| ᠪᠤᠭᠤᠲᠤ ᠬᠤᠲᠠ ᠪᠣᠯ ᠤᠰᠤ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠭᠠᠵᠠᠷ ᠣᠷᠣᠨ ᠮᠥᠨ ᠂ ᠤᠰᠤᠨ ᠤ |
ᠡᠬᠢ ᠪᠠᠶᠠᠯᠢᠭ ᠳᠤᠲᠠᠭᠳᠠᠵᠤ ᠪᠠᠶᠢᠭ᠎ᠠ ᠨᠢ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠬᠢᠵᠠᠭᠠᠷᠯᠠᠵᠤ |
ᠪᠠᠶᠢᠭ᠎ᠠ ᠨᠢᠭᠡᠨ ᠲᠣᠮᠣ ᠪᠣᠭᠤᠮᠢ ᠪᠣᠯᠵᠠᠶ ᠃ ︽ᠤᠰᠤᠨ ᠤ ᠬᠦᠴᠢᠷᠳᠡᠯ︾ ᠤᠨ ᠪᠣᠭᠤᠮᠢ ᠶᠢ ᠰᠢᠢᠳᠪᠦᠷᠢᠯᠡᠬᠦ ᠶᠢᠨ |
ᠲᠥᠯᠥᠭᠡ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠥᠷᠥ ᠶᠢᠨ ᠪᠣᠳᠣᠯᠭ᠎ᠠ ᠶᠢᠨ |
ᠵᠢᠯᠣᠭᠤᠳᠣᠯᠭ᠎ᠠ ᠳᠣᠤᠷ᠎ᠠ ᠂ 2025 ᠣᠨ ᠳᠤ ᠂ ᠪᠤᠭᠤᠲᠤ ᠬᠤᠲᠠ ᠤᠰᠤᠨ ᠤ ᠡᠬᠢ ᠪᠠᠶᠠᠯᠢᠭ ᠢ ᠵᠠᠬ᠎ᠠ |
ᠳᠡᠯᠭᠡᠭᠦᠷᠴᠢᠯᠡᠨ ᠳᠣᠭᠢᠷᠠᠭᠤᠯᠬᠤ ᠰᠢᠨ᠎ᠡ ᠠᠷᠭ᠎ᠠ ᠵᠠᠮ ᠢ ᠢᠳᠡᠪᠬᠢᠲᠡᠶ ᠬᠠᠶᠢᠨ ᠰᠦᠪᠡᠭᠴᠢᠯᠡᠵᠦ ᠂ ᠤᠰᠤ ᠬᠡᠷᠡᠭᠯᠡᠬᠦ |
ᠡᠷᠬᠡ ᠶᠢ ᠣᠬᠤᠷ ᠬᠤᠭᠤᠴᠠᠭᠠᠨ ᠤ ᠠᠷᠠᠯᠵᠢᠶᠠᠨ ᠤ ᠲᠣᠭᠲᠠᠴᠠ ᠳᠤ ᠰᠢᠨ᠎ᠡ ᠶᠢ ᠡᠭᠦᠳᠦᠨ ᠬᠡᠷᠡᠭᠵᠢᠭᠦᠯᠵᠦ ᠂ ᠤᠰᠤ |
ᠬᠡᠷᠡᠭᠯᠡᠬᠦ ᠡᠷᠦᠬᠡ ᠶᠢ ᠵᠣᠷᠢᠭᠵᠢᠭᠤᠯᠤᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠂ ᠤᠰᠤ ᠠᠷᠪᠢᠯᠠᠬᠤ |
ᠮᠡᠷᠭᠡᠵᠢᠯ ᠢ ᠲᠠᠰ ᠳᠡᠪᠰᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠰᠤᠨ ᠤ ᠡᠬᠢ ᠪᠠᠶᠠᠯᠢᠭ ᠢ |
ᠠᠷᠪᠢᠯᠠᠬᠤ ᠶᠢᠨ ᠬᠠᠮᠲᠤ ᠤᠰᠤ ᠠᠷᠪᠢᠯᠠᠭᠰᠠᠨ ᠤᠰᠤᠨ ᠤ ᠭᠦᠢᠴᠡᠳᠬᠡᠯ ᠲᠤᠭ᠎ᠠ ᠶᠢ ᠵᠠᠬ᠎ᠠ ᠳᠡᠯᠭᠡᠭᠦᠷᠴᠢᠯᠡᠬᠦ ᠠᠷᠭ᠎ᠠ |
ᠮᠠᠶ᠋ᠢᠭ ᠢᠶᠠᠷ ᠳᠠᠮᠵᠢᠭᠤᠯᠤᠨ ᠲᠥᠯᠥᠪᠦᠷᠢ ᠲᠠᠢ ᠪᠠᠷ ᠰᠢᠯᠵᠢᠭᠦᠯᠦᠨ ᠥᠭᠬᠦ ᠶᠢ ᠵᠣᠷᠢᠭᠵᠢᠭᠤᠯᠵᠤ ᠂ ᠲᠦᠷᠦᠭᠦᠤ |
ᠪᠦᠯᠦᠭ ᠤᠨ ᠣᠬᠤᠷ ᠬᠤᠭᠤᠴᠠᠭᠠᠨ ᠤ ᠤᠰᠤᠨ ᠤ ᠡᠷᠬᠡ ᠶᠢᠨ ᠠᠷᠠᠯᠵᠢᠶ᠎ᠠ ᠪᠠᠷ ᠵᠢᠦ ᠶᠤᠸᠠᠨ ᠲᠣᠭᠤᠷᠢᠭ ᠲᠤ |
ᠨᠤᠲᠤᠭᠯᠠᠨ ᠦᠨᠳᠦᠰᠦᠯᠡᠬᠦ ᠶᠢ ᠠᠮᠵᠢᠯᠲᠠ ᠲᠠᠢ ᠠᠬᠢᠭᠤᠯᠵᠤ ᠂ 2025 ᠣᠨ ᠤ 4 ᠳ᠋ᠦ᠋ᠭᠡᠷ ᠰᠠᠷ᠎ᠠ ᠶᠢᠨ 21 ᠤ |
ᠡᠳᠦᠷ 11 ᠬᠤᠪᠢ ᠣᠬᠤᠷ ᠬᠤᠭᠤᠴᠠᠭᠠᠨ ᠤ ᠤᠰᠤᠨ ᠤ ᠡᠷᠬᠡ ᠶᠢᠨ ᠠᠷᠠᠯᠵᠢᠶᠠᠨ ᠤ ᠬᠡᠯᠡᠯᠴᠡᠭᠡᠷ ᠤᠨ ᠪᠢᠴᠢᠭ ᠲᠤ |
ᠭᠠᠷ ᠤᠨ ᠥᠰᠥᠭ ᠵᠢᠷᠤᠪᠠ ᠃ ᠲᠣᠰ ᠤᠳᠠᠭᠠᠨ ᠤ ᠠᠷᠠᠯᠵᠢᠶᠠᠨ ᠤ ᠳᠤᠮᠳᠠ ᠂ ᠪᠤᠭᠤᠲᠤ ᠶᠢᠨ ᠪᠣᠯᠣᠳ ᠲᠡᠮᠦᠷ ︵ |
ᠪᠦᠯᠦᠭᠯᠡᠯ︶ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠯᠡᠳᠡᠭᠰᠡᠨ 347.95 ᠲᠦᠮᠡᠨ ᠪᠣᠰᠤᠭ᠎ᠠ |
ᠳᠥᠷᠪᠡᠯᠵᠢᠨ ᠮᠧᠲᠷ ᠤᠨ ᠤᠰᠤᠨ ᠤ ᠡᠷᠬᠡ ᠶᠢᠨ ᠭᠦᠢᠴᠡᠳᠬᠡᠯ ᠲᠤᠭ᠎ᠠ ᠶᠢ 11 ᠤᠰᠤ ᠬᠡᠷᠡᠭᠯᠡᠬᠦ ᠠᠵᠤ |
ᠠᠬᠤᠶᠢᠯᠠᠯ ᠳᠤ ᠣᠨᠣᠪᠴᠢᠲᠠᠶ ᠳᠣᠭᠢᠷᠠᠭᠤᠯᠵᠤ ᠂ ᠠᠵᠤ ᠠᠬᠤᠶᠢᠯᠠᠯ ᠤᠨ ᠪᠠᠴᠢᠮ ᠪᠠᠶᠢᠳᠠᠯ ᠢ ᠰᠢᠢᠳᠪᠦᠷᠢᠯᠡᠪᠡ ᠃ |
ᠪᠤᠭᠤᠲᠤ ᠬᠤᠲᠠ ᠶᠢᠨ ᠤᠰᠤᠨ ᠤ ᠡᠷᠬᠡ ᠶᠢᠨ ᠥᠭᠡᠷᠡᠴᠢᠯᠡᠯᠲᠡ ᠶᠢᠨ ᠦᠷᠭᠦᠯᠵᠢᠯᠡᠨ ᠭᠦᠨᠵᠡᠭᠡᠶᠢᠷᠡᠨ |
ᠪᠣᠳᠠᠲᠠᠶᠢᠵᠢᠬᠤ ᠶᠢ ᠳᠠᠭᠠᠯᠳᠤᠨ ᠂ ᠤᠰᠤᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠲᠠᠰᠤᠷᠠᠯᠲᠠ ᠥᠬᠡᠶ |
ᠳᠡᠭᠡᠭᠰᠢᠯᠡᠵᠦ ᠂ ᠤᠰᠤᠨ ᠤ ᠡᠷᠬᠡ ᠶᠢᠨ ᠠᠷᠠᠯᠵᠢᠶ᠎ᠠ ᠪᠠᠶᠢᠬᠤ ᠥᠬᠡᠶ ᠪᠠᠶᠢᠭᠰᠠᠨ ᠠᠴᠠ ᠪᠠᠨ ᠪᠠᠶᠢᠬᠤ ᠪᠣᠯᠵᠣ ᠂ ᠣᠯᠠᠨ |
ᠲᠠᠯ᠎ᠠ ᠠᠴᠠ ᠣᠯᠠᠨ ᠬᠡᠮᠵᠢᠯᠳᠦ ᠴᠢᠨᠠᠷᠲᠠᠶ ᠲᠡᠤᠬᠡᠲᠦ ᠴᠢᠨᠠᠷᠲᠠᠶ ᠰᠢᠪᠲᠤᠯᠤᠯᠲᠠ ᠶᠢ ᠪᠡᠶᠡᠯᠡᠭᠦᠯᠪᠡ ᠃ |
ᠲᠣᠰ ᠤᠳᠠᠭᠠᠨ ᠤ ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ ᠠᠮᠵᠢᠯᠲᠠ ᠲᠠᠢ ᠦᠢᠯᠡᠳᠦᠯᠭᠡ ᠳᠤ ᠂ |
ᠨᠢᠭᠡ ᠳᠤ ᠂ ᠠᠵᠤ ᠠᠬᠤᠶᠢᠯᠠᠯ ᠤᠨ ᠤᠰᠤ ᠬᠡᠷᠡᠭᠯᠡᠬᠦ ᠬᠦᠴᠢᠷ ᠠᠰᠠᠭᠤᠳᠠᠯ ᠢ ᠰᠢᠢᠳᠪᠦᠷᠢᠯᠡᠵᠦ ᠂ ᠠᠵᠤ ᠠᠬᠤᠶᠢᠯᠠᠯ ᠢ |
ᠰᠢᠨ᠎ᠡ ᠪᠠᠷ ᠪᠠᠶᠢᠭᠤᠯᠬᠤ ᠂ ᠥᠷᠭᠡᠳᠬᠡᠨ ᠪᠠᠶᠢᠭᠤᠯᠬᠤ ᠪᠤᠶᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠳᠤ |
ᠬᠠᠤᠯᠢ ᠶᠣᠰᠣᠨ ᠤ ᠤᠰᠤ ᠬᠡᠷᠡᠭᠯᠡᠬᠦ ᠠᠷᠭ᠎ᠠ ᠵᠠᠮ ᠬᠠᠩᠭᠠᠵᠤ ᠂ ᠦᠢᠯᠡᠳᠪᠦᠷᠢᠯᠡᠯ ᠤᠨ ᠲᠣᠭᠲᠠᠭᠤᠨ ᠢᠶᠠᠷ |
ᠠᠵᠢᠯᠯᠠᠬᠤ ᠶᠢ ᠪᠠᠲᠤᠯᠠᠪᠠ ᠃ ᠬᠤᠶᠠᠷ ᠲᠤ ᠂ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ |
ᠪᠠᠭᠠᠰᠬᠠᠬᠤ ᠶᠢ ᠠᠬᠢᠭᠤᠯᠵᠤ ᠂ ᠵᠠᠬ᠎ᠠ ᠳᠡᠯᠭᠡᠭᠦᠷᠴᠢᠯᠡᠭᠰᠡᠨ ᠤᠷᠮᠠᠰᠢᠭᠤᠯᠤᠯ ᠢᠶᠠᠷ ᠳᠠᠮᠵᠢᠭᠤᠯᠤᠨ ᠂ ᠠᠵᠤ |
ᠠᠬᠤᠶᠢᠯᠠᠯ ᠤᠨ ︽ᠰᠠᠨᠠᠭᠠᠴᠢᠯᠠᠭ᠎ᠠ ᠦᠭᠡᠢ ᠪᠠᠷ ᠤᠰᠤ ᠠᠷᠪᠢᠯᠠᠬᠤ︾ ᠪᠠᠶᠢᠭᠰᠠᠨ ᠠᠴᠠ ︽ᠰᠠᠨᠠᠭᠠᠴᠢᠯᠠᠭ᠎ᠠ ᠠᠴᠠ ᠪᠠᠨ |
ᠤᠰᠤ ᠠᠷᠪᠢᠯᠠᠬᠤ︾ ᠲᠡᠶᠢᠰᠢ ᠰᠢᠯᠵᠢᠬᠦ ᠶᠢ ᠠᠬᠢᠭᠤᠯᠵᠤ ᠂ ︽ᠠᠷᠪᠢᠯᠠᠭᠰᠠᠨ ᠤᠰᠤ ᠶᠢ ᠵᠣᠭᠤᠰ ᠪᠠᠷ ᠬᠤᠳᠠᠯᠳᠤᠬᠤ︾ |
ᠶᠢ ᠪᠣᠳᠠᠲᠤ ᠠᠬᠤᠢ ᠪᠣᠯᠭᠠᠵᠤ ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠤᠰᠤ ᠠᠷᠪᠢᠯᠠᠬᠤ ᠳᠣᠲᠣᠭᠠᠳᠤ |
ᠬᠥᠳᠡᠯᠭᠡᠬᠦ ᠬᠦᠴᠦᠨ ᠢ ᠬᠥᠭᠵᠢᠭᠡᠭᠰᠡᠨ ᠪᠠᠶᠢᠨ᠎ᠠ ᠃ ᠭᠤᠷᠪᠠ ᠳᠤ ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠤᠯᠠᠮ |
ᠨᠢᠭᠡ ᠠᠯᠬᠤᠮ ᠰᠢᠯᠢᠳᠡᠭᠵᠢᠭᠦᠯᠵᠦ ᠂ ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠦᠨ ᠂ ᠤᠰᠤᠨ ᠤ |
ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠪᠠ ᠤᠰᠤ ᠠᠷᠪᠢᠯᠠᠵᠤ ᠭᠠᠷᠤᠯᠲᠠ ᠪᠠᠨ ᠨᠡᠮᠡᠭᠳᠡᠭᠦᠯᠬᠦ |
ᠬᠤᠤᠰ ᠠᠮᠵᠢᠯᠲᠠ ᠤᠯᠬᠤ ᠪᠠᠶᠢᠳᠠᠯ ᠢ ᠳᠥᠯᠭᠢᠨ ᠠᠬᠢᠭᠤᠯᠬᠤ ᠶᠠᠪᠤᠳᠠᠯ ᠨᠢ ᠪᠤᠭᠤᠲᠤ ᠬᠤᠲᠠ ᠶᠢᠨ ᠤᠰᠤᠨ ᠤ ᠡᠬᠢ |
ᠪᠠᠶᠠᠯᠢᠭ ᠤᠨ ᠬᠠᠲᠠᠭᠤ ᠬᠢᠵᠠᠭᠠᠷᠯᠠᠯ ᠢ ᠨᠠᠶᠢᠳᠠᠪᠤᠷᠢᠵᠢᠭᠤᠯᠬᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ |
ᠦᠢᠯᠡᠴᠢᠯᠡᠬᠦ ᠲᠠᠯ᠎ᠠ ᠪᠠᠷ ᠵᠠᠩᠭᠢᠯᠠᠭ᠎ᠠ ᠶᠢᠨ ᠨᠢᠭᠡ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ ᠃ |
|