᠯ ᠵᠢᠭᠤᠯᠴᠢᠯᠠᠯ ᠤᠨ ᠰᠢᠨ᠎ᠡ ᠲᠥᠷᠥᠯ ᠲᠡᠮᠳᠡᠭ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ ᠃ |
ᠰᠢ ᠶᠢᠨ ᠫᠢᠩ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠷᠬᠡᠪᠰᠢ ᠨᠠᠮ ᠤᠨ ᠤᠳᠤᠷᠢᠳᠤᠯᠭ᠎ᠠ ᠶᠢ |
ᠤᠬᠳᠤ ᠭᠤᠶᠢᠪᠢᠰᠢ ᠦᠭᠡᠢ ᠪᠠᠷᠢᠮᠲᠠᠯᠠᠵᠤ ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠃ ᠨᠠᠮ ᠤᠨ |
ᠲᠥᠪ ᠬᠤᠷᠢᠶ᠎ᠠ ᠠᠴᠠ ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ |
ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠲᠣᠭᠲᠠᠪᠠ ᠂ ᠡᠨᠡ ᠪᠣᠯ ᠡᠨᠡ ᠵᠢᠯ ᠤᠨ ᠨᠠᠮ ᠤᠨ |
ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠣᠨ᠎ᠠ ᠃ ᠡᠯ᠎ᠡ ᠱᠠᠲᠤᠨ ᠤ ᠨᠠᠮ ᠤᠨ ᠵᠣᠬᠢᠶᠠᠨ |
ᠪᠠᠶᠢᠭᠤᠯᠤᠯᠲᠠ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠨᠠᠮ ᠤᠨ ᠭᠡᠰᠢᠭᠦᠨ ᠂ ᠺᠠᠳ᠋ᠷ ᠤᠨ ᠲᠣᠭᠲᠠᠯ |
ᠬᠦᠴᠦᠨ ᠢᠶᠠᠨ ᠨᠡᠮᠡᠭᠳᠡᠭᠦᠯᠬᠦ ᠂ ᠳᠠᠳᠬᠠᠯ ᠪᠤᠯᠬᠤ ᠶᠢ ᠠᠬᠢᠭᠤᠯᠵᠤ ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ |
ᠨᠢᠭᠡᠳᠬᠡᠨ ᠬᠦᠴᠦ ᠪᠠᠨ ᠬᠠᠮᠲᠤᠳᠬᠠᠵᠤ ᠂ ᠠᠵᠢᠯ ᠬᠢᠵᠦ ᠦᠢᠯᠡᠰ ᠪᠣᠰᠬᠠᠬᠤ ᠬᠡᠷᠡᠭᠲᠡᠢ ᠃ ᠨᠠᠮᠴᠢ ᠴᠢᠨᠠᠷ ᠨᠠᠮ ᠤᠨ |
ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ ᠂ ᠰᠤᠷᠲᠠᠯ ᠢ ᠴᠡᠭᠴᠡᠯᠡᠨ ᠰᠠᠬᠢᠯᠭ᠎ᠠ |
ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠵᠤ ᠂ ᠢᠯᠵᠢᠷᠡᠯ ᠤᠨ ᠡᠭᠦᠰᠦᠨ |
ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠠᠷᠢᠯᠭᠠᠬᠤ ᠶᠢ ᠰᠤᠯᠠᠷᠠᠭᠤᠯᠤᠯ ᠦᠭᠡᠢ ᠪᠠᠶᠢᠩᠭᠤ ᠠᠳᠬᠤᠬᠤ |
ᠬᠡᠷᠡᠭᠲᠡᠢ ᠃ ᠤᠷᠳᠤ ᠵᠠᠮ ᠤᠨ ᠠᠶᠠᠨ ᠲᠠᠶᠢᠨ ᠤ ᠵᠣᠷᠢᠭ ᠰᠠᠨᠠᠭ᠎ᠠ ᠪᠣᠯᠣᠨ ᠽᠦᠨ ᠢ ᠶᠢᠨ ᠬᠤᠷᠠᠯ ᠤᠨ ᠵᠣᠷᠢᠭ |
ᠰᠠᠨᠠᠭ᠎ᠠ ᠶᠢ ᠪᠠᠳᠠᠷᠠᠭᠤᠯᠵᠤ ᠂ ᠣᠮᠤᠭ ᠲᠡᠭᠦᠯᠳᠡᠷ ᠲᠡᠮᠡᠴᠡᠯ ᠤᠨ ᠵᠣᠷᠢᠭ ᠢᠶᠠᠷ ᠰᠢᠨ᠎ᠡ ᠴᠠᠭ ᠦᠶ᠎ᠡ ᠶᠢᠨ ᠤᠷᠳᠤ |
ᠵᠠᠮ ᠤᠨ ᠠᠶᠠᠨ ᠲᠠᠶᠢᠨ ᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ ᠃ |
ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ |
ᠪᠠᠶᠢᠩᠭᠤ ᠶᠢᠨ ᠭᠡᠰᠢᠭᠦᠨ ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ |
ᠪᠠᠶᠢᠴᠠᠭᠠᠪᠠ ᠃ |
ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ |
ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ ᠃ |
|