ᠱᠧᠩ ᠰᠢᠶᠣᠣ ᠶᠢᠥ ᠬᠠᠲᠤᠨ ᠭᠤᠤᠯ ᠤᠨ ᠰᠦᠩ ᠬᠠᠯᠢᠶ᠎ᠠ ᠶᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠤ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠨᠢᠭᠡᠳᠦᠭᠡᠷ ᠹᠷᠣᠨᠲ ᠤᠨ ᠺᠠᠳ᠋ᠷ ᠠᠵᠢᠯᠲᠠᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2025/3/7
  ᠬᠠᠲᠤᠨ ᠭᠤᠤᠯ ᠤᠨ ᠭᠤᠤᠯ ᠭᠡᠰᠬᠦ ᠵᠠᠩᠭᠢᠯᠠᠭ᠎ᠠ ᠶᠢᠨ ᠬᠤᠭᠤᠴᠠᠭᠠᠨ ᠤ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ᠂ 3 ᠳ᠋ᠤᠭᠠᠷ ᠰᠠᠷ᠎ᠠ ᠶᠢᠨ 5 ᠤ ᠡᠳᠦᠷ ᠠᠴᠠ 7 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ᠂ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠢᠥ ᠠᠵᠢᠯᠯᠠᠬᠤ ᠳᠤᠭᠤᠶᠢᠯᠠᠩ ᠢ ᠳᠠᠭᠠᠭᠤᠯᠤᠨ᠂ ᠤᠷᠢᠳ ᠬᠤᠵᠢᠳ ᠪᠤᠭᠤᠲᠤ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠶᠢᠨ ᠬᠠᠲᠤᠨ ᠭᠤᠤᠯ ᠳᠠᠭᠠᠤ ᠶᠢᠨ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠰᠥᠩ ᠭᠡᠰᠴᠦ ᠬᠠᠶᠢᠯᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ᠂ ᠬᠠᠰᠢᠯᠭ᠎ᠠ ᠳᠠᠯᠠᠩ ᠢ ᠲᠣᠭᠤᠷᠢᠨ ᠪᠠᠶᠢᠴᠠᠭᠠᠵᠤ ᠠᠶᠤᠯ ᠢ ᠪᠠᠶᠢᠴᠠᠭᠠᠭᠰᠠᠨ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠵᠦ᠂ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠢᠨᠠᠨ ᠵᠢᠯᠣᠭᠤᠳᠬᠤ ᠶᠢᠨ ᠬᠠᠮᠲᠤ ᠨᠢᠭᠡᠳᠦᠭᠡᠷ ᠹᠷᠣᠨᠲ ᠢ ᠪᠠᠲᠤ ᠰᠠᠬᠢᠵᠤ ᠪᠠᠶᠢᠭ᠎ᠠ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠤᠨ ᠠᠵᠢᠯᠲᠠᠳ ᠢ ᠪᠣᠯᠭᠤᠭᠠᠨ ᠲᠣᠬᠤᠨᠢᠭᠤᠯᠪᠠ᠃
线干部职工1.jpg
  ᠱᠧᠩ ᠰᠢᠶᠣᠣ ᠶᠢᠦ ᠠᠴᠠ᠂ ᠣᠳᠣᠬᠠᠨ ᠳᠤ ᠪᠦᠬᠦ ᠤᠯᠤᠰ ᠤᠨ ᠬᠤᠶᠠᠷ ᠬᠤᠷᠠᠯ ᠶᠠᠭ ᠰᠠᠶᠢᠬᠠᠨ ᠬᠤᠷᠠᠯᠳᠤᠵᠤ ᠪᠠᠶᠢᠨ᠎ᠠ᠂ ᠬᠠᠳᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠬᠦᠨᠳᠦ ᠶᠡᠭᠡ ᠪᠠᠶᠢᠬᠤ ᠶᠢ ᠪᠠᠲᠤᠯᠠᠵᠤ᠂ ᠡᠯ᠎ᠡ ᠭᠠᠵᠠᠷ ᠤᠨ ᠬᠢᠨ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠣᠯᠤᠨ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠬᠥᠳᠡᠯᠭᠡᠬᠦ ᠬᠦᠴᠦᠨ ᠢᠶᠠᠷ ᠡᠯ᠎ᠡ ᠵᠦᠢᠯ ᠤᠨ ᠰᠡᠷᠭᠡᠶᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠵᠤ᠂ ᠬᠠᠳᠤᠨ ᠭᠤᠣᠯ ᠤᠨ ᠭᠤᠣᠯ ᠰᠠᠯᠪᠤᠷᠢ ᠤᠷᠤᠰᠬᠠᠯ ᠤᠨ ᠬᠠᠰᠢᠯᠭ᠎ᠠ ᠰᠡᠲᠡᠷᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
线干部职工2.jpg
  ᠱᠧᠩ ᠰᠢᠶᠣᠣ ᠶᠢᠦ ᠠᠴᠠ᠂ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠳᠦᠷᠢᠮ ᠢᠶᠠᠷ ᠭᠤᠣᠯ ᠪᠣᠯᠭᠠᠭᠰᠠᠨ ᠰᠦᠩ ᠬᠠᠯᠢᠶ᠎ᠠ ᠶᠢ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠬᠠᠷᠢᠭᠤᠴᠠᠯᠭᠠᠲᠠᠨ ᠡᠷᠬᠡᠪᠰᠢ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰ ᠭᠠᠵᠠᠷ ᠣᠷᠣᠨ ᠤ ᠪᠣᠳᠠᠲᠤ ᠪᠠᠶᠢᠳᠠᠯ ᠠᠴᠠ ᠡᠭᠦᠰᠴᠦ᠂ ᠬᠠᠷᠢᠭᠤᠴᠠᠯᠭ᠎ᠠ ᠶᠢᠨ ᠳᠦᠷᠢᠮ ᠢ ᠡᠯ᠎ᠡ ᠭᠤᠭᠴᠤᠭ᠎ᠠ ᠳᠤ ᠦᠨᠡᠨ ᠬᠦ ᠲᠤᠭᠤᠰᠢᠯᠠᠭᠤᠯᠬᠤ ᠬᠡᠷᠡᠭᠲᠡᠢ︔ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠤᠷᠤᠭᠰᠢ ᠨᠢᠭᠡ ᠠᠯᠬᠤᠮ  ᠠᠯᠬᠤᠵᠤ᠂ ᠠᠵᠢᠯᠲᠠᠨ᠂ ᠮᠡᠷᠭᠡᠵᠢᠯ᠂ ᠢᠨᠵᠧᠨᠧᠷᠢᠩ ᠵᠡᠷᠭᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠰᠦᠩ ᠬᠠᠯᠢᠶ᠎ᠠ ᠶᠢ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠬᠦ ᠬᠡᠷᠡᠭᠲᠡᠢ︔ ᠴᠠᠭ ᠠᠭᠤᠷ ᠤᠨ ᠬᠤᠪᠢᠷᠠᠯᠲᠠ ᠵᠢᠴᠢ ᠴᠢᠬᠤᠯᠠ ᠶᠡᠭᠡ ᠴᠠᠭ ᠠᠭᠤᠷ ᠤᠨ ᠶᠠᠪᠤᠴᠠ ᠶᠢ ᠴᠠᠭ ᠲᠤᠬᠠᠶ ᠳᠤ ᠨᠢ ᠡᠵᠡᠮᠰᠢᠵᠦ᠂ ᠤᠰᠤᠨ ᠤ ᠪᠠᠶᠢᠳᠠᠯ᠂ ᠮᠦᠰᠦᠨ ᠤ ᠪᠠᠶᠢᠳᠠᠯ᠂ ᠠᠵᠢᠯ ᠤᠨ ᠪᠠᠶᠢᠳᠠᠯ ᠢ ᠬᠥᠳᠡᠯᠦᠩᠭᠦᠶ ᠪᠠᠷ ᠡᠵᠡᠮᠰᠢᠬᠦ ᠬᠡᠷᠡᠭᠲᠡᠢ︔ ᠰᠦᠩ ᠬᠠᠯᠢᠶ᠎ᠠ ᠶᠢ ᠰᠡᠷᠭᠡᠶᠢᠯᠡᠬᠦ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠰᠢᠨᠡᠳᠬᠡᠵᠦ᠂ ᠪᠡᠯᠡᠳᠬᠡᠯ ᠲᠥᠰᠦᠯ ᠤᠨ ᠰᠢᠨᠵᠢᠯᠡᠬᠦ ᠤᠬᠠᠭᠠᠨᠴᠢ ᠴᠢᠨᠠᠷ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠨᠡᠮᠡᠭᠳᠡᠭᠦᠯᠬᠦ ᠬᠡᠷᠡᠭᠲᠡᠶ︔ ᠡᠯ᠎ᠡ ᠵᠦᠢᠯ ᠤᠨ ᠲᠦᠢᠯ ᠤᠨ ᠨᠥᠬᠦᠴᠡᠯ ᠢ ᠳᠠᠭᠤᠷᠢᠶᠠᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠦᠩ ᠬᠠᠯᠢᠶ᠎ᠠ ᠶᠢ ᠰᠡᠷᠭᠡᠶᠢᠯᠡᠬᠦ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔ ᠵᠢᠯᠣᠭᠤᠴᠢ ᠦᠭᠡᠢ ᠮᠠᠰᠢᠨ ᠵᠡᠷᠭᠡ ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠵᠤ᠂ ᠰᠦᠩ ᠬᠠᠯᠢᠶ᠎ᠠ ᠶᠢᠨ ᠦᠶᠡᠷ ᠬᠢᠯᠪᠠᠷᠬᠠᠨ ᠡᠭᠦᠰᠬᠦ ᠭᠤᠣᠯ ᠤᠨ ᠬᠡᠰᠡᠭ᠂ ᠭᠤᠣᠯᠳᠠᠯᠭ᠎ᠠ ᠲᠠᠢ ᠬᠠᠰᠢᠯᠭ᠎ᠠ ᠶᠢᠨ ᠬᠡᠰᠡᠭ᠂ ᠬᠠᠰᠢᠯᠭ᠎ᠠ ᠶᠢᠨ ᠪᠠᠷᠢᠯᠭ᠎ᠠ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠲᠣᠭᠤᠷᠢᠨ ᠪᠠᠶᠢᠴᠠᠭᠠᠵᠤ ᠰᠡᠷᠭᠡᠶᠢᠯᠡᠨ ᠰᠠᠬᠢᠬᠤ ᠶᠢ ᠴᠢᠩᠭᠠᠳᠬᠠᠬᠤ ᠬᠡᠷᠡᠭᠲᠡᠢ︔ ᠬᠤᠯᠪᠣᠭᠳᠠᠯ ᠪᠦᠬᠦᠢ ᠲᠤᠷᠰᠢᠯᠭ᠎ᠠ ᠶᠢ ᠳ᠋ᠦᠩᠨᠡᠬᠦ ᠪᠠ ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ ᠠᠳᠬᠤᠵᠤ᠂ ᠮᠡᠳᠡᠭᠡ ᠵᠠᠩᠭᠢ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠪᠦᠬᠦ ᠱᠤᠭᠤᠮ ᠤᠨ ᠲᠣᠭᠲᠠᠭᠤᠨ ᠢᠶᠠᠷ ᠭᠤᠣᠯ ᠢ ᠨᠡᠭᠡᠭᠡᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃   ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠠᠮᠢᠶ᠎ᠠ ᠪᠥᠬᠦᠶ ᠭᠠᠵᠠᠷ ᠠᠯᠪᠠᠨ ᠬᠡᠷ᠂ ᠪᠤᠭᠤᠲᠤ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠲᠣᠰ ᠲᠣᠰ ᠪᠠᠶᠢᠴᠠᠭᠠᠨ ᠰᠤᠳᠤᠯᠤᠯᠲᠠ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ᠂ ᠠᠵᠢᠯᠲᠠᠳ ᠶᠠᠷᠢᠯᠴᠠᠬᠤ ᠬᠤᠷᠠᠯ ᠳᠤ ᠣᠷᠣᠯᠴᠠᠵᠠᠶ᠃
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
ᠬᠠᠮᠢᠶ᠎ᠡ ᠪᠦᠬᠦᠢ ᠰᠣᠨᠢᠨ
2014-2015 ©ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map