ᠰᠢᠨᠬᠤᠸᠠ ᠬᠤᠷᠢᠶ᠎ᠠ ᠶᠢᠨ ᠱᠠᠩᠬᠠᠢ ᠶᠢᠨ 4 ᠰᠠᠷ᠎ᠠ ᠶᠢᠨ 29 ᠤ ᠴᠠᠭᠢᠯᠭᠠᠨ ᠮᠡᠳᠡᠭᠡ |
4 ᠰᠠᠷ᠎ᠠ ᠶᠢᠨ 29 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠱᠠᠩᠬᠠᠢ ᠳᠤ |
ᠠᠯᠲᠠᠨ ᠲᠣᠭᠤᠰᠭ᠋᠎ᠠ ᠤᠯᠤᠰ ᠤᠳ ᠤᠨ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠳᠤ ᠠᠶᠢᠯᠴᠢᠯᠠᠬᠤ ᠶᠢᠨ |
ᠬᠠᠮᠲᠤ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠦᠸᠧᠰᠠᠶᠢᠹᠦ᠋ ᠲᠠᠢ ᠠᠭᠤᠯᠵᠠᠪᠠ᠃ |
|
|
|
|
|
4 ᠰᠠᠷ᠎ᠠ ᠶᠢᠨ 29 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠱᠠᠩᠬᠠᠢ ᠳᠤ |
ᠠᠯᠲᠠᠨ ᠲᠣᠭᠤᠰᠭ᠋᠎ᠠ ᠤᠯᠤᠰ ᠤᠳ ᠤᠨ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠳᠤ ᠠᠶᠢᠯᠴᠢᠯᠠᠬᠤ ᠶᠢᠨ |
ᠬᠠᠮᠲᠤ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠦᠸᠧᠰᠠᠶᠢᠹᠦ᠋ ᠲᠠᠢ ᠠᠭᠤᠯᠵᠠᠪᠠ᠃ |
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ |
ᠰᠢ ᠶᠢᠨ ᠫᠢᠩ ᠢ ᠬᠦᠷᠬᠦ ᠦᠶ᠎ᠡ ᠳᠤ᠂ ᠯᠦᠸᠧᠰᠠᠶᠢᠹᠦ᠋ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ |
4 ᠳᠡᠳ᠋ ᠳᠠᠷᠤᠭ᠎ᠠ ᠵᠢᠴᠢ ᠠᠵᠢᠯᠲᠠᠳ ᠢᠶᠠᠨ ᠳᠠᠭᠠᠭᠤᠯᠤᠨ ᠬᠠᠯᠠᠭᠤᠨ ᠢᠶᠠᠷ ᠤᠭᠲᠤᠪᠠ᠃ |
ᠰᠢ ᠶᠢᠨ ᠫᠢᠩ ᠯᠦᠸᠧᠰᠠᠶᠢᠹᠦ᠋ ᠶᠢᠨ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠪᠠᠷ |
ᠳᠠᠬᠢᠨᠲᠠ ᠰᠣᠩᠭᠤᠭᠳᠠᠭᠰᠠᠨ ᠳᠤ ᠪᠠᠶᠠᠷ ᠬᠦᠷᠭᠡᠪᠡ᠃ ᠰᠢ ᠶᠢᠨ ᠫᠢᠩ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ |
ᠪᠠᠩᠬᠢ ᠪᠣᠯ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠨ |
ᠡᠭᠦᠳᠦᠨ ᠪᠠᠶᠢᠭᠤᠯᠤᠭᠰᠠᠨ ᠪᠥᠭᠡᠳ ᠭᠤᠣᠯᠯᠠᠨ ᠤᠳᠤᠷᠢᠳᠤᠭᠰᠠᠨ ᠠᠩᠬᠠᠳᠠᠭᠴᠢ ᠤᠯᠠᠨ ᠲᠠᠯᠠᠲᠤ ᠨᠡᠭᠡᠭᠡᠨ |
ᠬᠥᠭᠵᠢᠭᠦᠯᠦᠯᠲᠡ ᠶᠢᠨ ᠪᠠᠶᠢᠭᠤᠯᠤᠮᠵᠢ ᠪᠣᠯᠣᠨ᠎ᠠ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ |
ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠡᠭᠦᠳᠦᠯᠲᠡ ᠪᠣᠯᠣᠨ᠎ᠠ᠂ ᠪᠦᠭᠦ ᠪᠥᠮᠪᠥᠷᠴᠡᠭ ᠤᠨ ᠵᠠᠰᠠᠯᠲᠠ ᠶᠢ |
ᠥᠭᠡᠷᠡᠴᠢᠯᠡᠨ ᠲᠡᠭᠦᠯᠳᠡᠷᠵᠢᠭᠦᠯᠬᠦ ᠲᠡᠦᠬᠡ ᠶᠢᠨ ᠤᠷᠤᠰᠬᠠᠯ ᠳᠤ ᠵᠣᠬᠢᠴᠠᠵᠤ᠂ ᠤᠯᠠᠨ ᠤᠯᠤᠰ ᠤᠨ ᠮᠥᠩᠭᠦᠨ |
ᠭᠦᠢᠯᠭᠡᠭᠡᠨ ᠤ ᠰᠢᠰᠲ᠋ᠧᠮ ᠳᠠᠬᠢ ᠰᠢᠨ᠎ᠡ ᠪᠠᠷ ᠮᠠᠨᠳᠤᠭᠰᠠᠨ ᠬᠦᠴᠦᠨ ᠪᠣᠯᠣᠨ ᠪᠦᠭᠦ ᠪᠥᠮᠪᠥᠷᠴᠡᠭ ᠤᠨ ᠬᠥᠭᠵᠢᠵᠦ |
ᠪᠠᠶᠢᠭ᠎ᠠ ᠤᠯᠤᠰ ᠤᠨ ᠬᠠᠮᠲᠤᠷᠠᠯᠴᠠᠭᠠᠨ ᠤ ᠠᠯᠳᠠᠨ ᠦᠰᠦᠭᠲᠦ ᠫᠠᠶᠢᠰᠠ ᠪᠣᠯᠵᠤ ᠪᠣᠶᠢᠵᠢᠵᠠᠢ ᠭᠡᠵᠦ ᠵᠢᠭᠠᠵᠤ |
ᠭᠠᠷᠭᠠᠪᠠ᠃ |
ᠰᠢ ᠶᠢᠨ ᠫᠢᠩ᠂ ︽ᠲᠣᠮᠣ ᠠᠯᠲᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ︾ ᠨᠢᠭᠡᠨᠲᠡ ᠴᠢᠨᠠᠷ |
ᠰᠠᠶᠢᠲᠠᠢ ᠬᠥᠭᠵᠢᠯᠲᠡ ᠶᠢᠨ ᠱᠠᠲᠤᠨ ᠳᠤ ᠣᠷᠣᠪᠠ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠴᠤ ᠴᠢᠨᠠᠷ |
ᠰᠠᠶᠢᠲᠠᠢ ᠬᠥᠭᠵᠢᠯᠲᠡ ᠶᠢᠨ ᠬᠤᠶᠠᠳᠠᠭᠢ ︽ᠰᠢᠵᠢᠷ ᠠᠯᠲᠠᠨ ᠠᠷᠪᠠᠨ ᠵᠢᠯ︾ ᠢ ᠡᠬᠢᠯᠡᠭᠦᠯᠬᠦ ᠬᠡᠷᠡᠭᠲᠡᠢ᠃ ᠤᠭ |
ᠰᠠᠨᠠᠭ᠎ᠠ ᠪᠠᠨ ᠦᠢᠯᠡᠳᠦᠯᠭᠡᠵᠢᠭᠦᠯᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠬᠥᠭᠵᠢᠯᠲᠡ ᠶᠢᠨ |
ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠨᠡᠩ ᠤᠯᠠᠨ ᠴᠢᠨᠠᠷ ᠰᠠᠶᠢᠲᠠᠢ᠂ ᠥᠪᠡᠷ ᠤᠨ ᠦᠷᠳᠡᠭ ᠢᠶᠠᠷ ᠳᠣᠣᠷ᠎ᠠ᠂ |
ᠦᠷᠭᠦᠯᠵᠢᠯᠡᠬᠦ ᠰᠠᠭᠤᠷᠢ ᠲᠥᠬᠦᠭᠡᠷᠦᠮᠵᠢ ᠶᠢᠨ ᠪᠡᠯᠡ ᠬᠤᠷᠠᠮᠳᠤᠭᠤᠯᠭ᠎ᠠ ᠶᠢ ᠬᠠᠩᠭᠠᠬᠤ ᠭᠡᠷᠡᠭᠲᠡᠢ︔ ᠳᠣᠲᠣᠷ |
ᠲᠠᠮᠢᠷ ᠢᠶᠠᠨ ᠰᠠᠶᠢᠲᠤᠷ ᠪᠤᠯᠪᠠᠰᠤᠷᠠᠭᠤᠯᠵᠤ᠂ ᠬᠠᠮᠢᠶᠠᠷᠤᠯᠲᠠ ᠪᠠ ᠡᠵᠡᠩᠨᠡᠯᠲᠡ ᠪᠠᠨ ᠲᠡᠭᠦᠯᠳᠡᠷᠵᠢᠭᠦᠯᠵᠦ᠂ ᠨᠡᠩ ᠤᠯᠠᠨ |
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ᠂ ᠪᠣᠬᠢᠷᠳᠤᠯ ᠦᠭᠡᠢ ᠮᠥᠩᠭᠦᠨ ᠭᠦᠢᠯᠭᠡᠭᠡᠨ ᠤ |
ᠲᠦᠷᠦᠯ ᠵᠦᠢᠯ ᠢ ᠬᠡᠷᠡᠭᠵᠢᠭᠦᠯᠵᠦ᠂ ᠬᠥᠭᠵᠢᠵᠦ ᠪᠠᠶᠢᠭ᠎ᠠ ᠤᠯᠤᠰ ᠤᠳ ᠤᠨ ᠲᠤᠭᠠᠴᠢᠯᠠᠯᠳᠠ ᠶᠢᠨ ᠵᠥᠷᠢᠶ᠎ᠡ ᠶᠢ |
ᠠᠷᠢᠯᠭᠠᠬᠤ ᠳᠤ ᠬᠦᠴᠦ ᠨᠡᠮᠡᠷᠢᠯᠡᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ |
ᠬᠤᠪᠢᠷᠠᠭᠤᠯᠬᠤ ᠶᠢ ᠲᠦᠷᠭᠡᠳᠬᠡᠬᠦ ᠭᠡᠷᠡᠭᠲᠡᠢ︔ ᠵᠠᠮ ᠨᠡᠭᠡᠭᠡᠨ ᠤᠷᠤᠭᠰᠢᠯᠠᠵᠤ᠂ ᠤᠯᠠᠨ ᠤᠯᠤᠰ ᠤᠨ ᠮᠥᠩᠭᠦᠨ |
ᠭᠦᠢᠯᠭᠡᠭᠡᠨ ᠤ ᠪᠦᠲᠦᠴᠡ ᠶᠢᠨ ᠥᠭᠡᠷᠡᠴᠢᠯᠡᠯᠲᠡ ᠶᠢᠨ ᠶᠠᠷᠢᠯᠴᠠᠭ᠎ᠠ ᠳᠤᠮᠳᠠ ᠪᠦᠭᠦ ᠪᠥᠮᠪᠥᠷᠴᠡᠭ ᠤᠨ ᠬᠥᠭᠵᠢᠵᠦ |
ᠪᠠᠶᠢᠭ᠎ᠠ ᠤᠯᠤᠰ ᠤᠨ ᠳᠠᠭᠤᠨ ᠢ ᠲᠣᠮᠣᠷᠠᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠵᠦᠢ |
ᠶᠣᠰᠣᠨ ᠤ ᠡᠷᠬᠡ ᠠᠰᠢᠭ ᠢ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ |
ᠣᠳᠣᠬᠢᠴᠢᠯᠠᠯᠲᠠ ᠶᠢᠨ ᠵᠠᠮ ᠢᠶᠠᠷ ᠰᠠᠶᠢᠲᠤᠷ ᠵᠠᠮᠨᠠᠬᠤ ᠶᠢ ᠳᠡᠮᠵᠢᠬᠦ ᠬᠡᠷᠡᠭᠲᠡᠢ᠃ ᠳᠤᠮᠳᠠᠳᠤ ᠶᠢᠨ ᠲᠠᠯ᠎ᠠ ᠶᠢᠨ ᠬᠢᠨ |
ᠡᠷᠭᠢᠯᠡᠭᠴᠢ ᠤᠯᠤᠰ ᠪᠣᠯᠤᠭᠰᠠᠨ ᠤ ᠬᠤᠪᠢ ᠳᠤ᠂ ᠥᠩᠭᠡᠷᠡᠭᠰᠡᠨ ᠲᠠᠢ ᠪᠠᠨ ᠠᠳᠠᠯᠢ ᠪᠠᠷ ᠰᠢᠨ᠎ᠡ ᠨᠡᠭᠡᠭᠡᠨ |
ᠬᠥᠭᠵᠢᠭᠦᠯᠦᠯᠲᠡ ᠶᠢᠨ ᠪᠠᠩᠬᠢ ᠶᠢᠨ ᠡᠵᠡᠩᠨᠡᠯᠲᠡ ᠬᠥᠭᠵᠢᠯᠲᠡ ᠶᠢ ᠲᠡᠮᠵᠢᠵᠤ᠂ ᠳᠤᠷᠠᠲᠠᠶ᠎ᠠ ᠰᠢᠨ᠎ᠡ ᠨᠡᠭᠡᠭᠡᠨ |
ᠬᠥᠭᠵᠢᠭᠦᠯᠦᠯᠲᠡ ᠶᠢᠨ ᠪᠠᠩᠬᠢ ᠲᠠᠢ ᠲᠦᠷᠦᠯ ᠵᠦᠢᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠣᠬᠢᠷᠳᠤᠯ ᠦᠭᠡᠢ᠂ |
ᠰᠢᠨ᠎ᠡ ᠶᠢ ᠡᠭᠦᠳᠬᠦ᠂ ᠦᠷᠭᠦᠯᠵᠢᠯᠡᠬᠦ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ |
ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠭᠡᠯ ᠤᠯᠤᠨ᠎ᠠ︔ ᠳᠤᠷᠠᠲᠠᠶ᠎ᠠ ᠰᠢᠨ᠎ᠡ ᠨᠡᠭᠡᠭᠡᠨ ᠬᠥᠭᠵᠢᠭᠦᠯᠦᠯᠲᠡ ᠶᠢᠨ |
ᠪᠠᠩᠬᠢ ᠪᠠᠷ ᠳᠠᠮᠵᠢᠭᠤᠯᠤᠨ ᠪᠤᠰᠤᠳ ᠪᠦᠷᠢᠯᠳᠦᠭᠦᠨ ᠤᠯᠤᠰ ᠲᠠᠢ ᠬᠥᠭᠵᠢᠯᠲᠡ ᠶᠢᠨ ᠲᠤᠷᠰᠢᠯᠭ᠎ᠠ ᠪᠠᠨ |
ᠬᠤᠪᠢᠶᠠᠯᠴᠠᠵᠤ᠂ ᠤᠯᠠᠨ ᠤᠯᠤᠰ ᠤᠨ ᠤᠯᠠᠨ ᠨᠡᠶᠢᠲᠡ ᠶᠢᠨ ᠦᠢᠯᠡᠳᠬᠦᠨ ᠢ ᠨᠡᠩ ᠤᠯᠠᠨ ᠬᠠᠩᠭᠠᠨ᠎ᠠ ᠭᠡᠵᠦ |
ᠴᠢᠬᠤᠯᠠᠴᠢᠯᠠᠪᠠ᠃ |
ᠰᠢ ᠶᠢᠨ ᠫᠢᠩ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠪᠦᠯᠭᠦᠮ ᠴᠣᠭᠴᠠ ᠶᠢᠨ |
ᠴᠢᠨᠠᠷᠲᠠᠢ ᠪᠠᠷ ᠬᠥᠭᠵᠢᠨ ᠮᠠᠨᠳᠤᠬᠤ ᠨᠢ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ ᠬᠠᠮᠲᠤ ᠶᠢᠨ |
ᠬᠥᠭᠵᠢᠯᠲᠡ ᠶᠢ ᠠᠬᠢᠭᠤᠯᠬᠤ᠂ ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠴᠢᠬᠤᠯᠠ ᠬᠦᠴᠦᠨ |
ᠪᠣᠯᠤᠭᠰᠠᠨ ᠪᠠᠶᠢᠨ᠎ᠠ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠬᠥᠮᠥᠨ ᠲᠥᠷᠥᠯᠬᠢᠲᠡᠨ ᠤ |
ᠬᠥᠭᠵᠢᠯᠲᠡ ᠲᠠᠪᠰᠢᠯᠳᠠ ᠶᠢᠨ ᠶᠡᠭᠡ ᠴᠢᠭᠯᠡᠯ ᠬᠤᠪᠢᠷᠠᠬᠤ ᠦᠭᠡᠢ ᠶᠤᠮ᠃ ᠳᠤᠮᠳᠠᠳᠤ ᠤᠯᠤᠰ ᠤᠨ ᠬᠥᠭᠵᠢᠯᠲᠡ ᠪᠣᠯ |
ᠥᠪᠡᠷ ᠤᠨ ᠬᠦᠴᠦ ᠪᠠᠷ ᠢᠶᠠᠨ ᠳᠡᠭᠵᠢᠷᠡᠵᠦ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠳᠤ ᠲᠦᠰᠢᠭᠯᠡᠨ᠎ᠡ᠂ ᠲᠤᠰ |
ᠪᠡᠶ᠎ᠡ ᠶᠢᠨ ᠵᠦᠢ ᠶᠣᠰᠣᠨ ᠤ ᠡᠷᠬᠡ ᠠᠰᠢᠭ ᠪᠠ ᠳᠡᠯᠡᠬᠡᠢ ᠨᠡᠶᠢᠲᠡ ᠶᠢᠨ ᠬᠠᠮᠲᠤ ᠶᠢᠨ ᠠᠰᠢᠭ ᠲᠤᠰᠠ ᠶᠢ ᠡᠷᠡᠰ |
ᠬᠠᠮᠠᠭᠠᠯᠠᠨ᠎ᠠ ᠭᠡᠵᠦ ᠵᠢᠭᠠᠵᠤ ᠭᠠᠷᠭᠠᠪᠠ᠃ |
ᠯᠦᠸᠧᠰᠠᠶᠢᠹᠦ᠋ ᠳᠤᠮᠳᠠᠳᠤ ᠤᠯᠤᠰ ᠤᠨ ᠤᠷᠳᠤ ᠬᠤᠭᠤᠴᠠᠭᠠᠨ ᠤ ᠲᠤᠷᠰᠢ ᠰᠢᠨ᠎ᠡ ᠨᠡᠭᠡᠭᠡᠨ |
ᠬᠥᠭᠵᠢᠭᠦᠯᠦᠯᠲᠡ ᠶᠢᠨ ᠪᠠᠩᠬᠢ ᠶᠢᠨ ᠬᠥᠭᠵᠢᠨ ᠪᠤᠵᠠᠭᠠᠶᠢᠷᠠᠬᠤ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ |
ᠲᠠᠯᠠᠷᠬᠠᠵᠤ᠂ ᠲᠡᠷᠢᠭᠦᠯᠡᠭᠴᠢ ᠰᠢ ᠶᠢᠨ ᠫᠢᠩ ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ |
ᠶᠡᠷᠦ ᠪᠤᠰᠤ ᠶᠢᠨ ᠬᠥᠭᠵᠢᠯᠲᠡ ᠶᠢᠨ ᠠᠮᠵᠢᠯᠲᠠ ᠣᠯᠵᠤ᠂ ᠪᠦᠭᠦ ᠪᠥᠮᠪᠥᠷᠴᠡᠭ ᠤᠨ ᠵᠠᠰᠠᠯᠲᠠ ᠶᠢ ᠠᠬᠢᠭᠤᠯᠬᠤ ᠳᠤ |
ᠴᠢᠬᠤᠯᠠ ᠦᠢᠯᠡᠳᠦᠯ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ |
ᠬᠦᠰᠡᠯ ᠲᠡᠮᠡᠦᠯᠦᠯ ᠢ ᠯᠠᠪᠲᠠᠢ ᠪᠡᠶᠡᠯᠡᠭᠦᠯᠵᠦ ᠴᠢᠳᠠᠨ᠎ᠠ ᠭᠡᠵᠦ ᠢᠯᠡᠳᠬᠡᠪᠡ᠃ ᠲᠡᠷᠡ᠂ ᠣᠳᠣᠬᠠᠨ ᠤ ᠬᠤᠪᠢᠰᠤᠯᠲᠠ |
ᠶᠡᠬᠡᠲᠡᠢ ᠳᠡᠯᠡᠬᠡᠢ ᠶᠢᠨ ᠪᠠᠶᠢᠳᠠᠯ ᠳᠣᠣᠷ᠎ᠠ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠦᠭᠦ ᠪᠥᠮᠪᠥᠷᠴᠡᠭ ᠤᠨ |
ᠬᠥᠭᠵᠢᠵᠦ ᠪᠠᠶᠢᠭ᠎ᠠ ᠤᠯᠤᠰ ᠤᠨ ᠠᠰᠢᠭ ᠲᠤᠰᠠ ᠶᠢ ᠡᠷᠡᠰ ᠬᠠᠮᠠᠭᠠᠯᠠᠵᠤ᠂ ᠤᠯᠠᠨ ᠲᠠᠯᠠᠲᠤ ᠦᠵᠡᠯ ᠢ ᠡᠷᠡᠰ |
ᠲᠡᠮᠵᠢᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ᠂ ᠬᠥᠮᠥᠨ ᠲᠥᠷᠥᠯᠬᠢᠲᠡᠨ ᠤ |
ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠳᠡᠯᠡᠬᠡᠢ ᠨᠡᠶᠢᠭᠡᠮ ᠳᠤ ᠬᠡᠪ |
ᠳᠠᠭᠤᠷᠢᠶᠠᠯ ᠦᠵᠡᠭᠦᠯᠪᠡ᠃ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠨᠢ ᠤᠯᠠᠨ ᠤᠯᠤᠰ ᠤᠨ ᠬᠠᠤᠯᠢ ᠶᠢᠨ |
ᠡᠷᠬᠡ ᠰᠦᠷ ᠢ ᠡᠪᠳᠡᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ |
ᠬᠤᠬᠢᠷᠠᠭᠤᠯᠪᠠ᠃ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠤᠭ ᠰᠠᠨᠠᠭ᠎ᠠ ᠪᠠᠨ ᠪᠠᠲᠤ ᠰᠠᠬᠢᠵᠤ᠂ ᠢᠳᠡᠪᠬᠢᠲᠡᠢ |
ᠠᠵᠢᠯᠯᠠᠵᠤ᠂ ᠬᠥᠭᠵᠢᠵᠦ ᠪᠠᠶᠢᠭ᠎ᠠ ᠤᠯᠤᠰ ᠪᠣᠯᠣᠨ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠤᠨ |
ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ ᠭᠡᠵᠦ ᠬᠡᠯᠡᠪᠡ᠃ |
ᠼᠠᠢ ᠴᠢ᠂ ᠾᠧ ᠯᠢ ᠹᠧᠩ᠂ ᠴᠧᠨ ᠵᠢᠢ ᠨᠢᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ |
|