| ᠬᠡᠯᠬᠢᠶᠡᠰᠦᠨ ᠨᠣᠮᠧᠷ᠄ 000014348/2025 —01028 |
ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ |
ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ |
ᠪᠢᠴᠢᠭ ᠤᠨ ᠳ᠋ᠤᠭᠠᠷ᠄ ᠦᠪᠦᠷ ᠤᠰᠤᠨ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2025﹈ |
9ᠳ᠋ᠦ᠋ᠭᠡᠷᠲ᠋ᠣᠭᠠᠲᠤ |
ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ ᠤ 1 ᠳ᠋ᠦ᠋ᠭᠡᠷ ᠰᠠᠷ᠎ᠠ ᠶᠢᠨ 24 ᠤ ᠡᠳᠦᠷ |
ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ |
|
ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠥᠪᠥᠷ |
ᠮᠣᠩᠭᠤᠯ ᠤᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠄ |
ᠮᠠᠨ ᠤ ᠲᠢᠩᠬᠢᠮ 2024 ᠣᠨ ᠤ 12 ᠳ᠋ᠤᠭᠠᠷ ᠰᠠᠷ᠎ᠠ ᠶᠢᠨ 26 ᠤ ᠡᠳᠦᠷ ᠲᠠᠨ ᠤ ᠪᠠᠶᠢᠭᠤᠯᠭ᠎ᠠ ᠶᠢᠨ |
ᠳᠤᠷᠠᠳᠤᠭᠰᠠᠨ ᠶᠢᠨ ᠱᠠᠨ — ᠦᠴᠤᠸᠠᠨ ᠤ 500 ᠺᠢᠯᠤᠸᠤᠯᠲ ᠤᠨ ᠬᠡᠯᠬᠢᠶ᠎ᠡ ᠶᠢᠨ ᠢᠨᠵᠧᠨᠧᠷᠢᠩ ᠤᠨ ᠤᠰᠤ |
ᠬᠦᠷᠦᠰᠦ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠭᠥᠯᠢᠶᠡᠨ ᠠᠪᠴᠤ ᠰᠢᠢᠳᠪᠦᠷᠢᠯᠡᠨ᠎ᠡ ᠃ |
ᠬᠢᠨᠠᠨ ᠪᠠᠶᠢᠴᠠᠭᠠᠭᠠᠳ ᠂ ᠲᠤᠰ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠵᠦ ᠂ ︽ |
ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ |
ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ |
ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ ᠂ ᠵᠠᠰᠠᠭ |
ᠵᠠᠬᠢᠷᠭᠠᠨ ᠤ ᠵᠥᠪᠰᠢᠶᠡᠷᠡᠯ ᠣᠯᠭᠤᠬᠤ ᠶᠢ ᠵᠥᠪᠰᠢᠶᠡᠷᠡᠬᠦ ᠪᠠᠷ ᠲᠣᠭᠲᠠᠪᠠ ᠃ |
ᠶᠢᠨ ᠱᠠᠨ — ᠦᠴᠤᠸᠠᠨ ᠤ 500 ᠺᠢᠯᠤᠸᠤᠯᠲ ᠤᠨ ᠬᠡᠯᠬᠢᠶ᠎ᠡ ᠶᠢᠨ ᠢᠨᠵᠧᠨᠧᠷᠢᠩ ᠨᠢ ᠬᠥᠬᠡᠬᠤᠲᠠ ᠶᠢᠨ |
ᠦᠴᠤᠸᠠᠨ ᠰᠢᠶᠠᠨ ᠂ ᠬᠤᠲᠣᠩ ᠠᠷᠠᠳ ᠤᠨ ᠲᠣᠭᠤᠷᠢᠭ ᠂ ᠲᠦᠮᠡᠳ ᠵᠡᠭᠦᠨ ᠬᠤᠰᠢᠭᠤᠨ ᠤ ᠬᠢᠵᠠᠭᠠᠷ ᠲᠤ |
ᠪᠠᠶᠢᠷᠢᠯᠠᠳᠠᠭ ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠠᠷᠢᠶᠠᠨ ᠭᠠᠵᠠᠷ ᠤᠨ ᠲᠠᠯᠠᠪᠠᠢ ᠨᠢ |
60.66 ᠾᠧᠺᠲ᠋ᠠᠷ ᠪᠠᠶᠢᠵᠤ ᠂ ᠶᠡᠷᠦᠩᠬᠡᠢ ᠪᠡᠯᠡ ᠣᠷᠤᠭᠤᠯᠤᠯᠲᠠ ᠨᠢ 29.91 ᠲᠦᠮᠡᠨ ᠪᠣᠰᠤᠭ᠎ᠠ ᠳᠥᠷᠪᠡᠯᠵᠢᠨ |
ᠮᠧᠲᠷ ᠂ ᠢᠨᠵᠧᠨᠧᠷᠢᠩ ᠤᠨ ᠶᠡᠷᠦᠩᠬᠡᠢ ᠪᠡᠯᠡ ᠣᠷᠤᠭᠤᠯᠤᠯᠲᠠ ᠨᠢ 49206 ᠲᠦᠮᠡᠨ ᠲᠥᠭᠦᠷᠢᠭ ᠳᠤ ᠬᠦᠷᠴᠡᠢ ᠃ |
ᠢᠨᠵᠧᠨᠧᠷᠢᠩ ᠨᠢ 2025 ᠣᠨ ᠤ 4 ᠳ᠋ᠦ᠋ᠭᠡᠷ ᠰᠠᠷ᠎ᠠ ᠳᠤ ᠠᠵᠢᠯ ᠢᠶᠠᠨ ᠡᠬᠢᠯᠡᠭᠦᠯᠵᠦ ᠂ 2025 ᠣᠨ ᠤ 11 |
ᠳ᠋ᠦ᠋ᠭᠡᠷ ᠰᠠᠷ᠎ᠠ ᠳᠤ ᠠᠵᠢᠯ ᠢᠶᠠᠨ ᠳᠠᠭᠤᠰᠬᠠᠵᠤ ᠂ ᠶᠡᠷᠦᠩᠬᠡᠶ ᠠᠵᠢᠯ ᠤᠨ ᠬᠤᠭᠤᠴᠠᠭ᠎ᠠ ᠨᠢ 8 ᠰᠠᠷ᠎ᠠ ᠪᠤᠯᠤᠨ᠎ᠠ ᠃ |
ᠨᠢᠭᠡ ᠂ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ |
︵ᠨᠢᠭᠡ︶ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠦᠷᠢᠶ᠎ᠡ |
ᠬᠡᠪᠴᠢᠶ᠎ᠡ ᠨᠢ 60.66 ᠾᠧᠺᠲ᠋ᠠᠷ ᠪᠣᠯᠤᠨ᠎ᠠ ᠃ |
︵ᠬᠤᠶᠠᠷ︶ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠳᠤ ᠪᠠᠷᠠᠭᠤᠨ ᠬᠤᠶᠢᠲᠦ ᠶᠢᠨ |
ᠰᠢᠷ᠎ᠠ ᠬᠥᠷᠥᠰᠥᠲᠦ ᠥᠨᠳᠦᠷᠯᠢᠭ ᠤᠨ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ |
ᠵᠦᠪᠰᠢᠶᠡᠷᠡᠨ᠎ᠡ ᠃ |
︵ᠭᠤᠷᠪᠠ︶ ᠦᠨᠳᠦᠰᠦᠨ ᠳᠤ ᠪᠠᠨ ᠵᠥᠪᠰᠢᠶᠡᠷᠡᠭᠰᠡᠨ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ |
ᠵᠠᠰᠠᠬᠤ ᠬᠠᠷᠠᠯᠲᠠ ᠪᠣᠯ᠄ ᠤᠰᠤ ᠬᠦᠷᠦᠰᠦ ᠶᠢᠨ ᠢᠳᠡᠭᠳᠡᠯ ᠢ ᠵᠠᠰᠠᠬᠤ ᠬᠡᠮᠵᠢᠶ᠎ᠡ ᠨᠢ 93% ᠂ ᠤᠰᠤ ᠬᠦᠷᠦᠰᠦ ᠶᠢᠨ |
ᠢᠳᠡᠭᠳᠡᠯ ᠢ ᠬᠢᠵᠠᠭᠠᠷᠯᠠᠬᠤ ᠬᠠᠷᠢᠴᠠᠯ ᠨᠢ 1.0 ᠪᠠᠶᠢᠵᠤ ᠂ ᠬᠤᠭ ᠰᠢᠷᠣᠢ ᠶᠢᠨ ᠬᠠᠮᠠᠭᠠᠯᠠᠯᠲᠠ ᠶᠢᠨ ᠨᠣᠷᠮ᠎ᠠ ᠨᠢ |
92% ᠂ ᠤᠰᠤ ᠬᠦᠷᠦᠰᠦ ᠶᠢᠨ ᠬᠠᠮᠠᠭᠠᠯᠠᠯᠲᠠ ᠶᠢᠨ ᠨᠣᠷᠮ᠎ᠠ ᠨᠢ 90% ᠂ ᠣᠶ ᠰᠢᠭᠤᠶ ᠡᠪᠡᠰᠦ ᠪᠡᠯᠴᠢᠭᠡᠷ ᠤᠨ |
ᠤᠷᠭᠤᠮᠠᠯ ᠤᠨ ᠬᠤᠴᠢᠯᠭ᠎ᠠ ᠶᠢ ᠰᠡᠷᠭᠦᠭᠡᠭᠰᠡᠨ ᠨᠣᠷᠮ᠎ᠠ ᠨᠢ 95% ᠂ ᠣᠶ ᠰᠢᠭᠤᠶ ᠡᠪᠡᠰᠦ ᠪᠡᠯᠴᠢᠭᠡᠷ ᠤᠨ |
ᠪᠦᠷᠬᠦᠴᠡ ᠶᠢᠨ ᠨᠣᠷᠮ᠎ᠠ ᠨᠢ 24% ᠪᠣᠯᠤᠨ᠎ᠠ ᠃ |
︵ᠲᠦᠷᠪᠡ︶ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ |
ᠬᠤᠪᠢᠶᠠᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠤ ᠪᠠᠨ ᠵᠥᠪᠰᠢᠶᠡᠷᠡᠨ᠎ᠡ ᠃ |
|
︵ᠲᠠᠪᠤ ︶ ᠪᠦᠲᠦᠭᠡᠨ ᠪᠠᠶᠢᠭᠤᠯᠬᠤ ᠬᠤᠭᠤᠴᠠᠭᠠᠨ ᠳᠠᠬᠢ ᠤᠰᠤ ᠬᠦᠷᠦᠰᠦ ᠶᠢ ᠬᠠᠮᠠᠭᠠᠯᠠᠬᠤ ᠨᠥᠬᠦᠪᠦᠷᠢ |
ᠮᠥᠩᠭᠦ ᠶᠢ 103.122 ᠲᠦᠮᠡᠨ ᠲᠥᠭᠦᠷᠢᠭ ︵ᠡᠭᠦᠨ ᠳᠤ ᠦᠴᠤᠸᠠᠨ ᠰᠢᠶᠠᠨ 44.438 ᠲᠦᠮᠡᠨ ᠲᠥᠭᠦᠷᠢᠭ ᠂ |
ᠬᠤᠲᠣᠩ ᠠᠷᠠᠳ ᠤᠨ ᠲᠣᠭᠤᠷᠢᠭ 18.564 ᠲᠦᠮᠡᠨ ᠲᠥᠭᠦᠷᠢᠭ ᠂ ᠲᠦᠮᠡᠳ ᠵᠡᠭᠦᠨ ᠬᠤᠰᠢᠭᠤᠨ ᠤ 40.120 |
ᠲᠦᠮᠡᠨ ᠲᠥᠭᠦᠷᠢᠭ ᠪᠤᠯᠤᠨ᠎ᠠ︶ ᠵᠦᠪᠰᠢᠶᠡᠷᠡᠪᠡ ᠃ |
ᠬᠤᠶᠠᠷ ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠲᠥᠷᠥᠯ ᠵᠦᠢᠯ ᠤᠨ ᠪᠦᠲᠦᠭᠡᠨ |
ᠪᠠᠶᠢᠭᠤᠯᠤᠯᠲᠠ ᠶᠢᠨ ᠳᠤᠮᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠬᠦᠷᠦᠰᠦ ᠶᠢ |
ᠬᠠᠮᠠᠭᠠᠯᠠᠬᠤ ᠬᠠᠤᠯᠢ︾ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ |
ᠬᠠᠮᠲᠤ ᠂ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄ |
︵ᠨᠢᠭᠡ︶ ᠵᠥᠪᠰᠢᠶᠡᠷᠡᠭᠰᠡᠨ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠶᠣᠰᠣᠭᠠᠷ ᠂ ᠤᠰᠤ |
ᠬᠦᠷᠦᠰᠦ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ |
ᠰᠠᠶᠢᠲᠤᠷ ᠬᠢᠵᠦ ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ ᠂ |
︽ᠭᠤᠷᠪᠠ ᠶᠢ ᠵᠡᠷᠭᠡ ᠪᠠᠷ ᠬᠢᠬᠦ︾ ᠳᠦᠷᠢᠮ ᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ ᠃ |
︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠬᠦᠷᠦᠰᠦ ᠶᠢ ᠬᠠᠮᠠᠭᠠᠯᠠᠬᠤ ᠡᠯ᠎ᠡ |
ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ ᠃ ᠡᠯ᠎ᠡ ᠲᠥᠷᠥᠯ ᠤᠨ ᠪᠠᠷᠢᠯᠭ᠎ᠠ ᠪᠠᠷᠢᠬᠤ |
ᠠᠵᠢᠯᠯᠠᠭ᠎ᠠ ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠳᠤᠷ᠎ᠠ ᠪᠠᠷ ᠢᠶᠠᠨ ᠡᠵᠡᠯᠡᠬᠦ ᠂ ᠭᠠᠵᠠᠷ ᠤᠨ ᠭᠠᠳᠠᠷᠭᠤ ᠶᠢᠨ |
ᠤᠷᠭᠤᠮᠠᠯ ᠤᠨ ᠬᠤᠴᠢᠯᠭ᠎ᠠ ᠶᠢ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ ᠂ ᠤᠰᠤ ᠬᠦᠷᠦᠰᠦ ᠶᠢ |
ᠰᠠᠯᠭᠠᠬᠤ ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠶ ᠃ ᠲᠥᠰᠦᠯ ᠤᠨ ᠱᠠᠭᠠᠷᠳᠠᠯᠭ᠎ᠠ ᠶᠢ |
ᠦᠨᠳᠦᠰᠦᠯᠡᠨ ᠪᠠᠷᠢᠯᠭ᠎ᠠ ᠪᠠᠷᠢᠬᠤ ᠴᠠᠭ ᠤᠨ ᠳᠠᠷᠠᠭᠠᠯᠠᠯ ᠪᠠ ᠤᠰᠤ ᠬᠦᠷᠦᠰᠦ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ |
ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠵᠤ ᠂ ᠪᠠᠷᠢᠯᠭ᠎ᠠ ᠪᠠᠷᠢᠬᠤ ᠬᠤᠭᠤᠴᠠᠭᠠᠨ ᠳᠤ ᠤᠰᠤ |
ᠬᠦᠷᠦᠰᠦ ᠶᠢᠨ ᠢᠳᠡᠭᠳᠡᠯ ᠢ ᠴᠢᠩᠭ᠎ᠠ ᠬᠢᠵᠠᠭᠠᠷᠯᠠᠬᠤ ᠬᠡᠷᠡᠭᠲᠡᠶ ᠃ |
︵ᠭᠤᠷᠪᠠ︶ ᠤᠰᠤ ᠬᠦᠷᠦᠰᠦ ᠶᠢ ᠬᠠᠮᠠᠭᠠᠯᠠᠬᠤ ᠬᠢᠨᠠᠨ ᠬᠡᠮᠵᠢᠬᠦ ᠠᠵᠢᠯ ᠢ ᠦᠨᠡᠨ ᠬᠦ ᠰᠠᠶᠢᠲᠤᠷ ᠬᠢᠵᠦ ᠂ |
ᠤᠰᠤ ᠬᠦᠷᠦᠰᠦ ᠶᠢᠨ ᠢᠳᠡᠭᠳᠡᠯ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ |
ᠶᠣᠰᠣᠭᠠᠷ ᠮᠠᠨ ᠤ ᠲᠢᠩᠬᠢᠮ ᠵᠢᠴᠢ ᠬᠥᠬᠡᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠳᠤ ᠬᠢᠨᠠᠨ |
ᠬᠡᠮᠵᠢᠯᠲᠡ ᠶᠢᠨ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠶᠢ ᠲᠤᠰᠢᠶᠠᠨ᠎ᠠ ᠃ |
︵ᠲᠦᠷᠪᠡ︶ ᠤᠰᠤ ᠬᠦᠷᠦᠰᠦ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ |
ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ ᠂ ᠤᠰᠤ ᠬᠦᠷᠦᠰᠦ ᠶᠢ ᠬᠠᠮᠠᠭᠠᠯᠠᠬᠤ ᠢᠨᠵᠧᠨᠧᠷᠢᠩ ᠤᠨ |
ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨ ᠬᠦ ᠪᠠᠲᠤᠯᠠᠬᠤ ᠬᠡᠷᠡᠭᠲᠡᠶ ᠃ |
︵ᠲᠠᠪᠤ︶ ᠤᠰᠤ ᠬᠦᠷᠦᠰᠦ ᠶᠢ ᠬᠠᠮᠠᠭᠠᠯᠠᠬᠤ ᠨᠥᠬᠦᠪᠥᠷᠢ ᠵᠠᠷᠤᠳᠠᠯ ᠢ ᠬᠠᠤᠯᠢ ᠲᠣᠭᠲᠠᠭᠠᠯ ᠶᠣᠰᠣᠭᠠᠷ |
ᠭᠦᠢᠴᠡᠳ ᠲᠤᠭ᠎ᠠ ᠪᠠᠷ ᠲᠤᠰᠢᠶᠠᠨ᠎ᠠ ᠃ |
ᠭᠤᠷᠪᠠ ᠂ ᠲᠤᠰ ᠵᠦᠢᠯ ᠤᠨ ᠭᠠᠵᠠᠷ ᠣᠷᠣᠨ ᠂ ᠬᠡᠪᠴᠢᠶ᠎ᠡ ᠨᠢ ᠴᠢᠬᠤᠯᠠ ᠶᠡᠭᠡ ᠬᠤᠪᠢᠷᠠᠯᠲᠠ ᠭᠠᠷᠤᠭᠰᠠᠨ |
ᠪᠤᠶᠤ ᠤᠰᠤ ᠬᠦᠷᠦᠰᠦ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠤᠰᠤ ᠬᠦᠷᠦᠰᠦ ᠶᠢ ᠬᠠᠮᠠᠭᠠᠯᠠᠬᠤ |
ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠣᠯ ᠤᠰᠤ ᠬᠦᠷᠦᠰᠦ ᠶᠢ ᠬᠠᠮᠠᠭᠠᠯᠠᠬᠤ ᠲᠥᠰᠦᠯ ᠳᠤ |
ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ |
ᠬᠡᠷᠡᠭᠲᠡᠶ︔ ᠰᠢᠭᠠᠷᠤ ᠬᠠᠶᠠᠬᠤ ᠲᠠᠯᠠᠪᠠᠶ ᠶᠢ ᠰᠢᠨ᠎ᠡ ᠪᠠᠷ ᠭᠠᠷᠭᠠᠬᠤ ᠴᠢᠬᠤᠯᠠ ᠲᠠᠢ ᠪᠣᠯ ᠦᠢᠯᠡᠳᠪᠦᠷᠢᠯᠡᠵᠦ ᠪᠦᠲᠦᠭᠡᠨ |
ᠪᠠᠶᠢᠭᠤᠯᠬᠤ ᠨᠢᠭᠡᠴᠢ ᠨᠢ ᠰᠢᠭᠠᠷᠤ ᠬᠠᠶᠠᠬᠤ ᠶᠢ ᠬᠡᠮᠵᠢᠶᠡᠵᠢᠭᠦᠯᠬᠦ ᠂ ᠡᠬᠢ ᠪᠠᠶᠠᠯᠢᠭᠵᠢᠭᠤᠯᠤᠨ ᠨᠤᠲᠠᠯᠠᠬᠤ ᠶᠢ |
ᠥᠷᠨᠢᠭᠦᠯᠬᠦ ᠶᠢᠨ ᠬᠠᠮᠲᠤ ᠰᠢᠭᠠᠷᠤ ᠶᠢ ᠲᠠᠶᠠᠭᠳᠠᠬᠤ ᠠᠴᠠ ᠡᠮᠦᠨ᠎ᠡ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ |
ᠨᠥᠬᠦᠪᠥᠷᠢ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ ᠂ ᠮᠠᠨ ᠤ ᠲᠢᠩᠬᠢᠮ ᠳᠤ ᠮᠡᠳᠡᠭᠦᠯᠦᠨ ᠬᠢᠨᠠᠨ |
ᠵᠥᠪᠰᠢᠶᠡᠷᠡᠭᠦᠯᠦᠨ᠎ᠡ ᠃ |
ᠳᠥᠷᠪᠡ ᠂ ᠲᠠᠨ ᠤ ᠨᠢᠭᠡᠴᠢ ᠪᠣᠯ ᠲᠤᠰ ᠲᠥᠷᠥᠯ ᠵᠦᠢᠯ ᠤᠨ ᠤᠰᠤ ᠬᠦᠷᠦᠰᠦ ᠶᠢ ᠬᠠᠮᠠᠭᠠᠯᠠᠬᠤ |
ᠪᠡᠯᠡᠳᠬᠡᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠲᠤᠯᠠ ᠂ ᠲᠤᠰ ᠲᠥᠷᠥᠯ ᠵᠦᠢᠯ ᠢ |
ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ ᠂ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ |
ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ ᠃ ᠡᠵᠡᠨ ᠮᠡᠳᠡᠨ ᠰᠢᠯᠭᠠᠨ ᠠᠪᠬᠤ ᠳᠤ ᠤᠰᠤ ᠬᠦᠷᠦᠰᠦ ᠶᠢ ᠬᠠᠮᠠᠭᠠᠯᠠᠬᠤ |
ᠬᠠᠤᠯᠢ ᠴᠠᠭᠠᠵᠠ ᠬᠠᠤᠯᠢ ᠲᠣᠭᠲᠠᠭᠠᠯ ᠂ ᠪᠠᠷᠢᠮᠵᠢᠶ᠎ᠠ ᠶᠢᠨ ᠵᠢᠷᠤᠮᠵᠢᠯ ᠂ ᠤᠰᠤ ᠬᠦᠷᠦᠰᠦ ᠶᠢ ᠬᠠᠮᠠᠭᠠᠯᠠᠬᠤ ᠲᠥᠰᠦᠯ |
ᠬᠢᠭᠡᠳ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ ᠂ ᠤᠰᠤ ᠬᠦᠷᠦᠰᠦ ᠶᠢ ᠬᠠᠮᠠᠭᠠᠯᠠᠬᠤ ᠵᠠᠯᠭᠠᠮᠵᠢ ᠵᠢᠷᠤᠭ |
ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ ᠂ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ |
ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ ᠃ ᠤᠰᠤ ᠬᠦᠷᠦᠰᠦ ᠶᠢ |
ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠂ ᠠᠯᠪᠠᠨ ᠤ |
ᠰᠦᠯᠵᠢᠶᠡᠨ ᠥᠷᠲᠡᠭᠡ ᠪᠤᠶᠤ ᠪᠤᠰᠤᠳ ᠣᠯᠠᠨ ᠨᠡᠶᠢᠲᠡ ᠶᠢᠨ ᠣᠯᠵᠤ ᠮᠡᠳᠡᠭᠰᠡᠨ ᠨᠧᠲ ᠲᠤ ᠤᠰᠤ ᠬᠦᠷᠦᠰᠦ ᠶᠢ |
ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠮᠠᠲ᠋ᠧᠷᠢᠶᠠᠯ ᠢ ᠴᠠᠭ ᠲᠤᠬᠠᠶ ᠳᠤ ᠨᠢ ᠨᠡᠶᠢᠲᠡᠯᠡᠵᠦ ᠂ ᠢᠯᠡ |
ᠨᠡᠶᠢᠲᠡᠯᠡᠬᠦ ᠴᠠᠭ ᠬᠤᠭᠤᠴᠠᠭ᠎ᠠ ᠶᠢ ᠨᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ |
ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠨ ᠰᠢᠯᠭᠠᠨ ᠠᠪᠴᠤ ᠥᠩᠭᠡᠷᠡᠭᠰᠡᠨ ᠤ ᠳᠠᠷᠠᠭ᠎ᠠ 3 |
ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ |
ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ︔ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠨᠢ |
ᠰᠢᠯᠭᠠᠨ ᠠᠪᠬᠤ ᠶᠢ ᠳᠠᠮᠵᠢᠭᠰᠠᠨ ᠦᠭᠡᠶ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠶ ᠪᠣᠯ |
ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠶ ᠃ |
ᠲᠠᠪᠤ ᠂ ᠲᠤᠰ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠵᠥᠪᠰᠢᠶᠡᠷᠡᠭᠰᠡᠨ ᠡᠳᠦᠷ ᠠᠴᠠ ᠡᠬᠢᠯᠡᠨ ᠬᠦᠴᠦᠨ |
ᠪᠦᠬᠦᠢ ᠬᠤᠭᠤᠴᠠᠭ᠎ᠠ ᠨᠢ 3 ᠵᠢᠯ ᠪᠣᠯᠤᠨ᠎ᠠ ᠃ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ |
ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠪᠣᠯ ᠦᠢᠯᠡᠳᠪᠦᠷᠢᠯᠡᠵᠦ |
ᠪᠦᠲᠦᠭᠡᠨ ᠪᠠᠶᠢᠭᠤᠯᠬᠤ ᠨᠢᠭᠡᠴᠢ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ |
ᠳᠦᠭᠦᠷᠬᠦ ᠠᠴᠠ 30 ᠠᠵᠢᠯᠯᠠᠬᠤ ᠡᠳᠦᠷ ᠤᠨ ᠡᠮᠦᠨ᠎ᠡ ᠮᠠᠨ ᠤ ᠲᠢᠩᠬᠢᠮ ᠳᠤ ᠳᠠᠬᠢᠨ ᠬᠢᠨᠠᠭᠤᠯᠬᠤ ᠪᠠᠷ ᠭᠤᠶᠤᠴᠢᠯᠠᠬᠤ |
ᠬᠡᠷᠡᠭᠲᠡᠶ ᠃ ᠲᠥᠷᠥᠯ ᠵᠦᠢᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠣᠲᠣᠷ᠎ᠠ |
ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠮᠥᠷᠲᠡᠭᠡᠨ ᠳᠠᠬᠢᠵᠤ ᠬᠢᠨᠠᠨ ᠬᠠᠷᠭᠤᠭᠤᠯᠬᠤ ᠪᠠᠷ |
ᠭᠤᠶᠤᠴᠢᠯᠠᠭᠰᠠᠨ ᠦᠭᠡᠶ ᠪᠤᠶᠤ ᠭᠤᠶᠤᠴᠢᠯᠠᠯ ᠢ ᠳᠠᠬᠢᠵᠤ ᠬᠢᠨᠠᠨ ᠬᠠᠷᠭᠤᠭᠤᠯᠬᠤ ᠪᠠᠷ ᠳᠤᠷᠠᠳᠤᠭᠰᠠᠨ ᠪᠣᠯᠪᠠᠴᠤ |
ᠵᠥᠪᠰᠢᠶᠡᠷᠡᠭᠳᠡᠭᠰᠡᠨ ᠦᠭᠡᠶ ᠪᠣᠯ ᠂ ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠠᠶᠠᠨᠳᠠᠭᠠᠨ ᠬᠦᠴᠦᠨ ᠦᠭᠡᠶ |
ᠪᠣᠯᠤᠨ᠎ᠠ ᠃ |
2025 ᠣᠨ ᠤ 1 ᠳ᠋ᠦ᠋ᠭᠡᠷ ᠰᠠᠷ᠎ᠠ ᠶᠢᠨ 24 ᠤ ᠡᠳᠦᠷ |
|