| ᠤᠰᠤ ᠠᠷᠪᠢᠯᠠᠵᠤ ᠤᠰᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠦᠨ ᠡᠬᠡ ᠤᠯᠤᠰ ᠤᠨ |
ᠤᠮᠠᠷᠠᠲᠤ ᠬᠢᠯᠢ ᠶᠢᠨ ᠬᠥᠮᠥᠨ ᠤᠰᠤᠨ ᠤ ᠡᠶ᠎ᠡ ᠵᠣᠬᠢᠴᠠᠯ ᠲᠠᠢ ᠰᠢᠨ᠎ᠡ ᠬᠠᠭᠤᠳᠠᠰᠤ ᠶᠢ ᠵᠢᠷᠤᠭᠯᠠᠪᠠ |
|
ᠳᠤᠮᠳᠠᠳᠤ ᠤᠯᠤᠰ ᠤᠨ ᠡᠪ ᠬᠠᠮᠲᠤ ᠨᠠᠮ ᠤᠨ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ |
ᠵᠠᠰᠠᠬᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠲᠠᠨ ᠬᠤᠸᠠ |
|
ᠨᠤᠨ ᠮᠥᠷᠡᠨ ᠤ ᠤᠰᠤ ᠮᠢᠩᠭᠠᠨ ᠭᠠᠵᠠᠷ ᠤᠨ ᠬᠥᠬᠡᠮᠳᠦᠭ ᠤᠰᠤ ᠲᠠᠢ ᠂ ᠨᠣᠮᠢᠨ ᠭᠤᠣᠯ ᠲᠦᠮᠡᠨ ᠡᠷᠦᠭᠡ ᠶᠢ |
ᠤᠮᠳᠠᠯᠠᠨ᠎ᠠ ᠃ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠠᠪᠠ ᠭᠠᠵᠠᠷ ᠤᠨ |
ᠲᠠᠯᠠᠪᠠᠢ ᠨᠢ 50 ᠲᠡᠭᠰᠢ ᠳᠥᠷᠪᠡᠯᠵᠢᠨ ᠺᠢᠯᠣᠮᠧᠲᠷ ᠠᠴᠠ ᠳᠡᠭᠡᠭᠰᠢ ᠭᠤᠣᠯ ᠮᠥᠷᠡᠨ 65 ᠵᠤᠷᠪᠤᠰ ᠪᠠᠶᠢᠵᠦ ᠂ |
ᠡᠲᠡᠭᠡᠷ ᠤᠷᠤᠰᠴᠤ ᠪᠠᠶᠢᠭ᠎ᠠ ᠠᠮᠢ ᠨᠠᠰᠤᠨ ᠤ ᠡᠬᠢ ᠰᠤᠷᠪᠤᠯᠵᠢ ᠨᠢ ᠡᠨᠡ ᠬᠦ ᠨᠤᠲᠤᠭ ᠳᠡᠪᠢᠰᠬᠡᠷ ᠲᠤ ᠮᠤᠷᠤᠯᠵᠠᠨ |
ᠰᠦᠯᠵᠢᠯᠳᠦᠵᠦ ᠂ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠪᠣᠶ ᠪᠣᠯᠭᠠᠵᠤ ᠂ ᠠᠭᠤᠯᠠ ᠤᠰᠤᠨ ᠤ |
ᠦᠵᠡᠰᠬᠦᠯᠡᠩᠲᠦ ᠰᠠᠶᠢᠬᠠᠨ ᠢ ᠵᠢᠷᠤᠭᠯᠠᠵᠠᠢ ᠃ ᠤᠢᠢᠷ᠎ᠠ ᠶᠢᠨ ᠵᠢᠯ ᠠᠴᠠ ᠂ ᠪᠢᠳᠡ ᠶᠡᠷᠦᠩᠬᠡᠢ ᠱᠦᠵᠢ ᠰᠢ ᠶᠢᠨ |
ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ ᠂ |
ᠰᠢᠰᠲ᠋ᠧᠮ ᠲᠠᠢ ᠵᠠᠰᠠᠬᠤ ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠪᠣᠯᠤᠨ ᠤᠰᠤ ᠶᠢ |
ᠵᠠᠰᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ︽ |
ᠤᠰᠤ ᠪᠠᠷ ᠳᠥᠷᠪᠡᠨ ᠵᠦᠢᠯ ᠢ ᠲᠣᠭᠲᠠᠭᠠᠬᠤ︾ ᠵᠠᠷᠴᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ ᠂ ᠤᠰᠤᠨ ᠤ ᠡᠬᠢ |
ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ ᠂ ᠤᠰᠤ ᠠᠷᠪᠢᠯᠠᠬᠤ |
ᠤᠰᠤ ᠬᠠᠮᠠᠭᠠᠯᠠᠬᠤ ᠰᠢᠨ᠎ᠡ ᠬᠠᠷᠢᠭᠤᠯᠲᠠ ᠶᠢᠨ ᠬᠠᠭᠤᠳᠠᠰᠤ ᠂ ᠬᠥᠮᠦᠨ ᠤᠰᠤᠨ ᠤ ᠡᠶ᠎ᠡ ᠵᠣᠬᠢᠴᠠᠩᠭᠤᠢ ᠰᠢᠨ᠎ᠡ |
ᠬᠠᠭᠤᠳᠠᠰᠤ ᠶᠢ ᠴᠢᠷᠮᠠᠶᠢᠨ ᠪᠢᠴᠢᠭᠯᠡᠪᠡ ᠃ |
ᠳᠦᠷᠢᠮ ᠤᠨ ︽ᠶᠡᠷᠦᠩᠬᠡᠢ ᠨᠡᠭᠡᠭᠡᠯᠭᠡ︾ ᠶᠢ ᠰᠠᠶᠢᠲᠤᠷ ᠡᠵᠡᠮᠰᠢᠬᠦ ᠬᠡᠷᠡᠭᠲᠡᠢ ᠃ ᠬᠤᠰᠢᠭᠤᠨ ᠤ ᠨᠠᠮ ᠤᠨ |
ᠬᠤᠷᠢᠶ᠎ᠠ ᠥᠨᠳᠥᠷ ᠪᠠᠶᠢᠷᠢᠨ ᠳᠤ ᠨᠢᠭᠡᠳᠦᠯᠲᠡᠶ ᠲᠥᠯᠥᠪᠯᠡᠵᠦ ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ |
ᠪᠠᠷᠢᠮᠵᠢᠶ᠎ᠠ ᠳᠤ ᠬᠦᠷᠭᠡᠬᠦ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ ᠂ ︽ |
ᠵᠠᠰᠠᠭ ᠤᠨ ᠣᠷᠳᠣᠨ ᠢᠶᠠᠷ ᠭᠤᠤᠯᠯᠠᠭᠤᠯᠬᠤ ᠂ ᠤᠰᠤᠨ ᠠᠰᠢᠭᠯᠠᠯᠲᠠ ᠶᠢ ᠭᠤᠤᠯᠯᠠᠨ ᠠᠳᠬᠤᠬᠤ ᠂ ᠰᠠᠯᠠᠭ᠎ᠠ ᠮᠥᠴᠢᠷ |
ᠬᠤᠯᠪᠣᠭᠠᠯᠠᠨ ᠬᠥᠳᠡᠯᠦᠯᠴᠡᠬᠦ ᠂ ᠪᠥᠬᠦ ᠠᠷᠠᠳ ᠢᠶᠠᠷ ᠢᠶᠠᠨ ᠣᠷᠣᠯᠴᠠᠬᠤ︾ ᠲᠣᠭᠲᠠᠴᠠ ᠶᠢ ᠪᠠᠶᠢᠭᠤᠯᠤᠨ ᠂ ᠡᠭᠦᠷᠭᠡ |
ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ ᠂ ᠤᠰᠤ ᠠᠷᠪᠢᠯᠠᠬᠤ ᠠᠵᠢᠯ ᠤᠨ ︽ᠨᠢᠭᠡ |
ᠬᠥᠯᠭᠡ ᠰᠢᠲᠠᠷ᠎ᠠ︾ ᠶᠢ ᠪᠦᠷᠢᠯᠳᠦᠭᠦᠯᠦᠨ᠎ᠡ ᠃ ︽ᠮᠣᠷᠢᠨᠳᠠᠪᠠᠭ᠎ᠠ ᠬᠤᠰᠢᠭᠤ ᠰᠢᠶᠠᠨ ᠤ ᠬᠡᠪᠴᠢᠶᠡᠨ ᠳᠠᠬᠢ ᠤᠰᠤ |
ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠤᠨ |
ᠬᠡᠷᠡᠭᠵᠢᠭᠦᠯᠬᠦ ᠲᠥᠰᠦᠯ︾ ᠂ ︽ᠮᠣᠷᠢᠨᠳᠠᠪᠠᠭ᠎ᠠ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ |
ᠤᠰᠤᠨ ᠤ ᠡᠬᠢ ᠪᠠᠶᠠᠯᠢᠭ ᠢ ᠲᠣᠬᠢᠷᠠᠭᠤᠯᠤᠨ ᠠᠰᠢᠭᠯᠠᠬᠤ ᠬᠡᠷᠡᠭᠵᠢᠭᠦᠯᠬᠦ ᠲᠥᠰᠦᠯ︾ ᠂ ︽ᠮᠣᠷᠢᠨᠳᠠᠪᠠᠭ᠎ᠠ |
ᠬᠤᠰᠢᠭᠤᠨ ᠤ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ ᠂ ᠤᠰᠤ ᠬᠡᠷᠡᠭᠯᠡᠬᠦ |
ᠤᠯᠠᠭᠠᠨ ᠱᠤᠭᠤᠮ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ ᠂ ᠲᠥᠯᠥᠪᠯᠡᠭᠡ ᠲᠠᠢ ᠪᠠᠷ ᠤᠰᠤ ᠬᠡᠷᠡᠭᠯᠡᠬᠦ |
ᠪᠠ ᠨᠣᠷᠮ᠎ᠠ ᠲᠣᠭᠲᠠᠭᠠᠨ ᠬᠠᠮᠢᠶᠠᠷᠬᠤ ᠶᠢ ᠴᠢᠩᠭ᠎ᠠ ᠬᠡᠷᠡᠭᠵᠢᠭᠦᠯᠵᠦ ᠂ ᠤᠰᠤᠨ ᠤ ᠡᠬᠢ ᠪᠠᠶᠠᠯᠢᠭ ᠢ ᠥᠨᠳᠥᠷ |
ᠪᠦᠲᠦᠮᠵᠢᠲᠡᠶ ᠪᠠᠷ ᠠᠰᠢᠭᠯᠠᠬᠤ ᠳᠤ ᠲᠦᠷᠢᠮ ᠤᠨ ᠪᠠᠲᠤᠯᠠᠭ᠎ᠠ ᠬᠠᠩᠭᠠᠪᠠ ᠃ |
ᠭᠤᠣᠯ ᠤᠨ ᠳᠠᠷᠤᠭ᠎ᠠ ᠶᠢᠨ ᠳᠦᠷᠢᠮ ᠤᠨ ︽ᠬᠤᠷᠴᠠ ᠵᠡᠪᠰᠡᠭ︾ ᠢ ᠰᠠᠶᠢᠲᠤᠷ ᠬᠡᠷᠡᠭᠯᠡᠬᠦ ᠬᠡᠷᠡᠭᠲᠡᠢ ᠃ ᠪᠥᠬᠦ |
ᠬᠤᠰᠢᠭᠤᠨ ᠤ 15 ᠰᠢᠶᠠᠩ ᠪᠠᠯᠭᠠᠰᠤ ᠂ 220 ᠵᠠᠰᠠᠭ ᠵᠠᠬᠢᠷᠭᠠᠨ ᠤ ᠲᠣᠰᠬᠤᠨ ᠤ ᠭᠤᠷᠪᠠᠨ ᠱᠠᠲᠤᠨ ᠤ ᠭᠤᠤᠯ |
ᠮᠥᠷᠡᠨ ᠤ ᠳᠠᠷᠤᠭ᠎ᠠ ᠶᠢᠨ ᠰᠢᠰᠲ᠋ᠧᠮ ᠳᠤ ᠲᠦᠰᠢᠭᠯᠡᠨ ᠂ ᠤᠰᠤ ᠠᠷᠪᠢᠯᠠᠵᠤ ᠤᠰᠤ ᠶᠢ ᠬᠠᠮᠠᠭᠠᠯᠠᠬᠤ ᠂ ᠡᠳᠦᠷ |
ᠲᠤᠲᠤᠮ ᠤᠨ ᠭᠤᠤᠯ ᠮᠥᠷᠡᠨ ᠢ ᠴᠠᠭᠳᠠᠬᠤ ᠂ ᠬᠠᠮᠢᠶᠠᠷᠤᠨ ᠬᠠᠮᠠᠭᠠᠯᠠᠬᠤ ᠪᠠ ᠬᠢᠨᠠᠯᠲᠠ ᠲᠠᠯᠪᠢᠬᠤ ᠳᠤ |
ᠠᠭᠤᠰᠤᠯᠴᠠᠭᠤᠯᠤᠨ᠎ᠠ ᠃ ︽ᠪᠣᠬᠢᠷᠲᠤᠯ ᠢ ᠵᠠᠰᠠᠵᠤ ᠤᠰᠤ ᠠᠷᠪᠢᠯᠠᠬᠤ ᠶᠢ ᠠᠬᠢᠭᠤᠯᠬᠤ︾ ᠪᠠᠷ ᠬᠠᠷᠠᠯᠲᠠ ᠪᠣᠯᠭᠠᠵᠤ ᠂ |
ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠪᠠ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ |
ᠭᠠᠳᠠᠭᠰᠢᠯᠠᠭᠤᠯᠬᠤ ᠶᠢ ᠬᠤᠯᠪᠣᠭᠠᠯᠠᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ ᠂ ᠤᠰᠤᠨ ᠤ ᠪᠣᠬᠢᠷᠲᠤᠯ ᠢ ᠡᠬᠢ |
ᠡᠭᠦᠰᠦᠯ ᠠᠴᠠ ᠨᠢ ᠪᠠᠭᠠᠰᠬᠠᠨ ᠂ ᠤᠰᠤᠨ ᠠᠰᠢᠭᠯᠠᠯᠲᠠ ᠶᠢᠨ ᠬᠡᠷᠡᠭᠯᠡᠭᠡᠨ ᠤ ᠦᠢᠯᠡᠳᠦᠯ ᠴᠢᠳᠠᠪᠤᠷᠢ ᠶᠢ |
ᠳᠡᠭᠡᠭᠰᠢᠯᠡᠭᠦᠯᠵᠦ ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠬᠢᠭᠡᠳ ᠤᠰᠤ ᠠᠷᠪᠢᠯᠠᠬᠤ ᠦᠷ᠎ᠡ |
ᠠᠰᠢᠭ ᠤᠨ ︽ᠬᠤᠣᠰ ᠠᠮᠵᠢᠯᠲᠠ︾ ᠶᠢ ᠪᠡᠶᠡᠯᠡᠭᠦᠯᠪᠡ ᠃ |
ᠲᠠᠷᠢᠶᠠᠯᠠᠩ ᠤᠨ ᠤᠰᠤ ᠠᠷᠪᠢᠯᠠᠬᠤ ︽ᠨᠠᠷᠢᠯᠢᠭ ᠲᠠᠷᠢᠵᠤ ᠨᠢᠮᠪᠠᠢ ᠠᠷᠠᠴᠢᠯᠠᠬᠤ︾ ᠬᠡᠷᠡᠭᠲᠡᠢ ᠃ ᠤᠰᠤ |
ᠠᠷᠪᠢᠯᠠᠵᠤ ᠲᠠᠷᠢᠶᠠᠯᠠᠩ ᠢ ᠬᠥᠭᠵᠢᠭᠦᠯᠬᠦ ᠶᠢ ᠪᠠᠷᠢᠮᠲᠠᠯᠠᠨ ᠂ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ |
ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ ᠂ ᠨᠡᠶᠢᠲᠡ 127.55 ᠲᠦᠮᠡᠨ |
ᠮᠦ ᠭᠠᠵᠠᠷ ᠰᠢᠷᠣᠶ ᠶᠢ ᠬᠡᠷᠡᠭᠵᠢᠭᠦᠯᠪᠡ ᠃ ᠮᠠᠰᠢᠨ ᠴᠠᠬᠢᠯᠭᠠᠨ ᠬᠤᠳᠳᠤᠭ ᠢ ᠰᠢᠨᠵᠢᠯᠡᠬᠦ ᠤᠬᠠᠭᠠᠨᠴᠢ ᠪᠠᠷ |
ᠪᠠᠶᠢᠷᠢᠰᠢᠭᠤᠯᠬᠤ ᠂ ᠰᠦᠷᠴᠢᠨ ᠤᠰᠤᠯᠠᠬᠤ ᠮᠡᠷᠭᠡᠵᠢᠯ ᠢ ᠳᠡᠯᠭᠡᠷᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠂ |
ᠬᠠᠭᠤᠷᠠᠶ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠵᠦ ᠂ ︽ᠤᠰᠤ ᠬᠡᠷᠡᠭᠯᠡᠬᠦ ᠬᠡᠮᠵᠢᠶ᠎ᠡ ᠶᠢ ᠪᠠᠭᠠᠰᠬᠠᠬᠤ ᠂ |
ᠭᠠᠷᠤᠯᠲᠠ ᠭᠠᠷᠭᠠᠯᠲᠠ ᠶᠢᠨ ᠦᠷ᠎ᠡ ᠠᠰᠢᠭ ᠢ ᠨᠡᠮᠡᠭᠳᠡᠭᠦᠯᠬᠦ︾ ᠶᠢ ᠪᠡᠶᠡᠯᠡᠭᠦᠯᠪᠡ ᠃ ᠤᠰᠤᠯᠠᠯᠲᠠ ᠶᠢᠨ ᠣᠷᠣᠨ ᠤ |
ᠪᠦᠲᠦᠭᠡᠨ ᠪᠠᠶᠢᠭᠤᠯᠤᠯᠲᠠ ᠶᠢᠨ ᠠᠰᠢᠭᠯᠠᠯᠲᠠ ᠳᠤ ᠣᠷᠣᠬᠤ ᠶᠢ ᠵᠡᠷᠭᠡᠪᠡᠷ ᠠᠬᠢᠭᠤᠯᠵᠤ ᠂ ᠨᠢᠷᠭᠢ ᠤᠰᠤᠨ |
ᠠᠰᠢᠭᠯᠠᠯᠲᠠ ᠶᠢᠨ ᠬᠦᠢᠰᠦ ᠶᠢᠨ ᠳᠣᠤᠷᠠᠳᠤ ᠤᠷᠤᠰᠬᠠᠯ ᠤᠨ ᠥᠪᠥᠷ ᠮᠣᠩᠭᠤᠯ ᠤᠨ ᠤᠰᠤᠯᠠᠯᠲᠠ ᠶᠢᠨ ᠣᠷᠣᠨ |
ᠪᠠᠶᠢᠭᠤᠯᠤᠭᠳᠠᠭᠰᠠᠨ ᠤ ᠳᠠᠷᠠᠭ᠎ᠠ ᠂ 30.27 ᠲᠦᠮᠡᠨ ᠮᠥ ᠲᠠᠷᠢᠶᠠᠨ ᠭᠠᠵᠠᠷ ᠲᠤ ︽ᠨᠠᠷᠢᠯᠢᠭ ᠣᠨᠣᠴᠠᠲᠠᠶ ᠪᠠᠷ |
ᠬᠡᠮᠵᠢᠬᠦ ᠂ ᠣᠶᠤᠨᠴᠢ ᠳᠣᠭᠢᠷᠠᠭᠤᠯᠬᠤ︾ ᠤᠰᠤᠯᠠᠯᠲᠠ ᠶᠢ ᠪᠡᠶᠡᠯᠡᠭᠦᠯᠵᠦ ᠂ ᠨᠡᠪᠴᠢᠬᠦ ᠶᠢ ᠰᠡᠷᠭᠡᠶᠢᠯᠡᠬᠦ ᠰᠤᠪᠠᠭ ᠬᠢᠭᠡᠳ |
ᠠᠦ᠋ᠲ᠋ᠣᠴᠢᠯᠠᠭᠰᠠᠨ ᠬᠠᠮᠢᠶᠠᠷᠤᠯᠲᠠ ᠶᠢ ᠪᠦᠲᠦᠮᠵᠢᠲᠡᠶ ᠰᠢᠢᠳᠪᠦᠷᠢᠯᠡᠪᠡ ᠃ |
ᠠᠵᠤ ᠦᠢᠯᠡᠳᠪᠦᠷᠢ ᠶᠢᠨ ᠤᠰᠤ ᠠᠷᠪᠢᠯᠠᠬᠤ ᠶᠢ ︽ᠨᠠᠷᠢᠨ ᠨᠢᠮᠪᠠᠢ ᠲᠥᠯᠥᠪᠯᠡᠨ ᠪᠤᠳᠤᠬᠤ︾ ᠬᠡᠷᠡᠭᠲᠡᠢ ᠃ |
ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠠ ᠤᠰᠤ ᠠᠪᠬᠤ ᠵᠥᠪᠰᠢᠶᠡᠷᠡᠯ ᠤᠨ ︽ᠣᠷᠣᠬᠤ ᠡᠭᠦᠳᠡ︾ ᠶᠢ |
ᠴᠢᠩᠭ᠎ᠠ ᠰᠠᠬᠢᠵᠤ ᠂ ᠤᠰᠤ ᠶᠡᠭᠡ ᠬᠤᠷᠣᠭᠳᠠᠭᠤᠯᠬᠤ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ |
ᠰᠢᠭᠰᠢᠭᠳᠡᠭᠦᠯᠦᠨ᠎ᠡ ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠬᠡᠷᠡᠭᠯᠡᠬᠦ ᠶᠢ ᠰᠦᠯᠵᠢᠶᠡᠨ ᠳᠡᠭᠡᠷ᠎ᠡ |
ᠬᠢᠨᠠᠨ ᠡᠵᠡᠮᠳᠡᠬᠦ ᠲᠠᠪᠴᠠᠩ ᠢ ᠪᠠᠶᠢᠭᠤᠯᠵᠤ ᠂ ᠪᠦᠬᠦ ᠶᠠᠪᠤᠴᠠ ᠪᠠᠷ ᠤᠰᠤ ᠬᠡᠷᠡᠭᠯᠡᠬᠦ ᠬᠦᠴᠦᠯᠡᠴᠡ ᠶᠢ ᠮᠥᠷᠳᠡᠵᠦ ᠂ |
ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠪᠠ ᠤᠰᠤ ᠶᠢ ᠡᠷᠭᠢᠯᠳᠦᠭᠦᠯᠦᠨ ᠬᠡᠷᠡᠭᠯᠡᠬᠦ ᠶᠢ ᠭᠡᠳᠡᠷᠭᠦ |
ᠰᠢᠬᠠᠮᠳᠠᠭᠤᠯᠤᠨ᠎ᠠ ᠃ ᠤᠰᠤ ᠠᠷᠪᠢᠯᠠᠬᠤ ᠬᠡᠯᠪᠡᠷᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ |
ᠰᠢᠯᠭᠠᠷᠠᠭᠤᠯᠬᠤ ᠶᠢ ᠢᠳᠡᠪᠬᠢᠲᠡᠶ ᠥᠷᠨᠢᠭᠦᠯᠦᠨ ᠂ ᠠᠵᠢᠯ ᠲᠥᠷᠥᠯ ᠤᠨ ᠬᠡᠪ ᠳᠠᠭᠤᠷᠢᠶᠠᠯ ᠢ ᠪᠣᠶ ᠪᠣᠯᠭᠠᠵᠤ ᠂ |
ᠴᠡᠭ ᠢᠶᠠᠷ ᠨᠡᠶᠢᠳᠡᠮ ᠢ ᠳᠠᠶᠢᠴᠢᠯᠠᠨ ᠠᠵᠤ ᠦᠢᠯᠡᠳᠪᠦᠷᠢ ᠶᠢᠨ ᠤᠰᠤ ᠠᠷᠪᠢᠯᠠᠬᠤ ᠪᠦᠬᠦᠯᠢ ᠴᠣᠭᠴᠠ ᠶᠢᠨ ᠬᠢᠷᠢ |
ᠬᠡᠮᠵᠢᠶ᠎ᠡ ᠶᠢ ᠳᠡᠭᠡᠭᠰᠢᠯᠡᠭᠦᠯᠪᠡ ᠃ |
ᠬᠤᠲᠠ ᠬᠥᠳᠡᠭᠡ ᠶᠢᠨ ᠤᠰᠤ ᠠᠷᠪᠢᠯᠠᠬᠤ ᠳᠤ ︽ᠨᠢᠭᠲᠠ ᠠᠴᠠ ᠨᠢᠭᠲᠠ︾ ᠪᠠᠶᠢᠬᠤ ᠬᠡᠷᠡᠭᠲᠡᠢ ᠃ ᠬᠤᠲᠠ |
ᠬᠥᠳᠡᠭᠡ ᠶᠢᠨ ᠤᠰᠤ ᠬᠠᠩᠭᠠᠬᠤ ᠶᠢ ᠨᠢᠭᠡ ᠴᠣᠭᠴᠠᠵᠢᠭᠤᠯᠤᠨ ᠥᠭᠡᠷᠡᠴᠢᠯᠡᠬᠦ ᠶᠢ ᠬᠡᠷᠡᠭᠵᠢᠭᠦᠯᠵᠦ ᠂ ᠨᠢᠷᠬᠢ |
ᠪᠠᠯᠭᠠᠰᠤᠨ ᠤ ᠲᠣᠭᠤᠷᠢᠭ ᠤᠨ ᠬᠠᠭᠤᠴᠢᠨ ᠬᠤᠭᠤᠯᠠᠶ ᠶᠢᠨ ᠲᠣᠤᠷ ᠤᠨ 26.4 ᠺᠢᠯᠤᠮᠧᠲᠷ ᠤᠨ ᠥᠭᠡᠷᠡᠴᠢᠯᠡᠯᠲᠡ ᠶᠢ |
ᠪᠡᠶᠡᠯᠡᠭᠦᠯᠵᠦ ᠂ ᠮᠢᠩᠭ᠎ᠠ ᠰᠢᠬᠠᠮ ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠵᠦ ᠂ ︽ᠭᠤᠭᠤᠵᠢᠬᠤ︾ |
ᠠᠰᠠᠭᠤᠳᠠᠯ ᠢ ᠰᠢᠢᠳᠪᠦᠷᠢᠯᠡᠪᠡ︔ ᠬᠥᠳᠡᠭᠡ ᠲᠣᠰᠬᠤᠨ ᠤ ᠲᠦᠭᠡᠭᠡᠯ ᠤᠰᠤᠨ ᠤ ᠬᠤᠭᠤᠯᠠᠶ ᠶᠢᠨ ᠲᠣᠤᠷ ᠢ |
ᠥᠷᠭᠡᠳᠬᠡᠨ ᠪᠠᠶᠢᠭᠤᠯᠬᠤ ᠶᠢ ᠠᠬᠢᠭᠤᠯᠵᠤ ᠂ ᠨᠠᠷᠢᠯᠢᠭ ᠣᠨᠣᠴᠠᠲᠠᠶ ᠪᠠᠷ ᠡᠷᠦᠬᠡ ᠳᠤ ᠬᠦᠷᠭᠡᠬᠦ ᠶᠢ ᠪᠡᠶᠡᠯᠡᠭᠦᠯᠦᠭᠰᠡᠨ |
ᠪᠠᠶᠢᠨ᠎ᠠ ᠃ ᠰᠠᠭᠤᠭᠠᠯᠢ ᠠᠷᠠᠳ ᠤᠨ ᠤᠰᠤᠨ ᠤ ᠱᠠᠲᠤᠯᠢᠭ ᠦᠨ᠎ᠡ ᠬᠠᠩᠰᠢ ᠬᠢᠭᠡᠳ ᠰᠠᠭᠤᠭᠠᠯᠢ ᠠᠷᠠᠳ ᠤᠨ ᠪᠤᠰᠤ |
ᠲᠥᠯᠥᠪᠯᠡᠭᠡ ᠠᠴᠠ ᠳᠠᠪᠠᠭᠤᠯᠤᠨ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ ᠢ ᠴᠢᠩᠭ᠎ᠠ ᠬᠡᠷᠡᠭᠵᠢᠭᠦᠯᠵᠦ ᠂ ᠵᠠᠬ᠎ᠠ |
ᠳᠡᠯᠭᠡᠭᠦᠷ ᠤᠨ ᠲᠣᠬᠢᠷᠠᠭᠤᠯᠬᠤ ᠦᠢᠯᠡᠳᠦᠯ ᠢ ᠪᠠᠳᠠᠷᠠᠭᠤᠯᠤᠨ ᠂ ᠪᠦᠬᠦ ᠠᠷᠠᠳ ᠤᠨ ᠤᠰᠤ ᠠᠷᠪᠢᠯᠠᠬᠤ ᠦᠵᠡᠯ |
ᠤᠬᠠᠮᠰᠠᠷ ᠢ ᠨᠡᠮᠡᠭᠳᠡᠭᠦᠯᠪᠡ ᠃ |
ᠬᠡᠪ ᠤᠨ ᠪᠤᠰᠤ ᠤᠰᠤᠨ ᠰᠤᠷᠪᠤᠯᠵᠢ ᠶᠢᠨ ︽ᠳᠠᠯᠳᠠ ᠬᠦᠴᠦᠨ︾ ᠢ ᠬᠦᠭᠵᠢᠭᠡᠬᠦ ᠬᠡᠷᠡᠭᠲᠡᠢ ᠃ ᠳᠤᠮᠳᠠ |
ᠤᠰᠤ ᠲᠠᠢ ᠂ ᠠᠰᠢᠭᠯᠠᠬᠤ ᠳᠤ ᠬᠦᠴᠢᠷ ᠠᠰᠠᠭᠤᠳᠠᠯ ᠳᠤ ᠴᠢᠭᠯᠡᠭᠦᠯᠦᠨ ᠂ ᠰᠢᠢᠳᠪᠦᠷᠢᠯᠡᠭᠳᠡᠬᠦᠢ ᠰᠡᠳᠭᠢᠭᠦᠢ ᠶᠢ |
ᠪᠠᠷᠢᠮᠲᠠᠯᠠᠨ ᠂ ᠢᠳᠡᠪᠬᠢᠲᠡᠶ ᠪᠠᠷ ᠰᠡᠳᠦᠪ ᠢ ᠡᠪᠳᠡᠵᠦ ᠂ ᠳᠤᠮᠳᠠ ᠤᠰᠤ ᠨᠥᠬᠦᠪᠥᠷᠢᠯᠡᠬᠦ ᠥᠷᠲᠡᠭᠡ ᠶᠢ ᠰᠢᠨ᠎ᠡ ᠪᠠᠷ |
ᠡᠭᠦᠳᠦᠨ ᠪᠠᠶᠢᠭᠤᠯᠵᠤ ᠂ ᠬᠤᠭᠤᠯᠠᠶ ᠶᠢᠨ ᠲᠣᠤᠷ ᠤᠨ ᠬᠢᠵᠠᠭᠠᠷᠯᠠᠯ ᠢ ᠠᠮᠢᠳᠤᠯᠢᠭ ᠲᠣᠬᠢᠷᠠᠭᠤᠯᠬᠤ ᠪᠠᠷ ᠳᠠᠮᠵᠢᠭᠤᠯᠤᠨ ᠂ |
ᠳᠤᠮᠳᠠ ᠤᠰᠤ ᠶᠢ ᠡᠭᠡᠭᠦᠯᠦᠨ ᠬᠡᠷᠡᠭᠯᠡᠬᠦ ᠪᠠᠶᠢᠳᠠᠯ ᠢ ᠥᠷᠭᠡᠳᠬᠡᠵᠦ ᠂ ᠵᠢᠯ ᠪᠦᠷᠢ ᠳᠤᠮᠳᠠᠴᠢ ᠪᠠᠷ 50 ᠲᠦᠮᠡᠨ |
ᠪᠣᠰᠤᠭ᠎ᠠ ᠳᠥᠷᠪᠡᠯᠵᠢᠨ ᠮᠧᠲᠷ ᠳᠤᠮᠳᠠ ᠤᠰᠤ ᠶᠢ ᠡᠭᠡᠭᠦᠯᠦᠨ ᠬᠡᠷᠡᠭᠯᠡᠵᠦ ᠂ ᠨᠣᠭᠤᠭᠠᠷᠠᠭᠤᠯᠬᠤ ᠂ ᠣᠷᠴᠢᠨ |
ᠲᠣᠭᠤᠷᠢᠨ ᠤ ᠠᠷᠢᠭᠤᠨ ᠴᠡᠪᠡᠷ ᠵᠡᠷᠭᠡ ᠳᠤ ᠲᠣᠭᠲᠠᠪᠤᠷᠢᠲᠠᠶ ᠤᠰᠤᠨ ᠤ ᠡᠬᠢ ᠰᠤᠷᠪᠤᠯᠵᠢ ᠶᠢ ᠬᠠᠩᠭᠠᠵᠤ ᠂ ︽ |
ᠬᠠᠶᠠᠭᠳᠠᠮᠠᠯ ᠤᠰᠤ︾ ᠶᠢ ᠳᠠᠬᠢᠨ ᠬᠠᠭᠠᠯᠪᠤᠷᠢᠯᠠᠬᠤ ᠂ ᠬᠠᠶᠠᠭᠳᠠᠮᠠᠯ ᠪᠣᠳᠠᠰ ᠢ ᠡᠷᠳᠡᠨᠢ ᠪᠣᠯᠭᠠᠬᠤ ᠶᠢ ᠪᠡᠶᠡᠯᠡᠭᠦᠯᠪᠡ ᠃ |
ᠪᠦᠬᠦ ᠠᠷᠠᠳ ᠤᠨ ᠤᠰᠤ ᠠᠷᠪᠢᠯᠠᠬᠤ ︽ᠥᠩ ᠰᠢᠮᠡᠯᠢᠭ ᠬᠥᠷᠥᠰᠥ︾ ᠶᠢ ᠵᠤᠵᠠᠭᠠᠨ ᠲᠠᠷᠢᠬᠤ ᠬᠡᠷᠡᠭᠲᠡᠢ ᠃ ︽ |
ᠳᠡᠯᠡᠬᠡᠶ ᠶᠢᠨ ᠤᠰᠤᠨ ᠤ ᠡᠳᠦᠷ︾ ᠂ ︽ᠳᠤᠮᠳᠠᠳᠤ ᠤᠯᠤᠰ ᠤᠨ ᠤᠰᠤᠨ ᠤ ᠭᠠᠷᠠᠭ︾ ᠢᠶᠠᠷ ᠠᠵᠠ ᠲᠣᠬᠢᠶᠠᠯ |
ᠪᠣᠯᠭᠠᠵᠤ ᠂ ᠤᠰᠤ ᠠᠷᠪᠢᠯᠠᠬᠤ ᠤᠬᠠᠭᠤᠯᠭ᠎ᠠ ᠶᠢᠨ ︽ᠵᠢᠷᠭᠤᠭ᠎ᠠ ᠶᠢ ᠣᠷᠣᠭᠤᠯᠬᠤ︾ ᠠᠵᠢᠯᠯᠠᠭ᠎ᠠ ᠶᠢ ᠥᠷᠨᠢᠭᠦᠯᠵᠦ ᠂ |
ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠭᠤᠷᠬᠢ ᠤᠰᠤ ᠠᠷᠪᠢᠯᠠᠬᠤ ᠮᠡᠳᠡᠯᠭᠡ ᠶᠢ ᠠᠭᠤᠰᠤᠯᠴᠠᠭᠤᠯᠤᠨ |
ᠲᠦᠭᠡᠮᠡᠯᠵᠢᠭᠦᠯᠪᠡ︔ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠭᠠᠷᠭᠠᠵᠤ ᠂ ᠣᠯᠠᠨ |
ᠲᠦᠮᠡᠨ ᠤ ᠤᠰᠤ ᠠᠷᠪᠢᠯᠠᠵᠤ ᠤᠰᠤ ᠵᠠᠰᠠᠬᠤ ᠳᠤ ᠣᠷᠣᠯᠴᠠᠬᠤ ᠶᠢ ᠵᠣᠷᠢᠭᠵᠢᠭᠤᠯᠵᠤ ᠂ ︽ᠨᠠᠳᠠ ᠪᠠᠷ ᠤᠰᠤ |
ᠠᠷᠪᠢᠯᠠᠭᠤᠯᠬᠤ︾ ᠠᠴᠠ ︽ᠪᠢ ᠤᠰᠤ ᠠᠷᠪᠢᠯᠠᠬᠤ︾ ᠲᠡᠶᠢᠰᠢ ᠬᠤᠪᠢᠷᠠᠭᠤᠯᠬᠤ ᠶᠢ ᠠᠬᠢᠭᠤᠯᠪᠠ ᠃ |
ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠢᠨ ᠬᠦᠴᠦ ᠪᠠᠨ |
ᠲᠥᠪᠯᠡᠷᠡᠭᠦᠯᠦᠨ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠲᠠᠷᠢᠶᠠᠯᠠᠩ ᠤᠨ ᠤᠰᠤᠨ ᠤ |
ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠤᠨᠢᠨ ᠳᠡᠭᠡᠷ᠎ᠡ ᠨᠢ |
ᠨᠡᠮᠡᠭᠦᠷᠢ ᠥᠭᠬᠦ ᠲᠣᠭᠲᠠᠴᠠ ᠶᠢ ᠨᠠᠶᠢᠳᠠᠪᠤᠷᠢᠵᠢᠭᠤᠯᠵᠤ ᠂ ᠥᠨᠳᠥᠷ ᠪᠦᠲᠦᠮᠵᠢᠲᠡᠢ ᠤᠰᠤ ᠠᠷᠪᠢᠯᠠᠬᠤ ᠮᠡᠷᠭᠡᠵᠢᠯ ᠢ |
ᠳᠡᠯᠭᠡᠷᠡᠭᠦᠯᠵᠦ ᠂ ᠣᠶᠤᠨᠴᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠤᠰᠤ ᠠᠷᠪᠢᠯᠠᠬᠤ ᠪᠠ |
ᠠᠮᠢ ᠠᠬᠤᠢ ᠶᠢᠨ ᠬᠠᠮᠠᠭᠠᠯᠠᠯᠲᠠ ᠂ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ ᠂ |
ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ ᠪᠦᠳᠦᠭᠡᠨ ᠪᠠᠶᠢᠭᠤᠯᠬᠤ ᠳᠤ ᠤᠰᠤᠨ ᠤ ᠠᠮᠤᠷ ᠲᠦᠪᠰᠢᠨ ᠤ |
ᠬᠠᠯᠬᠠᠪᠴᠢ ᠶᠢ ᠪᠠᠬᠢᠵᠢᠭᠦᠯᠵᠦ ᠂ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠪᠠᠷ ᠴᠢᠨᠠᠷ ᠰᠠᠶᠢᠲᠠᠢ |
ᠬᠥᠭᠵᠢᠭᠦᠯᠦᠨ᠎ᠡ ᠃ |
|