| 2025 ᠣᠨ ᠳᠤ ᠂ ᠠᠯᠠᠱᠠ ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶ᠎ᠠ ︽ᠲᠤᠯᠤᠭᠠᠨ ᠵᠦᠢᠯ ᠤᠨ |
ᠠᠷᠭ᠎ᠠ ᠬᠡᠮᠵᠢᠶ᠎ᠡ︾ ᠪᠠᠷ ᠤᠰᠤ ᠠᠷᠪᠢᠯᠠᠬᠤ ᠠᠵᠢᠯᠯᠠᠭ᠎ᠠ ᠶᠢ ᠠᠬᠢᠭᠤᠯᠵᠤ ᠂ ᠵᠢᠯ ᠤᠨ ᠤᠰᠤ ᠬᠡᠷᠡᠭᠯᠡᠬᠦ ᠶᠡᠷᠦᠩᠬᠡᠶ |
ᠬᠡᠮᠵᠢᠶ᠎ᠡ ᠶᠢ 3.63 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ︵ᠡᠵᠡᠨ᠎ᠡ ᠭᠤᠤᠯ ᠤᠨ ᠠᠮᠢ |
ᠠᠬᠤᠶ ᠶᠢᠨ ᠲᠣᠬᠢᠷᠠᠭᠤᠯᠤᠯᠲᠠ ᠶᠢᠨ ᠤᠰᠤᠨ ᠤ ᠬᠡᠮᠵᠢᠶ᠎ᠡ ᠶᠢ ᠪᠠᠭᠲᠠᠭᠠᠬᠤ ᠥᠬᠡᠶ︶ ᠬᠢᠵᠠᠭᠠᠷᠯᠠᠵᠤ ᠂ ᠤᠰᠤ |
ᠠᠷᠪᠢᠯᠠᠬᠤ ᠳᠤ 1005 ᠲᠦᠮᠡᠨ ᠪᠣᠰᠤᠭ᠎ᠠ ᠳᠥᠷᠪᠡᠯᠵᠢᠨ ᠮᠧᠲᠷ ᠨᠡᠮᠡᠵᠦ ᠬᠠᠩᠭᠠᠬᠤ ᠪᠠᠷ ᠴᠢᠷᠮᠠᠶᠢᠨ᠎ᠠ ᠃ |
ᠤᠰᠤᠨ ᠤ ᠡᠬᠢ ᠪᠠᠶᠠᠯᠢᠭ ᠤᠨ ᠬᠠᠳᠠᠭᠤ ᠬᠢᠵᠠᠭᠠᠷᠯᠠᠯ ᠢ ᠴᠢᠩᠭᠠᠳᠬᠠᠨ᠎ᠠ |
ᠲᠠᠷᠢᠶᠠᠯᠠᠩ ᠤᠨ ᠤᠰᠤ ᠬᠠᠩᠭᠠᠬᠤ ᠬᠡᠮᠵᠢᠯᠲᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ |
ᠴᠢᠩᠭᠠᠳᠬᠠᠵᠤ ᠂ 2025 ᠣᠨ ᠳᠤ ᠂ ᠭᠠᠵᠠᠷ ᠳᠡᠭᠡᠷᠡᠬᠢ ᠤᠰᠤᠨ ᠤ ᠤᠰᠤᠯᠠᠯᠲᠠ ᠶᠢᠨ ᠣᠷᠣᠨ ᠢ 1 ᠲᠦᠮᠡᠨ |
ᠮᠦ ᠠᠴᠠ ᠳᠡᠭᠡᠭᠰᠢᠬᠢ ᠰᠤᠪᠠᠭ ᠤᠨ ᠡᠬᠢᠨ ᠤ ᠤᠰᠤ ᠲᠠᠲᠠᠬᠤ ᠬᠡᠮᠵᠢᠭᠦᠷ ᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ ᠂ |
5 ᠲᠦᠮᠡᠨ ᠮᠦ ᠠᠴᠠ ᠳᠡᠭᠡᠭᠰᠢᠬᠢ ᠰᠤᠪᠠᠭ ᠤᠨ ᠡᠬᠢᠨ ᠤ ᠤᠰᠤ ᠲᠠᠲᠠᠬᠤ ᠬᠡᠮᠵᠢᠭᠦᠷ ᠢ ᠰᠦᠯᠵᠢᠶᠡᠨ ᠳᠡᠭᠡᠷ᠎ᠡ |
ᠬᠡᠮᠵᠢᠬᠦ ᠶᠢ ᠪᠡᠶᠡᠯᠡᠭᠦᠯᠵᠦ ᠂ ᠵᠠᠷᠴᠢᠮ ᠳᠡᠭᠡᠷ᠎ᠡ ᠪᠠᠨ ︽ᠨᠢᠭᠡ ᠬᠤᠳᠳᠤᠭ ︵ᠬᠥᠭᠡᠷᠭᠡ︶ ᠲᠤ ᠨᠢᠭᠡ ᠬᠦᠰᠦᠨᠦᠭᠲᠦ ᠂ |
ᠨᠢᠭᠡ ᠡᠷᠦᠬᠡ ᠳᠤ ᠨᠢᠭᠡ ᠺᠠᠷᠲ︾ ᠢ ᠪᠡᠶᠡᠯᠡᠭᠦᠯᠦᠨ᠎ᠡ ᠃ ᠬᠠᠲᠤᠨ ᠭᠤᠣᠯ ᠤᠨ ᠰᠠᠪᠠ ᠭᠠᠵᠠᠷ ᠤᠨ ᠠᠯᠠᠱᠠ |
ᠠᠶᠢᠮᠠᠭ ᠤᠨ ᠬᠡᠰᠡᠭ ᠤᠨ ᠭᠠᠵᠠᠷ ᠳᠡᠭᠡᠷᠡᠬᠢ ᠤᠰᠤᠨ ᠤ ᠳᠠᠭᠠᠭᠠᠴᠠ ᠶᠢᠨ ᠬᠡᠮᠵᠢᠶ᠎ᠡ ᠪᠠ ᠠᠯᠠᠱᠠ ᠵᠡᠭᠦᠨ ᠬᠤᠰᠢᠭᠤ ᠂ |
ᠠᠯᠠᠱᠠ ᠪᠠᠷᠠᠭᠤᠨ ᠬᠤᠰᠢᠭᠤ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠤ ᠭᠠᠵᠠᠷ ᠳᠣᠣᠷᠠᠬᠢ ᠤᠰᠤ ᠶᠢ |
ᠬᠡᠲᠦᠷᠡᠲᠡᠯ᠎ᠡ ᠲᠠᠲᠠᠵᠤ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ ᠃ |
ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠠᠬᠢᠭᠤᠯᠤᠨ᠎ᠠ |
ᠴᠢᠨᠠᠷ ᠰᠠᠶᠢᠲᠠᠶ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠶᠢ ᠨᠡᠮᠡᠭᠳᠡᠭᠦᠯᠬᠦ ᠂ ᠪᠣᠬᠢᠷᠲᠤᠯ ᠦᠭᠡᠢ ᠥᠨᠳᠥᠷ |
ᠤᠨᠠᠯᠲᠠ ᠲᠠᠢ ᠥᠨᠳᠥᠷ ᠦᠷ᠎ᠡ ᠠᠰᠢᠭ ᠲᠠᠢ ᠪᠠ ᠲᠠᠷᠢᠶᠠᠨ ᠭᠠᠵᠠᠷ ᠢ ᠡᠭᠡᠯᠵᠢᠯᠡᠨ ᠳᠠᠷᠢᠬᠤ ᠵᠡᠷᠭᠡ ᠤᠰᠤ ᠠᠷᠪᠢᠯᠠᠵᠤ |
ᠦᠷ᠎ᠡ ᠠᠰᠢᠭ ᠢ ᠨᠡᠮᠡᠭᠳᠡᠭᠦᠯᠬᠦ ᠲᠥᠷᠥᠯ ᠵᠦᠢᠯ ᠢ ᠬᠡᠷᠡᠭᠵᠢᠭᠦᠯᠵᠦ ᠂ ᠲᠠᠷᠢᠶᠠᠯᠠᠩ ᠤᠨ ᠤᠰᠤ ᠠᠷᠪᠢᠯᠠᠬᠤ ᠵᠢᠱᠢᠶ᠎ᠡ |
ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠶᠡᠬᠡᠪᠡᠷ ᠠᠬᠢᠭᠤᠯᠵᠤ ᠂ 2025 ᠣᠨ ᠳᠤ 40 ᠲᠦᠮᠡᠨ ᠪᠣᠰᠤᠭ᠎ᠠ |
ᠳᠥᠷᠪᠡᠯᠵᠢᠨ ᠮᠧᠲᠷ ᠤᠰᠤ ᠠᠷᠪᠢᠯᠠᠬᠤ ᠶᠢ ᠪᠡᠶᠡᠯᠡᠭᠦᠯᠦᠨ᠎ᠡ ᠃ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ |
ᠰᠢᠯᠢᠳᠡᠭᠵᠢᠭᠦᠯᠦᠨ ᠲᠣᠬᠢᠷᠠᠭᠤᠯᠵᠤ ᠂ ᠪᠥᠬᠦ ᠠᠶᠢᠮᠠᠭ ᠤᠨ ᠤᠰᠤ ᠠᠷᠪᠢᠯᠠᠬᠤ ᠲᠠᠷᠢᠮᠠᠯ ᠤᠨ ᠲᠠᠯᠠᠪᠠᠶ ᠶᠢ 17.5 |
ᠲᠦᠮᠡᠨ ᠮᠥ ᠳᠤ ᠬᠦᠷᠦᠭᠦᠯᠵᠦ ᠂ ᠡᠵᠡᠯᠡᠬᠦ ᠬᠠᠷᠢᠴᠠᠯ ᠢ 33% ᠠᠴᠠ ᠳᠡᠭᠡᠭᠰᠢ ᠳᠤ ᠬᠦᠷᠦᠭᠦᠯᠵᠦ ᠂ 60 ᠲᠦᠮᠡᠨ |
ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠬᠤ ᠶᠢ ᠪᠡᠶᠡᠯᠡᠭᠦᠯᠦᠨ᠎ᠡ ᠃ |
ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠳᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠶᠢ |
ᠪᠠᠭᠠᠰᠬᠠᠬᠤ ᠶᠢ ᠭᠦᠨᠵᠡᠭᠡᠶᠢᠷᠡᠭᠦᠯᠦᠨ ᠠᠬᠢᠭᠤᠯᠤᠨ᠎ᠠ |
ᠠᠵᠤ ᠦᠢᠯᠡᠳᠪᠦᠷᠢ ᠶᠢᠨ ᠤᠰᠤ ᠠᠷᠪᠢᠯᠠᠬᠤ ᠥᠭᠡᠷᠡᠴᠢᠯᠡᠯᠲᠡ ᠶᠢ ᠶᠡᠬᠡᠪᠡᠷ ᠠᠬᠢᠭᠤᠯᠵᠤ ᠂ 2025 ᠣᠨ ᠳᠤ |
ᠱᠠᠩᠬᠠᠶ ᠦᠪᠦᠷ ᠮᠤᠩᠭᠤᠯ ᠤᠨ ᠡᠨᠧᠷᠭᠢ ᠵᠡᠷᠭᠡ ᠬᠡᠦᠷᠰᠢᠭᠦᠯᠬᠦ ᠲᠥᠷᠥᠯ ᠵᠦᠢᠯ ᠢ ᠭᠤᠤᠯᠳᠠᠯᠭ᠎ᠠ ᠲᠠᠢ ᠲᠦᠯᠬᠢᠨ |
ᠠᠬᠢᠭᠤᠯᠵᠤ ᠬᠡᠦᠷᠰᠢᠭᠦᠯᠬᠦ ᠠᠷᠭ᠎ᠠ ᠮᠠᠶ᠋ᠢᠭ ᠤᠨ ᠴᠢᠭᠢᠭ ᠢ ᠬᠤᠪᠢᠷᠠᠭᠤᠯᠤᠨ ᠬᠠᠭᠤᠷᠠᠶ ᠤᠰᠤ ᠠᠷᠪᠢᠯᠠᠬᠤ |
ᠥᠭᠡᠷᠡᠴᠢᠯᠡᠯᠲᠡ ᠶᠢ ᠥᠷᠨᠢᠭᠦᠯᠵᠦ ᠂ 140 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠬᠤ ᠶᠢ |
ᠪᠡᠶᠡᠯᠡᠭᠦᠯᠦᠨ᠎ᠡ ᠃ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠂ ᠬᠤᠶᠠᠷᠬᠤᠳᠳᠤᠭ ᠤᠨ ᠵᠢᠱᠢᠶ᠎ᠡ |
ᠦᠵᠡᠭᠦᠯᠬᠦ ᠣᠷᠣᠨ ᠤ ᠬᠤᠶᠠᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠴᠢᠯ ᠬᠥᠷᠥᠭᠡᠬᠦ |
ᠤᠰᠤᠨ ᠤ ᠰᠢᠰᠲ᠋ᠧᠮ ᠤᠨ ᠥᠭᠡᠷᠡᠴᠢᠯᠡᠯᠲᠡ ᠥᠷᠨᠢᠭᠦᠯᠬᠦ ᠶᠢ ᠵᠢᠯᠣᠭᠤᠳᠤᠨ᠎ᠠ ᠃ ᠤᠰᠤ ᠶᠡᠭᠡ ᠬᠤᠷᠣᠭᠳᠠᠭᠤᠯᠬᠤ |
ᠠᠵᠤ ᠠᠬᠤᠶᠢᠯᠠᠯ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠰᠤ ᠠᠷᠪᠢᠯᠠᠬᠤ ᠬᠡᠯᠪᠡᠷᠢ ᠶᠢᠨ ᠠᠵᠤ |
ᠠᠬᠤᠶᠢᠯᠠᠯ ᠢ ᠡᠭᠦᠳᠦᠨ ᠪᠠᠶᠢᠭᠤᠯᠬᠤ ᠨᠠᠷᠢᠨ ᠲᠠᠩᠰᠠ ᠳᠠᠬᠢ 9 ᠠᠵᠤ ᠠᠬᠤᠶᠢᠯᠠᠯ ᠤᠨ ᠤᠰᠤ ᠠᠷᠪᠢᠯᠠᠬᠤ |
ᠬᠡᠯᠪᠡᠷᠢ ᠶᠢᠨ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠬᠦ ᠶᠢ ᠵᠢᠯᠣᠭᠤᠳᠤᠨ ᠡᠭᠦᠳᠦᠨ ᠪᠠᠶᠢᠭᠤᠯᠤᠨ᠎ᠠ ᠃ |
ᠬᠤᠲᠠ ᠪᠠᠯᠭᠠᠰᠤᠨ ᠤ ᠤᠰᠤ ᠠᠷᠪᠢᠯᠠᠬᠤ ᠬᠤᠭᠢᠷᠠᠯ ᠢ ᠪᠠᠭᠠᠰᠬᠠᠬᠤ ᠶᠢ ᠲᠦᠷᠭᠡᠳᠭᠡᠨ ᠠᠬᠢᠭᠤᠯᠤᠨ᠎ᠠ |
ᠠᠯᠠᠱᠠ ᠠᠶᠢᠮᠠᠭ ᠤᠨ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ |
ᠲᠣᠣᠷ ᠤᠨ ᠭᠤᠭᠤᠵᠢᠵᠤ ᠰᠦᠢᠳᠬᠦ ᠨᠣᠷᠮ᠎ᠠ ᠶᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠶᠢᠨ ᠳᠣᠲᠣᠷ᠎ᠠ |
ᠬᠢᠵᠠᠭᠠᠷᠯᠠᠬᠤ ᠪᠠᠷ ᠴᠢᠷᠮᠠᠶᠢᠵᠤ ᠂ 310 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠬᠤ ᠶᠢ |
ᠪᠡᠶᠡᠯᠡᠭᠦᠯᠦᠨ᠎ᠡ ᠃ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠪᠠ ᠣᠨᠴᠠ ᠲᠥᠷᠥᠯ ᠤᠨ ᠠᠵᠢᠯ |
ᠲᠥᠷᠥᠯ ᠤᠨ ᠤᠰᠤ ᠬᠡᠷᠡᠭᠯᠡᠬᠦ ᠶᠢ ᠴᠢᠩᠭ᠎ᠠ ᠬᠢᠵᠠᠭᠠᠷᠯᠠᠨ᠎ᠠ ᠃ ᠲᠠᠷᠢᠶᠠᠯᠠᠬᠤ ᠮᠠᠯᠵᠢᠬᠤ ᠣᠷᠣᠨ ᠤ ᠤᠰᠤ ᠬᠠᠩᠭᠠᠬᠤ |
ᠪᠠᠲᠤᠯᠠᠭ᠎ᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ ᠂ |
ᠮᠠᠯᠵᠢᠬᠤ ᠣᠷᠣᠨ ᠤ ᠤᠰᠤ ᠬᠠᠩᠭᠠᠬᠤ ᠨᠣᠷᠮ᠎ᠠ ᠶᠢ ᠡᠷᠦᠬᠡ ᠳᠤ ᠬᠦᠷᠦᠭᠦᠯᠬᠦ ᠨᠣᠷᠮ᠎ᠠ ᠶᠢ 92% ᠪᠣᠯᠲᠠᠯ᠎ᠠ |
ᠳᠡᠭᠡᠭᠰᠢᠯᠡᠭᠦᠯᠦᠨ᠎ᠡ ᠃ ᠬᠤᠲᠠ ᠪᠠᠯᠭᠠᠰᠤ ᠶᠢᠨ ᠰᠠᠭᠤᠭᠠᠯᠢ ᠠᠷᠠᠳ ᠪᠣᠯᠤᠨ ᠰᠠᠭᠤᠭᠠᠯᠢ ᠠᠷᠠᠳ ᠤᠨ ᠪᠤᠰᠤ ᠤᠰᠤ |
ᠬᠡᠷᠡᠭᠯᠡᠬᠦ ᠤᠰᠤᠨ ᠤ ᠦᠨ᠎ᠡ ᠶᠢ ᠰᠢᠯᠢᠳᠡᠭᠵᠢᠭᠦᠯᠵᠦ ᠂ ᠤᠰᠤᠨ ᠤ ᠡᠬᠢ ᠪᠠᠶᠠᠯᠢᠭ ᠢ ᠠᠷᠪᠢᠲᠠᠶ ᠪᠥᠭᠡᠳ |
ᠳᠣᠷᠪᠢᠯᠢᠭ ᠢᠶᠠᠷ ᠠᠰᠢᠭᠯᠠᠬᠤ ᠶᠢ ᠠᠬᠢᠭᠤᠯᠤᠨ᠎ᠠ ᠃ |
ᠠᠮᠢ ᠠᠬᠤᠢ ᠶᠢᠨ ᠤᠰᠤ ᠠᠷᠪᠢᠯᠠᠬᠤ ᠠᠵᠢᠯ ᠢ ᠢᠳᠡᠪᠬᠢᠲᠡᠢ ᠪᠠᠷ ᠠᠬᠢᠭᠤᠯᠤᠨ᠎ᠠ |
ᠣᠶ ᠰᠢᠭᠤᠶ ᠪᠠ ᠨᠤᠲᠤᠭ ᠪᠡᠯᠴᠢᠭᠡᠷ ᠤᠨ ᠤᠰᠤ ᠠᠷᠪᠢᠯᠠᠬᠤ ᠤᠰᠤᠯᠠᠯᠲᠠ ᠶᠢᠨ ᠰᠠᠭᠤᠷᠢ ᠪᠡᠯᠡᠳᠬᠡᠮᠵᠢ ᠶᠢᠨ |
ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ ᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ |
ᠠᠷᠭ᠎ᠠ ᠮᠠᠶ᠋ᠢᠭ ᠪᠠ ᠤᠰᠤ ᠠᠷᠪᠢᠯᠠᠬᠤ ᠣᠶ ᠰᠢᠭᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠪᠦᠲᠦᠭᠡᠭᠳᠡᠬᠦᠨ ᠤ |
ᠬᠡᠷᠡᠭᠯᠡᠯᠲᠡ ᠶᠢ ᠳᠡᠯᠭᠡᠷᠡᠭᠦᠯᠦᠨ᠎ᠡ ᠃ ᠨᠣᠭᠤᠭᠠᠷᠠᠭᠤᠯᠤᠯᠲᠠ ᠶᠢᠨ ᠬᠡᠷᠡᠭᠯᠡᠬᠦ ᠤᠰᠤ ᠶᠢ ᠵᠦᠢ ᠵᠣᠬᠢᠰᠲᠠᠶ ᠲᠣᠬᠢᠷᠠᠭᠤᠯᠵᠤ ᠂ |
ᠪᠠᠷᠢᠮᠵᠢᠶ᠎ᠠ ᠳᠤ ᠨᠡᠶᠢᠴᠡᠭᠰᠡᠨ ᠳᠡᠭᠢᠯᠳᠡ ᠤᠰᠤ ᠂ ᠪᠣᠷᠣᠭᠠᠨ ᠤ ᠤᠰᠤ ᠂ ᠠᠭᠤᠷᠬᠠᠶ ᠶᠢᠨ ᠬᠤᠳᠳᠤᠭ ᠤᠨ ᠤᠰᠤ |
ᠵᠡᠷᠭᠡ ᠬᠡᠪ ᠤᠨ ᠪᠤᠰᠤ ᠤᠰᠤᠨ ᠰᠤᠷᠪᠤᠯᠵᠢ ᠶᠢ ᠡᠩ ᠲᠡᠷᠢᠭᠦᠨ ᠳᠤ ᠬᠡᠷᠡᠭᠯᠡᠬᠦ ᠬᠡᠷᠡᠭᠲᠡᠶ ᠃ ᠳᠠᠬᠢᠯᠲᠠ ᠤᠰᠤᠨ ᠤ |
ᠬᠤᠭᠤᠯᠠᠶ ᠶᠢᠨ ᠲᠣᠣᠷ ᠤᠨ ᠪᠦᠷᠬᠦᠴᠡ ᠶᠢᠨ ᠬᠡᠪᠴᠢᠶᠡᠨ ᠳᠠᠬᠢ ᠨᠣᠭᠤᠭᠠᠷᠠᠭᠤᠯᠤᠯᠲᠠ ᠶᠢᠨ ᠤᠰᠤᠨ ᠤ ᠡᠬᠢ |
ᠰᠤᠷᠪᠤᠯᠵᠢ ᠶᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ ᠃ |
ᠡᠩ ᠤᠨ ᠪᠣᠰᠤ ᠤᠰᠤᠨ ᠤ ᠠᠰᠢᠭᠯᠠᠯᠲᠠ ᠶᠢ ᠠᠬᠢᠭᠤᠯᠤᠨ᠎ᠠ |
ᠡᠩ ᠤᠨ ᠪᠤᠰᠤ ᠤᠰᠤᠨ ᠰᠤᠷᠪᠤᠯᠵᠢ ᠶᠢ ᠤᠷᠢᠳ ᠢᠶᠠᠷ ᠲᠣᠬᠢᠷᠠᠭᠤᠯᠵᠤ ᠂ 2025 ᠣᠨ ᠳᠤ ᠂ ᠠᠯᠠᠱᠠ |
ᠠᠶᠢᠮᠠᠭ ᠤᠨ ᠡᠩ ᠤᠨ ᠪᠤᠰᠤ ᠤᠰᠤᠨ ᠰᠤᠷᠪᠤᠯᠵᠢ ᠶᠢᠨ ᠠᠰᠢᠭᠯᠠᠯᠲᠠ ᠶᠢᠨ ᠬᠡᠮᠵᠢᠶ᠎ᠡ ᠶᠢ 2200 ᠲᠦᠮᠡᠨ ᠪᠣᠰᠤᠭ᠎ᠠ |
ᠳᠥᠷᠪᠡᠯᠵᠢᠨ ᠮᠧᠲᠷ ᠠᠴᠠ ᠳᠡᠭᠡᠭᠰᠢ ᠳᠤ ᠬᠦᠷᠦᠭᠦᠯᠵᠦ ᠂ ᠪᠥᠬᠦ ᠠᠶᠢᠮᠠᠭ ᠤᠨ ᠠᠭᠤᠷᠬᠠᠢ ᠶᠢᠨ ᠬᠤᠳᠳᠤᠭ ᠤᠨ |
ᠤᠰᠤᠨ ᠤ ᠠᠰᠢᠭᠯᠠᠯᠲᠠ ᠶᠢᠨ ᠨᠣᠷᠮ᠎ᠠ ᠶᠢ 70% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ ᠃ ᠳᠠᠬᠢᠨ |
ᠡᠭᠦᠰᠴᠦ ᠪᠣᠯᠬᠤ ᠤᠰᠤᠨ ᠠᠰᠢᠭᠯᠠᠯᠲᠠ ᠶᠢᠨ ᠬᠡᠷᠡᠭᠯᠡᠬᠦ ᠬᠡᠮᠵᠢᠶ᠎ᠡ ᠶᠢ 160 ᠲᠦᠮᠡᠨ ᠪᠣᠰᠤᠭ᠎ᠠ ᠳᠥᠷᠪᠡᠯᠵᠢᠨ ᠮᠧᠲᠷ |
ᠰᠢᠨ᠎ᠡ ᠪᠠᠷ ᠨᠡᠮᠡᠭᠳᠡᠭᠦᠯᠵᠦ ᠂ ᠪᠦᠬᠦ ᠠᠶᠢᠮᠠᠭ ᠤᠨ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ 85% ᠠᠴᠠ |
ᠳᠡᠭᠡᠭᠰᠢ ᠪᠠᠶᠢᠯᠭᠠᠵᠤ ᠂ ᠬᠠᠲᠤᠨ ᠭᠤᠤᠯ ᠤᠨ ᠰᠠᠪᠠ ᠭᠠᠵᠠᠷ ᠤᠨ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ |
ᠤᠰᠤᠨ ᠤ ᠳᠠᠬᠢᠯᠲᠠ ᠤᠰᠤ ᠶᠢ ᠬᠡᠷᠡᠭᠯᠡᠵᠦ ᠪᠣᠯᠬᠤ ᠶᠢ ᠪᠡᠶᠡᠯᠡᠭᠦᠯᠦᠨ᠎ᠡ ᠃ ᠠᠯᠠᠱᠠ ᠶᠢᠨ ᠳᠡᠭᠡᠳᠦ ᠰᠢᠨ᠎ᠡ |
ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠤ ᠪᠣᠷᠣᠭᠠᠨ ᠤ ᠤᠰᠤ ᠶᠢ ᠬᠤᠷᠢᠶᠠᠨ ᠴᠤᠭᠯᠠᠭᠤᠯᠵᠤ |
ᠠᠰᠢᠭᠯᠠᠬᠤ ᠢᠨᠵᠧᠨᠧᠷᠢᠩ ᠂ ᠪᠠᠶᠠᠨᠬᠤᠲᠠ ᠪᠠᠯᠭᠠᠰᠤ ᠶᠢᠨ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ |
ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠤᠤᠯᠳᠠᠯᠭ᠎ᠠ ᠲᠠᠢ ᠬᠡᠷᠡᠭᠵᠢᠭᠦᠯᠵᠦ ᠂ ᠪᠣᠷᠣᠭᠠᠨ ᠤ |
ᠤᠰᠤᠨ ᠤ ᠤᠰᠤ ᠬᠠᠩᠭᠠᠬᠤ ᠴᠢᠳᠠᠪᠤᠷᠢ ᠶᠢ 295 ᠲᠦᠮᠡᠨ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ |
ᠨᠡᠮᠡᠭᠳᠡᠭᠦᠯᠬᠦ ᠪᠠᠷ ᠴᠢᠷᠮᠠᠶᠢᠨ᠎ᠠ ᠃ |
ᠤᠰᠤ ᠠᠷᠪᠢᠯᠠᠬᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠬᠡᠨ᠎ᠡ |
ᠣᠷᠣᠨ ᠪᠦᠰᠡ ᠶᠢᠨ ᠤᠰᠤᠨ ᠤ ᠡᠷᠬᠡ ᠶᠢ ᠠᠷᠠᠯᠵᠢᠶᠠᠯᠠᠬᠤ ᠲᠣᠭᠲᠠᠴᠠ ᠶᠢ ᠲᠦᠷᠭᠡᠳᠬᠡᠨ ᠪᠠᠶᠢᠭᠤᠯᠤᠨ |
ᠲᠡᠭᠦᠯᠳᠡᠷᠵᠢᠭᠦᠯᠵᠦ ᠂ ᠤᠰᠤᠨ ᠤ ᠡᠷᠬᠡ ᠶᠢ ᠤᠰᠤ ᠬᠡᠷᠡᠭᠯᠡᠬᠦ ᠨᠢᠭᠡᠴᠢ ᠶᠢᠨ ᠬᠤᠭᠤᠷᠣᠨᠳᠣ ᠡᠷᠭᠢᠯᠳᠦᠭᠦᠯᠬᠦ ᠶᠢ |
ᠳᠡᠮᠵᠢᠵᠦ ᠂ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠰᠢᠯᠢᠳᠡᠭᠵᠢᠭᠦᠯᠦᠨ |
ᠲᠣᠬᠢᠷᠠᠭᠤᠯᠤᠨ᠎ᠠ ᠃ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ ᠂ |
ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠷᠥ ᠶᠢᠨ ᠪᠣᠳᠣᠯᠭ᠎ᠠ ᠶᠢᠨ |
ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠤᠨ᠎ᠠ ᠃ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢ ᠪᠦᠬᠦ |
ᠲᠠᠯ᠎ᠠ ᠪᠠᠷ ᠳᠡᠯᠭᠡᠷᠡᠭᠦᠯᠵᠦ ᠂ 2025 ᠣᠨ ᠠᠴᠠ ᠡᠬᠢᠯᠡᠨ ᠂ ᠵᠢᠯ ᠪᠦᠷᠢ 2 ᠭᠡᠷ᠎ᠡ ᠶᠢᠨ ᠤᠰᠤ ᠠᠷᠪᠢᠯᠠᠬᠤ ᠲᠥᠷᠥᠯ |
ᠵᠦᠢᠯ ᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ ᠃ |
|