ᠪᠠᠶᠢᠭᠤᠯᠭ᠎ᠠ ᠶᠢᠨ ᠡᠮᠡᠭᠲᠡᠶ ᠠᠵᠢᠯᠲᠠᠨ ᠠᠵᠢᠯᠴᠢᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ |
ᠪᠠᠶᠠᠯᠢᠭᠵᠢᠭᠤᠯᠬᠤ ᠶᠢᠨ ᠲᠥᠯᠥᠭᠡ᠂ 115 ᠳ᠋ᠤᠭᠠᠷ ︽3 · 8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ |
ᠬᠦᠷᠴᠦ ᠢᠷᠡᠬᠦ ᠲᠠᠰᠢᠷᠠᠮ ᠢᠶᠠᠷ᠂ ᠤᠰᠤᠨ ᠠᠰᠢᠭᠯᠠᠯᠲᠠ ᠶᠢᠨ ᠲᠢᠩᠬᠢᠮ ᠤᠨ ᠡᠮᠡᠭᠲᠡᠶᠢᠴᠦᠳ ᠤᠨ ᠵᠥᠪᠯᠡᠯ ᠪᠣᠯᠤᠨ |
ᠠᠵᠢᠯᠴᠢᠨ ᠤ ᠡᠪᠯᠡᠯ ᠬᠠᠮᠲᠤᠷᠠᠨ ︽ᠤᠷᠠᠨ ᠭᠠᠷ ᠤᠷᠠᠨ ᠰᠠᠨᠠᠭ᠎ᠠ ᠵᠠᠳᠠᠷᠠᠨ ᠳᠡᠯᠭᠡᠷᠡᠬᠦ︾ ᠭᠡᠬᠦ ᠪᠦᠲᠦᠭᠡᠯᠴᠢ ᠭᠠᠷ |
ᠤᠷᠠᠯᠠᠯ ᠤᠨ ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠪᠠ᠃ ᠤᠰᠤᠨ ᠠᠰᠢᠭᠯᠠᠯᠲᠠ ᠶᠢᠨ ᠲᠢᠩᠬᠢᠮ ᠤᠨ |
ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠫᠧᠩ ᠶᠠ ᠯᠢ᠂ ᠬᠤᠶᠠᠳᠤᠭᠠᠷ |
ᠳᠡᠰ ᠤᠨ ᠲᠣᠭᠤᠷᠢᠨ ᠪᠠᠶᠢᠴᠠᠭᠠᠭᠴᠢ ᠵᠠᠩ ᠬᠤᠩ ᠸᠧᠢ ᠠᠵᠢᠯᠯᠠᠭ᠎ᠠ ᠳᠤ ᠣᠷᠣᠯᠴᠠᠪᠠ᠃ |
ᠫᠧᠩ ᠶᠠ ᠯᠢ ᠤᠯᠠᠨ ᠳᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠂ ᠲᠡᠷᠡ᠂ ᠡᠮᠡᠭᠲᠡᠢ ᠨᠥᠬᠦᠳ ᠤᠨ |
︽ᠳᠦᠷᠢ ᠲᠥᠷᠬᠦ ᠶᠢᠨ ᠰᠠᠶᠢᠬᠠᠨ︾ ᠨᠢ ᠡᠨᠡ ᠬᠦ ᠳᠡᠯᠡᠬᠡᠶ ᠳ᠋ᠠᠬᠢᠨ ᠢ ᠨᠠᠩ ᠥᠩᠭᠡ ᠢᠯᠭᠠᠷᠠᠭᠤᠯᠵᠤ᠂ ︽ᠰᠠᠶᠢᠨ |
ᠰᠠᠨᠠᠭᠠᠨ ᠤ ᠰᠠᠶᠢᠬᠠᠨ︾ ᠨᠢ ᠳᠡᠯᠡᠬᠡᠶ ᠳ᠋ᠠᠬᠢᠨ ᠢ ᠬᠠᠯᠠᠭᠤᠨ ᠳᠤᠯᠠᠭᠠᠨ ᠪᠠ ᠬᠦᠴᠦᠨ ᠴᠢᠳᠠᠯ ᠢᠶᠠᠷ ᠪᠢᠯᠬᠠᠵᠤ᠂ ︽ |
ᠡᠶᠡᠯᠳᠡᠭ ᠵᠥᠭᠡᠯᠡᠨ ᠰᠠᠶᠢᠬᠠᠨ︾ ᠨᠢ ᠳᠡᠯᠡᠬᠡᠶ ᠳ᠋ᠠᠬᠢᠨ ᠤ ᠭᠠᠵᠠᠷ ᠪᠣᠯᠭᠠᠨ ᠳᠤ ᠬᠠᠶᠢᠷᠠᠲᠠᠢ ᠠᠭᠤᠷ ᠠᠮᠢᠰᠬᠤᠯ ᠢ |
ᠬᠦᠭᠵᠢᠭᠡᠪᠡ᠃ ᠤᠢᠢᠷ᠎ᠠ ᠶᠢᠨ ᠵᠢᠯ ᠠᠴᠠ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ |
ᠳᠣᠣᠷ᠎ᠠ᠂ ᠤᠰᠤᠨ ᠠᠰᠢᠭᠯᠠᠯᠲᠠ ᠶᠢᠨ ᠲᠢᠩᠬᠢᠮ ᠤᠨ ᠰᠢᠰᠲ᠋ᠧᠮ ᠤᠨ ᠥᠷᠭᠡᠨ ᠤᠯᠠᠨ ᠡᠮᠡᠭᠲᠡᠢ ᠺᠠᠳ᠋ᠷ ᠠᠵᠢᠯᠳᠠᠨ |
ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠳᠤ ᠢᠳᠡᠪᠬᠢᠲᠡᠢ ᠣᠷᠣᠯᠴᠠᠵᠤ᠂ ᠠᠵᠢᠯ ᠤᠨ ᠪᠠᠶᠢᠷᠢ ᠪᠠᠨ |
ᠬᠠᠶᠢᠷᠠᠯᠠᠵᠤ ᠦᠢᠯᠡᠰ ᠢᠶᠠᠨ ᠳᠡᠭᠡᠳᠦᠯᠡᠵᠦ᠂ ᠬᠦᠴᠦᠯᠡᠨ ᠴᠢᠷᠮᠠᠶᠢᠵᠤ᠂ ᠡᠯ᠎ᠡ ᠵᠦᠢᠯ ᠤᠨ ᠠᠵᠢᠯ ᠤᠨ ᠳᠤᠮᠳᠠ ᠴᠥᠮ |
︽ᠲᠦᠷᠦ ᠶᠢᠨ ᠬᠠᠭᠠᠰ ᠲᠤᠯᠭᠠᠭᠤᠷᠢ︾ ᠶᠢᠨ ᠦᠢᠯᠡᠳᠦᠯ ᠢᠶᠠᠨ ᠪᠠᠳᠠᠷᠠᠭᠤᠯᠪᠠ᠃ ᠣᠳᠣᠬᠠᠨ ᠤ ᠪᠠ |
ᠬᠤᠶᠢᠰᠢᠳᠠ ᠶᠢᠨ ᠬᠡᠰᠡᠭ ᠬᠤᠭᠤᠴᠠᠭ᠎ᠠ ᠪᠣᠯ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠢᠯᠠᠩᠭᠤᠶ᠎ᠠ |
ᠤᠰᠤ ᠠᠷᠪᠢᠯᠠᠬᠤ ᠠᠵᠢᠯᠯᠠᠭ᠎ᠠ ᠥᠷᠨᠢᠭᠦᠯᠵᠦ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠶᠢ ᠤᠯᠠᠮ ᠴᠢᠨᠠᠭᠰᠢᠳᠠ |
ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠴᠠᠭ ᠬᠤᠭᠤᠴᠠᠭ᠎ᠠ ᠪᠣᠯᠤᠨ᠎ᠠ᠂ ᠤᠯᠠᠨ ᠢᠶᠠᠷ ᠢᠶᠠᠨ ᠰᠢᠨ᠎ᠡ |
ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤᠮᠳᠠ ᠢᠲᠡᠭᠡᠯ ᠪᠢᠰᠢᠷᠡᠯ ᠤᠨ ᠰᠠᠭᠤᠷᠢ ᠪᠠᠨ ᠪᠠᠲᠤᠳᠬᠠᠵᠤ᠂ ᠰᠢᠨ᠎ᠡ |
ᠠᠶᠠᠨ ᠳᠤ ᠡᠷᠡᠯᠬᠡᠭᠯᠡᠨ ᠤᠷᠤᠭᠰᠢᠯᠠᠬᠤ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ |
ᠰᠢᠨ᠎ᠡ ᠬᠡᠪ ᠰᠤᠷᠲᠠᠯ ᠢ ᠬᠦᠳᠦᠯᠦᠨ ᠳᠠᠭᠠᠭᠤᠯᠬᠤ ᠳᠤᠮᠳᠠ ᠡᠮᠡᠭᠲᠡᠶᠢᠴᠦᠳ ᠤᠨ ᠷᠢᠳᠢ ᠰᠢᠳᠢ ᠶᠢ ᠢᠯᠡᠷᠡᠭᠦᠯᠬᠦ ᠶᠢ |
ᠬᠦᠰᠡᠵᠦ ᠪᠠᠶᠢᠨ᠎ᠠ ᠭᠡᠪᠡ᠃ |
ᠠᠵᠢᠯᠯᠠᠭ᠎ᠠ ᠶᠢᠨ ᠳᠤᠮᠳᠠ᠂ ᠭᠠᠷ ᠤᠷᠠᠯᠠᠯ ᠤᠨ ᠪᠠᠭᠰᠢ ᠠᠴᠠ ᠪᠤᠳᠤᠭᠲᠤ ᠰᠢᠯ ᠴᠣᠮᠣ ᠪᠠ ᠬᠦᠷᠦᠭᠡᠭᠦᠷ ᠤᠨ |
ᠨᠠᠭᠠᠯᠲᠠ ᠬᠢᠬᠦ ᠠᠷᠭ᠎ᠠ ᠶᠢ ᠲᠠᠨᠢᠯᠴᠠᠭᠤᠯᠵᠤ᠂ ᠣᠯᠠᠨ ᠢᠶᠠᠷ ᠢᠶᠠᠨ ᠵᠢᠷᠤᠭ ᠤᠨ ᠪᠢᠷ ᠢᠶᠠᠨ ᠪᠠᠷᠢᠵᠤ᠂ ᠰᠢᠯ ᠴᠣᠮᠣ |
ᠳᠡᠭᠡᠷ᠎ᠡ ᠨᠠᠷᠢᠨ ᠨᠢᠮᠪᠠᠶ ᠵᠢᠷᠤᠵᠤ᠂ ᠬᠠᠯᠠᠭᠤᠨ ᠳᠤᠯᠠᠭᠠᠨ᠂ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ ︽ |
ᠤᠷᠠᠨ ᠳᠠᠷᠬᠠᠨ ᠤ ᠰᠡᠳᠬᠢᠯ︾ ᠢ ᠠᠮᠢᠳᠤᠯᠢᠭ ᠢᠶᠠᠷ ᠲᠠᠶᠢᠯᠪᠤᠷᠢᠯᠠᠵᠠᠢ᠃ ᠲᠣᠰ ᠤᠳᠠᠭᠠᠨ ᠤ ᠠᠵᠢᠯᠯᠠᠭ᠎ᠠ ᠨᠢ |
ᠤᠯᠠᠮᠵᠢᠯᠠᠯᠲᠤ ᠰᠣᠶᠣᠯ ᠤᠨ ᠤᠯᠠᠮᠵᠢᠯᠠᠯ ᠪᠣᠯᠬᠤ ᠪᠠᠷ ᠪᠠᠷᠠᠬᠤ ᠥᠬᠡᠶ᠂ ᠨᠠᠩ ᠴᠤ ᠠᠵᠢᠯ ᠮᠡᠷᠭᠡᠵᠢᠯ ᠤᠨ ᠵᠣᠷᠢᠭ |
ᠰᠠᠨᠠᠭᠠᠨ ᠤ ᠦᠷᠭᠦᠯᠵᠢᠯᠡᠯ ᠪᠠᠶᠢᠵᠤ᠂ ᠡᠮᠡᠭᠲᠡᠶ ᠠᠵᠢᠯᠲᠠᠨ ᠠᠵᠢᠯᠴᠢᠨ ᠳᠤ ᠤᠷᠠᠨ ᠳᠠᠷᠬᠠᠨ ᠤ ᠬᠠᠶᠢᠷ᠎ᠠ |
ᠰᠡᠳᠬᠢᠯᠭᠡ ᠶᠢ ᠮᠡᠳᠡᠷᠡᠭᠦᠯᠵᠦ᠂ ᠤᠷᠠᠯᠢᠭ ᠤᠨ ᠵᠣᠬᠢᠶᠠᠨ ᠪᠦᠲᠦᠭᠡᠯᠭᠡ ᠶᠢᠨ ᠳᠤᠮᠳᠠ ᠤᠰᠤᠨ ᠠᠰᠢᠭᠯᠠᠯᠲᠠ ᠶᠢᠨ |
ᠡᠮᠡᠭᠲᠡᠶᠢᠴᠦᠳ ᠤᠨ ᠥᠪᠡᠷᠮᠢᠴᠡ ᠣᠶᠤᠨ ᠤᠬᠠᠭᠠᠨ ᠪᠠ ᠭᠤᠸ᠎ᠠ ᠰᠠᠶᠢᠬᠠᠨ ᠢ ᠢᠯᠡᠷᠡᠭᠦᠯᠪᠡ᠃ |
|