︽ᠡᠷᠬᠡ ᠲᠡᠭᠰᠢ ᠂ ᠲᠥᠪ ᠭᠤᠣᠯᠴᠢ ᠂ ᠢᠯᠡ ᠲᠣᠳᠣ︾ ᠪᠠᠶᠢᠬᠤ ᠵᠠᠷᠴᠢᠮ ᠶᠣᠰᠣᠭᠠᠷ ᠂ ᠮᠠᠨ ᠤ ᠲᠥᠪ ᠣᠲᠣ |
ᠢᠯᠡ ᠪᠠᠷ ᠳᠠᠭᠠᠭᠠᠴᠢᠯᠠᠯᠲᠠ ᠵᠠᠷᠯᠠᠬᠤ ᠶᠢ ᠤᠷᠤᠯᠠᠨ ᠭᠦᠢᠴᠡᠳᠭᠡᠬᠦ ᠪᠠᠶᠢᠭᠤᠯᠤᠮᠵᠢ ᠶᠢᠨ ᠰᠢᠯᠢᠳᠡᠭ ᠢ ᠨᠢ |
ᠰᠣᠩᠭᠤᠬᠤ ᠪᠠᠷ ᠳᠠᠮᠵᠢᠭᠤᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠤᠶᠤᠨ ᠤ |
ᠲᠥᠷᠥᠯ ᠤᠨ ᠳᠠᠭᠠᠭᠠᠴᠢᠯᠠᠯᠲᠠ ᠵᠠᠷᠯᠠᠬᠤ ᠶᠢ ᠤᠷᠤᠯᠠᠨ ᠭᠦᠢᠴᠡᠳᠭᠡᠬᠦ ᠠᠵᠢᠯ ᠢ ᠥᠷᠨᠢᠭᠦᠯᠬᠦ ᠪᠠᠷ ᠲᠠᠮᠵᠢᠨ ᠂ ᠡᠳᠦᠭᠡ |
ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ |
ᠨᠢᠭᠡ ᠂ ᠲᠦᠷᠦᠯ ᠵᠦᠢᠯ ᠤᠨ ᠲᠦᠢᠮᠦ ᠪᠠᠶᠢᠳᠠᠯ |
︵ᠨᠢᠭᠡ︶ ᠲᠥᠷᠥᠯ ᠵᠦᠢᠯ ᠤᠨ ᠨᠡᠷᠡᠶᠢᠳᠦᠯ᠄ |
1. ᠤᠰᠤᠨ ᠠᠰᠢᠭᠯᠠᠯᠲᠠ ᠶᠢᠨ ᠲᠤᠰᠬᠠᠶ ᠰᠦᠯᠵᠢᠶᠡᠨ ᠤ ᠲᠦᠷᠢᠶᠡᠰᠦᠯᠡᠯ ᠤᠨ ᠲᠥᠷᠥᠯ ᠵᠦᠢᠯ ᠂ ᠪᠡᠯᠡ |
ᠣᠷᠣᠭᠤᠯᠤᠯᠲᠠ ᠶᠢᠨ ᠪᠠᠶᠢᠳᠠᠯ᠄ 193 ᠲᠦᠮᠡᠨ ᠲᠥᠭᠦᠷᠢᠭ︔ |
2. ᠪᠥᠬᠦ ᠣᠷᠣᠨ ᠤ ᠠᠦ᠋ᠲ᠋ᠣ᠋ ᠬᠢᠨᠠᠨ ᠬᠡᠮᠵᠢᠬᠦ ᠥᠷᠲᠡᠭᠡ ᠶᠢᠨ ᠺᠠᠷᠲ ᠵᠢᠴᠢ ᠤᠰᠤᠨ ᠤ ᠪᠠᠶᠢᠳᠠᠯ ᠢ ᠮᠡᠳᠡᠭᠡᠯᠡᠬᠦ |
ᠵᠥᠭᠡᠯᠡᠨ ᠲᠣᠨᠤᠭ ᠤᠨ ᠰᠦᠢᠳᠬᠡᠯ ᠤᠨ ᠲᠥᠷᠥᠯ ᠵᠦᠢᠯ ᠂ ᠪᠡᠯᠡ ᠣᠷᠣᠭᠤᠯᠤᠯᠲᠠ ᠶᠢᠨ ᠪᠠᠶᠢᠳᠠᠯ᠄ 61 ᠲᠦᠮᠡᠨ |
ᠲᠥᠭᠦᠷᠢᠭ︔ |
3. ᠰᠦᠯᠵᠢᠶᠡᠨ ᠤ ᠲᠥᠬᠦᠭᠡᠷᠦᠮᠵᠢ ᠂ ᠠᠮᠤᠷ ᠲᠦᠪᠰᠢᠨ ᠤ ᠲᠥᠬᠦᠭᠡᠷᠦᠮᠵᠢ ᠶᠢᠨ ᠬᠠᠮᠠᠭᠠᠯᠠᠯᠲᠠ ᠵᠢᠴᠢ |
ᠰᠢᠯᠭᠠᠨ ᠦᠨᠡᠯᠡᠬᠦ ᠦᠢᠯᠡᠴᠢᠯᠡᠭᠡᠨ ᠤ ᠲᠥᠷᠥᠯ ᠵᠦᠢᠯ ᠂ ᠪᠡᠯᠡ ᠣᠷᠣᠭᠤᠯᠤᠯᠲᠠ ᠶᠢᠨ ᠪᠠᠶᠢᠳᠠᠯ᠄ 43 ᠲᠦᠮᠡᠨ |
ᠲᠥᠭᠦᠷᠢᠭ︔ |
4. ᠲᠥᠪ ᠤᠨ ᠵᠥᠭᠡᠯᠡᠨ ᠲᠣᠨᠤᠭ ᠵᠢᠴᠢ ᠬᠠᠲᠠᠭᠤ ᠲᠣᠨᠤᠭ ᠢ ᠬᠠᠮᠠᠭᠠᠯᠠᠬᠤ ᠠᠵᠢᠯᠲᠠᠨ ᠤ ᠲᠠᠯᠠᠪᠤᠷ ᠲᠤ |
ᠰᠠᠭᠤᠭ᠎ᠠ ᠦᠢᠯᠡᠴᠢᠯᠡᠭᠡᠨ ᠤ ᠲᠥᠷᠥᠯ ᠵᠦᠢᠯ ᠂ ᠪᠠᠯᠠ ᠣᠷᠣᠭᠤᠯᠤᠯᠲᠠ ᠶᠢᠨ ᠪᠠᠶᠢᠳᠠᠯ᠄ 60 ᠲᠦᠮᠡᠨ ᠲᠥᠭᠦᠷᠢᠭ︔ |
5. ᠤᠰᠤᠨ ᠰᠢᠨᠵᠢᠯᠡᠭᠡᠨ ᠤ ᠶᠡᠷᠦᠩᠬᠡᠢ ᠳ᠋ᠠᠶᠢᠲ᠋ᠠ ᠬᠥᠮᠥᠷᠭᠡ ᠶᠢᠨ ᠲᠥᠷᠥᠯ ᠵᠦᠢᠯ ᠂ ᠪᠡᠯᠡ |
ᠣᠷᠣᠭᠤᠯᠤᠯᠲᠠ ᠶᠢᠨ ᠪᠠᠶᠢᠳᠠᠯ᠄ 66 ᠲᠦᠮᠡᠨ ᠲᠥᠭᠦᠷᠢᠭ︔ |
6. ᠴᠠᠬᠢᠯᠭᠠᠨ ᠭᠠᠷᠭᠠᠬᠤ ᠮᠠᠰᠢᠨ ᠵᠢᠴᠢ ᠠᠭᠠᠷ ᠵᠣᠬᠢᠴᠠᠭᠤᠷ ᠢ ᠰᠡᠯᠪᠢᠨ ᠵᠠᠰᠠᠬᠤ ᠲᠥᠷᠥᠯ ᠵᠦᠢᠯ ᠂ ᠪᠡᠯᠡ |
ᠣᠷᠣᠭᠤᠯᠤᠯᠲᠠ ᠶᠢᠨ ᠪᠠᠶᠢᠳᠠᠯ᠄ 7 ᠲᠦᠮᠡᠨ ᠲᠥᠭᠦᠷᠢᠭ ᠃ |
︵ᠬᠤᠶᠠᠷ︶ ᠬᠡᠷᠡᠭᠵᠢᠭᠦᠯᠬᠦ ᠴᠠᠭ ᠪᠠ ᠭᠠᠵᠠᠷ᠄ |
2025 ᠣᠨ ᠂ ᠬᠦᠬᠡᠬᠤᠲᠠ ᠃ |
︵ᠭᠤᠷᠪᠠ︶ ᠳᠠᠭᠠᠭᠠᠴᠢᠯᠠᠯᠲᠠ ᠵᠠᠷᠯᠠᠬᠤ ᠶᠢ ᠤᠷᠤᠯᠠᠨ ᠭᠦᠢᠴᠡᠳᠭᠡᠬᠦ ᠠᠭᠤᠯᠭ᠎ᠠ᠄ |
ᠳᠠᠭᠠᠭᠠᠴᠢᠯᠠᠯᠲᠠ ᠵᠠᠷᠯᠠᠬᠤ ᠶᠢ ᠤᠷᠤᠯᠠᠨ ᠭᠦᠢᠴᠡᠳᠭᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ ᠂ ᠡᠭᠦᠨ ᠳᠤ |
ᠪᠠᠭᠲᠠᠬᠤ ᠨᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭᠠᠬᠤ ᠂ ᠠᠯᠪᠠᠨ ᠵᠠᠷ ᠨᠡᠶᠢᠲᠡᠯᠡᠬᠦ ᠂ ᠲᠥᠷᠥᠯ |
ᠵᠦᠢᠯ ᠢ ᠥᠷᠨᠢᠭᠦᠯᠬᠦ ᠳᠤᠮᠳᠠᠬᠢ ᠰᠡᠵᠢᠭ ᠢ ᠰᠢᠢᠳᠪᠦᠷᠢᠯᠡᠬᠦ ︵ᠬᠡᠷᠪᠡ ᠪᠠᠶᠢᠪᠠᠯ︶ ᠂ ᠳᠠᠭᠠᠭᠠᠴᠢᠯᠠᠯᠲᠠ ᠨᠡᠶᠢᠲᠡᠯᠡᠬᠦ ᠶᠢ |
ᠵᠣᠬᠢᠶᠠᠨ ᠪᠠᠶᠢᠭᠤᠯᠵᠤ ᠂ ᠳᠠᠭᠠᠭᠠᠴᠢᠯᠠᠯᠲᠠ ᠣᠯᠤᠭᠰᠠᠨ ᠮᠡᠳᠡᠭᠳᠡᠯ ᠤᠨ ᠪᠢᠴᠢᠭ ᠣᠯᠭᠤᠵᠤ ᠂ ᠲᠥᠷᠥᠯ ᠵᠦᠢᠯ ᠢ |
ᠳᠠᠩᠰᠠ ᠡᠪᠬᠡᠮᠡᠯ ᠳᠤ ᠣᠷᠣᠭᠤᠯᠬᠤ ᠵᠡᠷᠭᠡ ᠶᠢ ᠪᠠᠭᠲᠠᠭᠠᠬᠤ ᠮᠦᠷᠲᠡᠭᠡᠨ ᠬᠢᠵᠠᠭᠠᠷᠯᠠᠬᠤ ᠦᠭᠡᠢ ᠃ |
ᠬᠤᠶᠠᠷ ᠂ ᠤᠷᠤᠯᠠᠨ ᠭᠦᠢᠴᠡᠳᠭᠡᠬᠦ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ |
1. ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ |
ᠬᠥᠮᠥᠷᠭᠡ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ ᠃ |
2. ᠲᠤᠰᠠᠭᠠᠷ ᠲᠣᠭᠲᠠᠨᠢᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠂ ᠡᠷᠬᠡᠪᠰᠢ ᠰᠠᠶᠢᠨ |
ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ ᠂ ᠭᠦᠢᠴᠡᠳ ᠡᠳ᠋ |
ᠬᠥᠷᠥᠩᠭᠡ ᠪᠠ ᠴᠢᠳᠠᠪᠤᠷᠢ ᠲᠠᠢ ᠪᠠᠶᠢᠵᠤ ᠭᠡᠷ᠎ᠡ ᠶᠢ ᠭᠦᠢᠴᠡᠳᠬᠡᠬᠦ ᠬᠡᠷᠡᠭᠲᠡᠢ ᠃ |
ᠭᠤᠷᠪᠠ ᠂ ᠨᠡᠷ᠎ᠡ ᠮᠡᠳᠡᠭᠦᠯᠬᠦ ᠳᠤ ᠬᠠᠩᠭᠠᠬᠤ ᠴᠢᠬᠤᠯᠠᠲᠠᠢ ᠮᠠᠲ᠋ᠧᠷᠢᠶᠠᠯ |
1. ᠨᠡᠷ᠎ᠡ ᠮᠡᠳᠡᠭᠦᠯᠦᠭᠴᠢ ᠠᠴᠠ ᠪᠡᠶ᠎ᠡ ᠶᠢᠨ ᠦᠨᠡᠮᠯᠡᠯ ᠢᠶᠠᠨ ᠭᠠᠷᠭᠠᠵᠤ ᠦᠵᠡᠭᠦᠯᠦᠨ᠎ᠡ ᠂ ᠪᠠᠭᠤᠯᠭᠠᠪᠤᠷᠢ |
ᠮᠠᠲ᠋ᠧᠷᠢᠶᠠᠯ ᠂ ᠬᠠᠷᠢᠯᠴᠠᠬᠤ ᠠᠷᠭ᠎ᠠ ᠬᠡᠯᠪᠡᠷᠢ ᠢᠶᠠᠨ ᠬᠠᠩᠭᠠᠨ᠎ᠠ ᠃ |
2. ᠨᠡᠷ᠎ᠡ ᠮᠡᠳᠡᠭᠦᠯᠦᠭᠴᠢ ᠠᠴᠠ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ |
ᠵᠢᠷᠤᠭᠰᠠᠨ ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠢᠶᠠᠨ |
ᠭᠠᠷᠭᠠᠵᠤ ᠥᠭᠭᠦᠨ᠎ᠡ ᠃ |
3.ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ |
ᠲᠡᠩᠴᠡᠭᠰᠡᠨ ᠨᠢ ᠬᠦᠴᠦᠨ ᠲᠠᠢ ᠮᠥᠷᠲᠡᠭᠡᠨ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ |
ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠨ᠎ᠠ ᠃ |
4. ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦ |
ᠲᠤᠰᠢᠶᠠᠭᠰᠠᠨ ᠭᠡᠷᠡᠴᠢ ᠮᠠᠲ᠋ᠧᠷᠢᠶᠠᠯ ᠂ ᠪᠠᠷᠤᠭ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠭᠠᠶᠢᠯᠢ ᠲᠤᠰᠢᠶᠠᠭᠰᠠᠨ |
ᠭᠡᠷᠡᠴᠢ ᠮᠠᠲ᠋ᠧᠷᠢᠶᠠᠯ ᠢ ᠬᠠᠩᠭᠠᠨ᠎ᠠ ᠃ |
5. 2024 ᠪᠤᠶᠤ 2023 ᠣᠨ ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ |
ᠡᠷᠬᠢᠯᠡᠬᠦ ᠭᠠᠵᠠᠷ ᠤᠨ ᠬᠢᠵᠦ ᠥᠭᠭᠦᠭᠰᠡᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ |
ᠲᠠᠩᠰᠠ ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ ᠭᠡᠷᠡᠴᠢ ᠶᠢ ᠬᠠᠩᠭᠠᠨ᠎ᠠ ᠃ |
6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ |
ᠤᠷᠤᠯᠠᠨ ᠭᠦᠢᠴᠡᠳᠭᠡᠬᠦ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠣᠷᠣᠭᠤᠯᠬᠤ ᠤᠭᠲᠤᠯᠤᠭᠰᠠᠨ ᠵᠢᠷᠤᠭ ᠤᠨ |
ᠭᠡᠷᠡᠴᠢ ᠮᠠᠲ᠋ᠧᠷᠢᠶᠠᠯ ᠢ ᠬᠠᠩᠭᠠᠨ᠎ᠠ ᠃ |
7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ |
ᠢᠲᠡᠭᠡᠮᠵᠢ ᠠᠯᠳᠠᠭᠰᠠᠨ ᠭᠦᠢᠴᠡᠳᠬᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ |
ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠤᠨ ᠲᠠᠰᠤᠯᠤᠭᠰᠠᠨ ᠵᠢᠷᠤᠭ ᠵᠢᠴᠢ ︽ᠳᠤᠮᠳᠠᠳᠤ |
ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠰᠦᠯᠵᠢᠶ᠎ᠡ ︵www.ccgp. |
gov.cn ︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ |
ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠣᠭᠰᠠᠨ ᠵᠢᠷᠤᠭ ᠢ ᠬᠠᠩᠭᠠᠨ᠎ᠠ ᠃ |
8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ |
ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2022 ᠣᠨ ᠤ 1 ᠳ᠋ᠦ᠋ᠭᠡᠷ ᠰᠠᠷ᠎ᠠ ᠶᠢᠨ 1 ᠠᠴᠠ ᠤᠳᠤ ᠪᠣᠯᠲᠠᠯ᠎ᠠ︶ |
ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠤᠨ ᠤᠭᠲᠤᠯᠤᠭᠰᠠᠨ |
ᠵᠢᠷᠤᠭ ᠢ ᠣᠯᠤᠭᠰᠠᠨ ᠦᠭᠡᠢ ᠃ |
ᠳᠥᠷᠪᠡ ᠂ ᠨᠡᠷ᠎ᠡ ᠮᠡᠳᠡᠭᠦᠯᠬᠦ ᠴᠠᠭ ᠂ ᠭᠠᠵᠠᠷ ᠣᠷᠣᠨ |
ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠳᠠᠭᠠᠭᠠᠴᠢᠯᠠᠯᠲᠠ ᠵᠠᠷᠯᠠᠬᠤ ᠶᠢ ᠤᠷᠤᠯᠠᠨ ᠭᠦᠢᠴᠡᠳᠭᠡᠬᠦ |
ᠪᠠᠶᠢᠭᠤᠯᠤᠮᠵᠢ ᠨᠢ 2025 ᠣᠨ ᠤ 3 ᠳ᠋ᠤᠭᠠᠷ ᠰᠠᠷ᠎ᠠ ᠶᠢᠨ 21 ᠤ ᠡᠳᠦᠷ ᠠᠴᠠ 2025 ᠣᠨ ᠤ 03 ᠳ᠋ᠤᠭᠠᠷ |
ᠰᠠᠷ᠎ᠠ ᠶᠢᠨ 25 ᠤ ᠡᠳᠦᠷ ᠪᠣᠯᠲᠠᠯ᠎ᠠ ᠂ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 —12᠄ 00 |
ᠴᠠᠭ ᠂ ᠦᠳᠡ ᠶᠢᠨ ᠬᠤᠶᠢᠨ᠎ᠠ 14᠄ 30 — 17᠄ 00 ᠴᠠᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠲᠤ ᠬᠦᠷᠴᠦ ᠨᠡᠷ᠎ᠡ ᠮᠡᠳᠡᠭᠦᠯᠬᠦ |
ᠮᠠᠲ᠋ᠧᠷᠢᠶᠠᠯ ᠢᠶᠠᠨ ᠲᠤᠰᠢᠶᠠᠨ᠎ᠠ ᠃ |
ᠲᠠᠪᠤ ᠂ ᠬᠠᠷᠢᠯᠴᠠᠬᠤ ᠠᠷᠭ᠎ᠠ ᠮᠠᠶ᠋ᠢᠭ |
ᠨᠢᠭᠡᠴᠢ ᠶᠢᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ |
ᠤᠰᠤᠨ ᠤ ᠡᠬᠢ ᠰᠤᠷᠪᠤᠯᠵᠢ ᠶᠢᠨ ᠲᠦᠪ |
ᠨᠡᠷ᠎ᠡ ᠮᠡᠳᠡᠭᠦᠯᠬᠦ ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠡᠭᠡ ᠰᠤᠷᠭᠠᠭᠤᠯᠢ ᠶᠢᠨ ᠵᠡᠭᠦᠨ ᠵᠠᠮ ᠤᠨ |
120 ᠳ᠋ᠤᠭᠠᠷ ᠠᠰᠠᠷ ᠤᠨ 614 ᠳ᠋ᠦ᠋ᠭᠡᠷ ᠦᠷᠦᠭᠡ |
ᠰᠢᠦᠳᠠᠨ ᠨᠣᠮᠧᠷ᠄ 010010 |
ᠬᠠᠷᠢᠯᠴᠠᠬᠤ ᠬᠦᠮᠦᠨ᠄ ᠸᠠᠩ ᠰᠢᠶᠤᠤ ᠶᠤᠸᠠᠢ |
ᠬᠠᠷᠢᠯᠴᠠᠬᠤ ᠤᠲᠠᠰᠤ᠄ 0471 — 3698756 |
|