ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ 5 ᠰᠠᠷ᠎ᠠ ᠶᠢᠨ 13 ᠤ |
ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠨᠲ᠋ᠤᠨᠢ • ᠠᠯᠪᠠᠨᠢᠰ ᠲᠤ ᠴᠠᠭᠢᠯᠭᠠᠨ ᠴᠢᠮᠡᠭᠡ ᠶᠠᠪᠤᠭᠤᠯᠵᠤ ᠂ |
ᠲᠡᠭᠦᠨ ᠤ ᠠᠦ᠋ᠰᠲᠷᠠᠯᠢᠶ᠎ᠠ ᠶᠢᠨ ᠬᠤᠯᠪᠣᠭᠠᠨ ᠤ ᠵᠠᠰᠠᠭ ᠤᠨ ᠣᠷᠳᠣᠨ ᠤ ᠶᠡᠷᠦᠩᠬᠡᠢ ᠰᠠᠶᠢᠳ ᠢᠶᠠᠷ ᠦᠷᠭᠦᠯᠵᠢᠯᠡᠨ |
ᠰᠣᠩᠭᠤᠭᠳᠠᠭᠰᠠᠨ ᠳᠤ ᠪᠠᠶᠠᠷ ᠬᠦᠷᠭᠡᠪᠡ ᠃ |
ᠰᠢ ᠶᠢᠨ ᠫᠢᠩ ᠂ ᠥᠩᠭᠡᠷᠡᠭᠰᠡᠨ 3 ᠵᠢᠯ ᠳᠤ ᠪᠢ ᠶᠡᠷᠦᠩᠬᠡᠢ ᠰᠠᠶᠢᠳ ᠠᠪᠤᠭᠠᠢ ᠲᠠᠢ ᠠᠭᠤᠯᠵᠠᠵᠤ ᠂ ᠳᠤᠮᠳᠠᠳᠤ |
ᠠᠦ᠋ᠰᠲᠷᠠᠯᠢᠶ᠎ᠠ ᠶᠢᠨ ᠬᠠᠷᠢᠯᠴᠠᠭᠠᠨ ᠤ ᠬᠥᠭᠵᠢᠯᠲᠡ ᠳᠤ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠂ |
ᠪᠦᠭᠦ ᠲᠠᠯ᠎ᠠ ᠶᠢᠨ ᠴᠢᠨᠠᠷᠲᠠᠢ ᠂ ᠴᠢᠭᠯᠡᠯ ᠤᠨ ᠴᠢᠨᠠᠷᠲᠠᠢ ᠠᠰᠠᠭᠤᠳᠠᠯ ᠤᠨ ᠲᠤᠬᠠᠢ ᠭᠦᠨᠵᠡᠭᠡᠢ ᠣᠯᠣᠯᠴᠠᠬᠤ ᠶᠢᠨ ᠬᠠᠮᠲᠤ |
ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠤ ᠂ ᠬᠤᠶᠠᠷ ᠤᠯᠤᠰ ᠤᠨ ᠬᠠᠷᠢᠯᠴᠠᠭ᠎ᠠ ᠶᠢ ᠰᠠᠶᠢᠵᠢᠷᠠᠭᠤᠯᠬᠤ ᠪᠠ |
ᠬᠥᠭᠵᠢᠭᠦᠯᠬᠦ ᠳᠤ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠮᠵᠢ ᠬᠠᠩᠭᠠᠵᠠᠢ ᠃ ᠳᠤᠮᠳᠠᠳᠤ ᠠᠦ᠋ᠰᠲᠷᠠᠯᠢᠶ᠎ᠠ ᠬᠤᠶᠠᠷ |
ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠬᠤ ᠨᠢ ᠬᠤᠶᠠᠷ ᠤᠯᠤᠰ ᠤᠨ ᠬᠠᠮᠲᠤ ᠶᠢᠨ |
ᠬᠥᠭᠵᠢᠯᠲᠡ ᠶᠢ ᠪᠡᠶᠡᠯᠡᠭᠦᠯᠬᠦ ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠢ ᠠᠬᠢᠭᠤᠯᠬᠤ ᠳᠤ ᠴᠢᠬᠤᠯᠠ |
ᠠᠴᠢ ᠬᠤᠯᠪᠣᠭᠳᠠᠯ ᠲᠠᠢ ᠶᠤᠮ ᠃ ᠪᠢ ᠳᠤᠷᠠᠲᠠᠶ᠎ᠠ ᠶᠡᠷᠦᠩᠬᠡᠢ ᠰᠠᠶᠢᠳ ᠠᠯᠪᠠᠨᠢᠰ ᠲᠠᠢ ᠬᠠᠮᠲᠤ ᠪᠠᠷ ᠴᠢᠷᠮᠠᠶᠢᠵᠤ |
ᠪᠠᠶᠢᠭᠠᠳ ᠳᠤᠮᠳᠠᠳᠤ ᠠᠦ᠋ᠰᠲᠷᠠᠯᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ |
ᠬᠠᠷᠢᠯᠴᠠᠭ᠎ᠠ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠵᠤ ᠂ ᠬᠤᠶᠠᠷ ᠤᠯᠤᠰ ᠤᠨ ᠠᠷᠠᠳ ᠲᠦᠮᠡᠨ ᠳᠤ |
ᠨᠠᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ ᠃ |
ᠲᠤᠰ ᠡᠳᠦᠷ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠠᠯᠪᠠᠨᠢᠰ ᠲᠤ |
ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ ᠂ ᠳᠤᠮᠳᠠᠳᠤ ᠤᠯᠤᠰ ᠳᠤᠷᠠᠲᠠᠶ᠎ᠠ ᠠᠦ᠋ᠰᠲᠷᠠᠯᠢᠶ᠎ᠠ ᠶᠢᠨ ᠰᠢᠨ᠎ᠡ ᠨᠢᠭᠡ |
ᠬᠤᠭᠤᠴᠠᠭᠠᠨ ᠤ ᠵᠠᠰᠠᠭ ᠤᠨ ᠣᠷᠳᠣᠨ ᠲᠠᠢ ᠬᠠᠮᠲᠤ ᠪᠠᠷ ᠨᠡᠩ ᠪᠣᠯᠪᠠᠰᠤᠷᠠᠩᠭᠤᠢ ᠲᠣᠭᠲᠠᠭᠤᠨ ᠂ ᠨᠡᠩ ᠪᠠᠶᠠᠯᠢᠭ |
ᠦᠷ᠎ᠡ ᠪᠦᠲᠦᠭᠡᠯ ᠲᠠᠢ ᠳᠤᠮᠳᠠᠳᠤ ᠠᠦ᠋ᠰᠲᠷᠠᠯᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ |
ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠪᠡ ᠃ |
|