| ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ 5 ᠰᠠᠷ᠎ᠠ ᠶᠢᠨ 13 ᠤ |
ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ ᠤᠯᠤᠰ ᠤᠨ ᠬᠤᠷᠠᠯ ᠤᠨ |
ᠲᠥᠪ ᠲᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ |
ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ |
ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ ᠃ ᠰᠢ ᠶᠢᠨ ᠫᠢᠩ ᠂ |
ᠳᠤᠮᠳᠠᠳᠤ ᠤᠯᠤᠰ ᠤᠨ ᠬᠢᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ᠭᠠᠷ ᠬᠤᠯᠪᠣᠨ |
ᠲᠠᠪᠤᠨ ᠶᠡᠭᠡ ᠢᠨᠵᠧᠨᠧᠷᠢᠩ ᠢ ᠡᠬᠢᠯᠡᠭᠦᠯᠵᠦ ᠂ ᠬᠥᠭᠵᠢᠯᠲᠡ ᠮᠠᠨᠳᠤᠯᠲᠠ ᠶᠢ ᠬᠠᠮᠲᠤ ᠪᠠᠷ ᠰᠦᠪᠡᠭᠴᠢᠯᠡᠵᠦ ᠂ ᠳᠤᠮᠳᠠᠳᠤ |
ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ |
ᠴᠣᠭᠴᠠ ᠶᠢ ᠬᠠᠮᠲᠤ ᠪᠠᠷ ᠪᠠᠶᠢᠭᠤᠯᠤᠨ᠎ᠠ ᠭᠡᠵᠦ ᠨᠡᠶᠢᠲᠡᠯᠡᠪᠡ ᠃ |
|
|
|
|
|
5 ᠰᠠᠷ᠎ᠠ ᠶᠢᠨ 13 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ |
ᠤᠯᠤᠰ ᠤᠨ ᠬᠤᠷᠠᠯ ᠤᠨ ᠲᠥᠪ ᠲᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ |
ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ |
ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ |
ᠶᠠᠷᠢᠶ᠎ᠠ ᠲᠠᠯᠪᠢᠪᠠ ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠢᠨ ᠪᠦᠸᠧ ᠭᠦ᠋ ᠰᠡᠭᠦᠳᠡᠷᠯᠡᠪᠡ ︶ |
ᠵᠤᠨ ᠤ ᠡᠬᠢ ᠪᠠᠷ ᠡᠬᠡ ᠪᠠᠶᠢᠭᠠᠯᠢ ᠠᠮᠢᠵᠢᠷᠠᠯ ᠤᠨ ᠬᠦᠴᠦᠨ ᠢᠶᠠᠷ ᠪᠢᠯᠬᠠᠨ᠎ᠠ ᠃ ᠤᠯᠤᠰ ᠤᠨ ᠬᠤᠷᠠᠯ ᠤᠨ |
ᠲᠥᠪ ᠲᠤ ᠳᠤᠮᠳᠠᠳᠤ ᠤᠯᠤᠰ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠤᠯᠤᠰ ᠤᠨ ᠲᠤᠭ |
ᠵᠢᠴᠢ ᠬᠤᠯᠪᠣᠭᠳᠠᠯ ᠪᠦᠬᠦᠢ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠲᠤᠭ ᠰᠠᠯᠬᠢᠨ ᠤ ᠠᠶ᠎ᠠ ᠪᠠᠷ |
ᠨᠠᠮᠢᠷᠠᠨ᠎ᠠ ᠃ |
ᠰᠢ ᠶᠢᠨ ᠫᠢᠩ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ |
ᠵᠢᠵᠢᠭᠦᠷ ᠲᠡᠷᠢᠭᠦᠯᠡᠭᠴᠢ ᠤᠯᠤᠰ ᠪᠤᠯᠬᠤ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠲᠷᠤ᠋ ᠂ ᠪᠷᠠᠽᠢᠯ ᠤᠨ ᠶᠡᠷᠦᠩᠬᠡᠶᠢᠯᠡᠭᠴᠢ |
ᠯᠦᠯᠠ ᠂ ᠴᠢᠯᠢ ᠶᠢᠨ ᠶᠡᠷᠦᠩᠬᠡᠶᠢᠯᠡᠭᠴᠢ ᠪᠦᠧᠧᠯᠢᠴᠢ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠵᠢᠴᠢ |
ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠲᠠᠢ ᠳᠣᠲᠣᠨᠣ ᠪᠠᠷ |
ᠭᠠᠷ ᠠᠳᠬᠤᠭᠰᠠᠨ ᠪᠥᠭᠡᠳ ᠬᠠᠮᠲᠤ ᠶᠢᠨ ᠰᠡᠭᠦᠳᠡᠷ ᠲᠠᠲᠠᠭᠤᠯᠪᠠ ᠃ |
ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠰᠢ ᠶᠢᠨ ᠫᠢᠩ ︽ ᠳᠤᠮᠳᠠᠳᠤ ᠤᠯᠤᠰ — ᠯᠠᠲ᠋ᠢᠨ ᠠᠮᠧᠷᠢᠺᠠ |
ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠶ᠎ᠡ ︾ |
ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ ᠃ |
ᠰᠢ ᠶᠢᠨ ᠫᠢᠩ ᠂ 2015 ᠣᠨ ᠳᠤ ᠪᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ |
ᠲᠥᠯᠥᠭᠡᠯᠡᠭᠴᠢᠳ ᠲᠠᠢ ᠬᠠᠮᠲᠤ ᠪᠠᠷ ᠪᠡᠭᠡᠵᠢᠩ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ |
ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠠᠩᠬᠠᠳᠤᠭᠠᠷ |
ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠵᠤ ᠂ ᠳᠤᠮᠳᠠᠳᠤ |
ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ |
ᠲᠠᠪᠴᠠᠩ ᠪᠠᠶᠢᠭᠤᠯᠤᠭᠳᠠᠭᠰᠠᠨ ᠢ ᠲᠤᠩᠬᠠᠭᠯᠠᠪᠠ ᠃ 10 ᠵᠢᠯ ᠤᠨ ᠲᠤᠷᠰᠢ ᠬᠤᠶᠠᠷ ᠲᠠᠯ᠎ᠠ ᠶᠢᠨ ᠨᠢᠮᠪᠠᠢ |
ᠪᠣᠶᠢᠵᠢᠭᠤᠯᠤᠯᠲᠠ ᠳᠣᠣᠷ᠎ᠠ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ |
ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠨᠢ ᠨᠢᠭᠡᠨ ᠨᠢᠯᠬ᠎ᠠ ᠴᠢᠬᠢ ᠪᠠᠶᠢᠭᠰᠠᠨ ᠠᠴᠠ ᠪᠠᠨ ᠲᠣᠮᠣ ᠮᠣᠳᠣ |
ᠪᠣᠯᠵᠤ ᠪᠣᠶᠢᠵᠢᠭᠰᠠᠨ ᠪᠠᠶᠢᠨ᠎ᠠ ᠃ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠮᠥᠷᠥ ᠵᠡᠷᠭᠡᠴᠡᠵᠦ ᠂ ᠬᠠᠷᠢᠯᠴᠠᠨ |
ᠳᠡᠮᠵᠢᠵᠦ ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ |
ᠢᠮᠠᠭᠲᠠ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠵᠤ ᠂ ᠲᠤᠮᠳᠠᠳᠤ ᠶᠢᠨ ᠲᠠᠯ᠎ᠠ ᠶᠢᠨ ᠬᠢᠨ ᠯᠠᠲ᠋ᠢᠨ |
ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ |
ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠲᠡᠮᠵᠢᠵᠥ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ |
ᠤᠯᠤᠰ ᠤᠳ ᠤᠨ ᠤᠯᠤᠰ ᠤᠨ ᠡᠷᠬᠡ ᠮᠡᠳᠡᠯ ᠪᠠ ᠲᠤᠰᠠᠭᠠᠷ ᠲᠣᠭᠲᠠᠨᠢᠯ ᠢᠶᠠᠨ ᠬᠠᠮᠠᠭᠠᠯᠠᠬᠤ ᠶᠢ ᠲᠡᠮᠵᠢᠵᠥ ᠂ |
ᠭᠠᠳᠠᠭᠠᠳᠤ ᠶᠢᠨ ᠬᠢᠨ ᠤ ᠭᠠᠷ ᠲᠦᠷᠦᠭᠦ ᠶᠢ ᠡᠰᠡᠷᠭᠦᠴᠡᠪᠡ ︔ ᠬᠤᠶᠠᠷ ᠲᠠᠯ᠎ᠠ ᠪᠠᠷ ᠢᠶᠠᠨ ᠤᠷᠤᠰᠬᠠᠯ ᠤᠨ ᠡᠮᠦᠨ᠎ᠡ |
ᠬᠤᠰᠢᠭᠤᠷᠠᠨ ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠵᠦ ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ |
ᠬᠠᠨᠳᠤᠰᠢ ᠳᠤ ᠵᠣᠬᠢᠴᠠᠵᠤ ᠂ ᠠᠷᠠᠯᠵᠢᠶ᠎ᠠ ᠂ ᠪᠡᠯᠡ ᠣᠷᠣᠭᠤᠯᠤᠯᠲᠠ ᠂ ᠮᠥᠩᠭᠦᠨ ᠭᠦᠢᠯᠭᠡᠭᠡᠨ ᠂ ᠰᠢᠨᠵᠢᠯᠡᠬᠦ ᠤᠬᠠᠭᠠᠨ |
ᠲᠧᠭᠨᠢᠭ ᠮᠡᠷᠭᠡᠵᠢᠯ ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠪᠣᠳᠠᠲᠠᠢ ᠶᠢ |
ᠡᠷᠬᠢᠮᠯᠡᠭᠰᠡᠨ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠠᠬᠢᠭᠤᠯᠵᠤ ᠂ ︽ ᠨᠢᠭᠡ ᠪᠦᠰᠡ ᠨᠢᠭᠡ |
ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠪᠠ ︔ ᠬᠤᠶᠠᠷ ᠲᠠᠯ᠎ᠠ ᠪᠠᠷ ᠢᠶᠠᠨ ᠰᠠᠬᠢᠨ ᠪᠠᠷᠠᠯᠠᠵᠤ |
ᠬᠠᠷᠢᠯᠴᠠᠨ ᠬᠠᠪᠰᠤᠷᠤᠯᠴᠠᠵᠤ ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ ᠂ ᠭᠠᠮᠰᠢᠭ ᠢ ᠰᠡᠷᠭᠡᠶᠢᠯᠡᠬᠦ ᠭᠠᠮᠰᠢᠭ ᠢ |
ᠪᠠᠭᠠᠰᠬᠠᠬᠤ ᠭᠠᠮᠰᠢᠭ ᠠᠴᠠ ᠠᠪᠤᠷᠠᠬᠤ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ ᠂ ᠳᠠᠯᠠᠢ ᠶᠢᠨ ᠰᠢᠭᠤᠷᠭ᠎ᠠ ᠂ |
ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠪᠠ ᠡᠷᠢᠨ ᠵᠠᠭᠤᠨ ᠤ ᠬᠢᠵᠢᠭ ᠤᠨ ᠪᠠᠶᠢᠳᠠᠯ ᠢ ᠭᠠᠷ ᠬᠤᠯᠪᠣᠨ |
ᠠᠷᠭᠠᠴᠠᠭᠠᠪᠠ ︔ ᠬᠤᠶᠠᠷ ᠲᠠᠯ᠎ᠠ ᠪᠠᠷ ᠢᠶᠠᠨ ᠪᠦᠯᠬᠦᠮᠳᠡᠨ ᠬᠠᠮᠵᠢᠯᠴᠠᠵᠤ ᠂ ᠵᠣᠷᠢᠭᠲᠠᠢ ᠪᠠᠷ ᠬᠠᠷᠢᠭᠤᠴᠠᠯᠭ᠎ᠠ |
ᠡᠭᠦᠷᠭᠡᠯᠡᠵᠦ ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ ᠂ ᠳᠡᠯᠡᠬᠡᠢ ᠶᠢᠨ ᠲᠥᠪ ᠭᠤᠣᠯᠴᠢ |
ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠵᠤ ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ |
ᠥᠭᠡᠷᠡᠴᠢᠯᠡᠯᠲᠡ ᠶᠢ ᠠᠬᠢᠭᠤᠯᠵᠤ ᠂ ᠳᠡᠯᠡᠬᠡᠢ ᠶᠢᠨ ᠤᠯᠠᠨ ᠲᠤᠶᠢᠯᠵᠢᠯ ᠪᠣᠯᠣᠨ ᠤᠯᠠᠨ ᠤᠯᠤᠰ ᠤᠨ ᠬᠠᠷᠢᠯᠴᠠᠭ᠎ᠠ ᠶᠢᠨ |
ᠠᠷᠠᠳᠴᠢᠯᠠᠯ ᠢ ᠠᠬᠢᠭᠤᠯᠪᠠ ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ |
ᠨᠢᠭᠡᠨᠲᠡ ᠭᠠᠷ ᠬᠤᠯᠪᠣᠨ ᠬᠠᠮᠲᠤ ᠪᠠᠷ ᠤᠷᠤᠭᠰᠢᠯᠠᠬᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠤᠭᠰᠠᠨ ᠢ |
ᠪᠣᠳᠠᠲᠤ ᠶᠠᠪᠤᠳᠠᠯ ᠭᠡᠷᠡᠴᠢᠯᠡᠪᠡ ᠃ ᠲᠡᠭᠦᠨ ᠤ ᠢᠯᠡ ᠲᠣᠳᠣ ᠳᠡᠪᠢᠰᠬᠡᠷ ᠥᠩᠭᠡ ᠪᠣᠯ ᠡᠷᠬᠡ ᠲᠡᠭᠰᠢ ᠪᠠᠷ |
ᠬᠠᠨᠳᠤᠯᠴᠠᠬᠤ ᠪᠣᠯᠣᠨ᠎ᠠ ᠂ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯ ᠬᠠᠷᠢᠯᠴᠠᠨ ᠠᠰᠢᠭᠲᠠᠢ ᠬᠠᠮᠲᠤ ᠪᠠᠷ ᠠᠰᠢᠭ |
ᠭᠦᠷᠳᠡᠭᠦ ᠪᠣᠯᠣᠨ᠎ᠠ ᠂ ᠬᠡᠬᠦᠳᠡᠭ ᠴᠡᠭᠡᠵᠢ ᠳᠡᠭᠡᠨ ᠪᠠᠭᠲᠠᠭᠠᠵᠤ ᠪᠠᠶᠢᠭ᠎ᠠ ᠵᠠᠩ ᠰᠤᠷᠲᠠᠯ ᠪᠣᠯ ᠨᠡᠭᠡᠭᠡᠯᠲᠡᠲᠡᠢ |
ᠪᠠᠭᠲᠠᠭᠠᠮᠵᠢᠲᠠᠢ ᠂ ᠦᠨᠳᠦᠰᠦᠨ ᠬᠥᠭᠡᠭᠡᠴᠡᠯᠳᠦᠯ ᠪᠣᠯ ᠠᠷᠠᠳ ᠲᠦᠮᠡᠨ ᠳᠤ ᠪᠤᠶᠠᠨ ᠦᠢᠯᠡᠳᠬᠦ ᠪᠠᠶᠢᠵᠤ ᠂ ᠥᠷᠨᠢᠭᠦᠨ |
ᠪᠠᠳᠠᠷᠠᠩᠭᠤᠢ ᠠᠮᠢᠵᠢᠷᠠᠯ ᠤᠨ ᠬᠦᠴᠦᠨ ᠪᠠ ᠥᠷᠭᠡᠨ ᠠᠭᠤᠳᠠᠮ ᠬᠥᠭᠵᠢᠯᠲᠡ ᠶᠢᠨ ᠠᠯᠤᠰ ᠢᠷᠡᠭᠡᠳᠦᠢ ᠲᠠᠢ ᠶᠤᠮ |
ᠭᠡᠵᠦ ᠵᠢᠭᠠᠵᠤ ᠭᠠᠷᠭᠠᠪᠠ ᠃ |
|
|
|
|
|
5 ᠰᠠᠷ᠎ᠠ ᠶᠢᠨ 13 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ |
ᠤᠯᠤᠰ ᠤᠨ ᠬᠤᠷᠠᠯ ᠤᠨ ᠲᠥᠪ ᠲᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ |
ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ |
ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ |
ᠶᠠᠷᠢᠶ᠎ᠠ ᠲᠠᠯᠪᠢᠪᠠ ᠃ ᠵᠢᠷᠤᠭ ᠪᠣᠯ ᠰᠢ ᠶᠢᠨ ᠫᠢᠩ ᠪᠣᠯᠣᠨ ᠬᠤᠷᠠᠯ ᠳᠤ ᠣᠷᠣᠯᠴᠠᠬᠰᠠᠨ ᠵᠣᠴᠢᠳ ᠬᠠᠮᠲᠤ ᠶᠢᠨ |
ᠰᠡᠭᠦᠳᠡᠷ ᠲᠠᠲᠠᠭᠤᠯᠵᠤ ᠪᠠᠶᠢᠭ᠎ᠠ ᠨᠢ ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠬᠠᠢ ᠲᠤᠤ |
ᠰᠡᠭᠦᠳᠡᠷᠯᠡᠪᠡ ︶ |
ᠰᠢ ᠶᠢᠨ ᠫᠢᠩ ᠂ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ |
ᠬᠤᠪᠢᠰᠤᠯᠲᠠ ᠲᠦᠷᠭᠡᠰᠦᠨ ᠤᠯᠠᠷᠢᠵᠤ ᠂ ᠤᠯᠠᠨ ᠳᠠᠪᠬᠤᠷ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ ᠪᠠᠶᠢᠨ᠎ᠠ ᠃ |
ᠡᠯ᠎ᠡ ᠤᠯᠤᠰ ᠭᠠᠭᠴᠠ ᠬᠦ ᠪᠦᠯᠬᠦᠮᠳᠡᠨ ᠬᠠᠮᠵᠢᠯᠴᠠᠪᠠᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ |
ᠬᠠᠮᠠᠭᠠᠯᠠᠵᠤ ᠂ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠵᠤ ᠴᠢᠳᠠᠨ᠎ᠠ ᠃ ᠪᠣᠭᠤᠮᠲᠠ ᠶᠢᠨ ᠭᠠᠶᠢᠯᠢ ᠶᠢᠨ |
ᠳᠠᠶᠢᠨ ᠂ ᠠᠷᠠᠯᠵᠢᠶᠠᠨ ᠤ ᠳᠠᠶᠢᠨ ᠳᠤ ᠢᠯᠠᠭᠴᠢ ᠪᠠᠶᠢᠬᠤ ᠦᠭᠡᠢ ᠂ ᠡᠵᠡᠷᠬᠡᠬᠦ ᠡᠵᠡᠷᠬᠡᠭᠯᠡᠬᠦ ᠨᠢ ᠵᠥᠪᠭᠡᠨ ᠥᠪᠡᠷ ᠢ ᠪᠠᠨ |
ᠭᠠᠭᠴᠠᠭᠠᠷᠳᠠᠭᠤᠯᠤᠨ᠎ᠠ ᠃ ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠪᠣᠯ ᠴᠥᠮ |
ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠴᠢᠬᠤᠯᠠ ᠪᠦᠷᠢᠯᠳᠦᠭᠦᠨ ᠮᠥᠨ ᠂ ᠪᠡᠶ᠎ᠡ ᠪᠠᠨ |
ᠳᠠᠭᠠᠭᠠᠵᠤ ᠡᠵᠡᠨ ᠮᠡᠳᠡᠬᠦ ᠪᠣᠯ ᠮᠠᠨ ᠤ ᠢᠷᠠᠭᠤ ᠠᠯᠳᠠᠷᠲᠤ ᠤᠯᠠᠮᠵᠢᠯᠠᠯ ᠮᠥᠨ ᠂ ᠬᠥᠭᠵᠢᠯ ᠮᠠᠨᠳᠤᠯ ᠪᠣᠯ ᠪᠢᠳᠡᠨ ᠤ |
ᠲᠥᠷᠥᠯᠬᠢ ᠡᠷᠬᠡ ᠮᠥᠨ ᠂ ᠲᠥᠪ ᠭᠤᠣᠯᠴᠢ ᠰᠢᠳᠤᠷᠭᠤ ᠶᠣᠰᠣ ᠪᠣᠯ ᠪᠢᠳᠡᠨ ᠤ ᠬᠠᠮᠲᠤ ᠶᠢᠨ ᠬᠥᠭᠡᠭᠡᠴᠡᠯᠳᠦᠯ ᠮᠥᠨ ᠃ |
ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ᠭᠠᠷ |
ᠬᠤᠯᠪᠣᠨ ᠲᠠᠪᠤᠨ ᠶᠡᠭᠡ ᠢᠨᠵᠧᠨᠧᠷᠢᠩ ᠢ ᠡᠬᠢᠯᠡᠭᠦᠯᠵᠦ ᠂ ᠬᠥᠭᠵᠢᠯ ᠮᠠᠨᠳᠤᠯ ᠢ ᠬᠠᠮᠲᠤ ᠪᠠᠷ ᠡᠷᠢᠯᠬᠢᠯᠡᠵᠦ ᠂ ᠳᠤᠮᠳᠠᠳᠤ |
ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ |
ᠴᠣᠭᠴᠠ ᠶᠢ ᠬᠠᠮᠲᠤ ᠪᠠᠷ ᠪᠠᠶᠢᠭᠤᠯᠤᠨ᠎ᠠ ᠃ |
ᠨᠢᠭᠡ ᠪᠣᠯ ᠪᠦᠯᠬᠦᠮᠳᠡᠯ ᠤᠨ ᠢᠨᠵᠧᠨᠧᠷᠢᠩ ᠃ ᠦᠷᠭᠦᠯᠵᠢᠯᠡᠨ ᠲᠤᠰ ᠲᠤᠰ ᠤᠨ ᠢᠶᠠᠨ ᠭᠤᠣᠯᠯᠠᠭᠴᠢ ᠠᠰᠢᠭ |
ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠯᠴᠡᠵᠦ ᠂ ᠤᠯᠠᠨ |
ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ |
ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ ᠂ ᠤᠯᠠᠨ |
ᠤᠯᠤᠰ ᠤᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠳᠤᠮᠳᠠ ᠬᠠᠮᠲᠤ ᠶᠢᠨ ᠳᠠᠭᠤᠨ ᠢᠶᠠᠨ |
ᠴᠤᠤᠷᠢᠶᠠᠲᠤᠭᠤᠯᠤᠨ᠎ᠠ ᠃ ᠢᠷᠡᠬᠦ 3 ᠵᠢᠯ ᠳᠤ ᠳᠤᠮᠳᠠᠳᠤ ᠤᠯᠤᠰ ᠵᠢᠯ ᠪᠦᠷᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ |
ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ 300 ᠲᠦᠷᠦ ᠶᠢᠨ ᠨᠠᠮ ᠤᠨ ᠺᠠᠳ᠋ᠷ ᠢ |
ᠤᠷᠢᠵᠤ ᠳᠤᠮᠳᠠᠳᠤ ᠤᠯᠤᠰ ᠲᠤ ᠰᠢᠨᠵᠢᠯᠡᠨ ᠪᠠᠶᠢᠴᠠᠭᠠᠯᠭᠠᠵᠤ ᠠᠶᠢᠯᠴᠢᠯᠠᠯᠲᠠ ᠬᠢᠯᠭᠡᠨ᠎ᠡ ᠃ |
ᠬᠤᠶᠠᠷ ᠪᠣᠯ ᠬᠥᠭᠵᠢᠯᠲᠡ ᠶᠢᠨ ᠢᠨᠵᠧᠨᠧᠷᠢᠩ ᠃ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ |
ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ ᠂ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠡᠷᠡᠰ ᠬᠠᠮᠠᠭᠠᠯᠠᠵᠤ ᠂ |
ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ |
ᠨᠡᠪᠲᠡᠷᠡᠬᠦ ᠶᠢ ᠬᠠᠮᠠᠭᠠᠯᠠᠵᠤ ᠂ ᠨᠡᠭᠡᠭᠡᠯᠲᠡᠲᠤ ᠬᠠᠮᠲᠤᠷᠠᠯᠴᠠᠭ᠎ᠠ ᠶᠢᠨ ᠤᠯᠠᠨ ᠤᠯᠤᠰ ᠤᠨ ᠣᠷᠴᠢᠨ ᠲᠣᠭᠤᠷᠢᠨ ᠢ |
ᠬᠠᠮᠠᠭᠠᠯᠠᠨ᠎ᠠ ᠃ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ ᠂ ︽ ᠨᠢᠭᠡ |
ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠢ ᠠᠬᠢᠭᠤᠯᠤᠨ᠎ᠠ ᠃ |
ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠨᠡᠩ ᠤᠯᠠᠨ ᠰᠢᠯᠢᠳᠡᠭ |
ᠦᠢᠯᠡᠳᠬᠦᠨ ᠢ ᠣᠷᠣᠭᠤᠯᠵᠤ ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠯᠠᠲ᠋ᠢᠨ ᠠᠮᠧᠷᠢᠺᠠ ᠪᠣᠯᠣᠨ |
ᠺᠠᠷᠢᠪᠧ ᠶᠢᠨ ᠤᠯᠤᠰ ᠤᠳ ᠲᠠᠬᠢ ᠪᠡᠯᠡ ᠣᠷᠣᠭᠤᠯᠤᠯᠲᠠ ᠪᠠᠨ ᠥᠷᠭᠡᠳᠬᠡᠬᠦ ᠶᠢ ᠵᠣᠷᠢᠭᠵᠢᠭᠤᠯᠤᠨ᠎ᠠ ᠃ |
ᠭᠤᠷᠪᠠ ᠪᠣᠯ ᠪᠣᠯᠪᠠᠰᠤᠨ ᠤ ᠢᠨᠵᠧᠨᠧᠷᠢᠩ ᠃ ᠬᠠᠮᠲᠤ ᠪᠠᠷ ᠪᠦᠭᠦ ᠪᠥᠮᠪᠥᠷᠴᠡᠭ ᠤᠨ ᠪᠣᠯᠪᠠᠰᠤᠨ ᠤ |
ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ ᠂ ᠡᠷᠬᠡ ᠲᠡᠭᠰᠢ᠂ ᠬᠠᠷᠢᠯᠴᠠᠨ ᠲᠣᠯᠢᠯᠠᠬᠤ ᠂ ᠶᠠᠷᠢᠯᠴᠠᠭ᠎ᠠ ᠂ ᠪᠠᠭᠲᠠᠭᠠᠮᠵᠢᠲᠠᠢ |
ᠪᠣᠯᠪᠠᠰᠤᠨ ᠤ ᠦᠵᠡᠯᠲᠡ ᠶᠢ ᠪᠤᠢ ᠪᠤᠯᠭᠠᠵᠤ ᠂ ᠡᠩᠬᠡ ᠲᠠᠶᠢᠪᠤᠩ ᠂ ᠬᠥᠭᠵᠢᠯᠲᠡ ᠂ ᠡᠷᠬᠡ ᠲᠡᠭᠰᠢ ᠂ ᠰᠢᠳᠤᠷᠭᠤ ᠶᠣᠰᠣ ᠂ |
ᠠᠷᠠᠳᠴᠢᠯᠠᠯ ᠂ ᠡᠷᠬᠡ ᠴᠢᠯᠦᠭᠡ ᠲᠠᠢ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠤᠨ᠎ᠠ ᠃ |
ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠪᠣᠯᠪᠠᠰᠤᠨ ᠤ ᠰᠣᠯᠢᠯᠴᠠᠭ᠎ᠠ ᠶᠢ |
ᠭᠦᠨᠵᠡᠭᠡᠶᠢᠷᠡᠭᠦᠯᠵᠦ ᠂ ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ |
ᠪᠣᠯᠪᠠᠰᠤᠨ ᠤ ᠶᠠᠷᠢᠯᠴᠠᠭᠠᠨ ᠤ ᠶᠡᠭᠡ ᠬᠤᠷᠠᠯ ᠢ ᠡᠷᠭᠢᠯᠡᠨ᠎ᠡ ᠃ |
ᠳᠥᠷᠪᠡ ᠪᠣᠯ ᠨᠠᠶᠢᠷᠠᠮᠳᠠᠯ ᠤᠨ ᠢᠨᠵᠧᠨᠧᠷᠢᠩ ᠃ ᠬᠠᠮᠲᠤ ᠪᠠᠷ ᠪᠦᠭᠦ ᠪᠥᠮᠪᠥᠷᠴᠡᠭ ᠤᠨ ᠠᠮᠤᠷ ᠲᠦᠪᠰᠢᠨ ᠤ |
ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ ᠂ ᠭᠠᠮᠰᠢᠭ ᠤᠨ ᠰᠦᠢᠳᠦᠯ ᠢ ᠵᠠᠰᠠᠬᠤ ᠂ ᠰᠦᠯᠵᠢᠶᠡᠨ ᠤ ᠠᠮᠤᠷ ᠲᠦᠪᠰᠢᠨ ᠂ |
ᠰᠦᠷᠳᠡᠭᠦᠯᠦᠯ ᠢ ᠡᠰᠡᠷᠭᠦᠴᠡᠬᠦ ᠂ ᠢᠯᠵᠢᠷᠡᠯ ᠢ ᠡᠰᠡᠷᠭᠦᠴᠡᠬᠦ ᠂ ᠬᠤᠣᠷ ᠴᠠᠭᠠᠵᠠᠯᠠᠬᠤ ᠂ ᠤᠯᠤᠰ ᠠᠯᠤᠰᠯᠠᠭᠰᠠᠨ ᠵᠣᠬᠢᠶᠠᠨ |
ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠬᠠᠮᠲᠤᠷᠠᠯᠴᠠᠭ᠎ᠠ ᠶᠢ ᠴᠢᠩᠭᠠᠳᠬᠠᠵᠤ ᠂ ᠭᠠᠵᠠᠷ |
ᠣᠷᠣᠨ ᠤ ᠠᠮᠤᠷ ᠲᠦᠪᠰᠢᠨ ᠲᠣᠭᠲᠠᠭᠤᠨ ᠢ ᠴᠢᠷᠮᠠᠶᠢᠨ ᠬᠠᠮᠠᠭᠠᠯᠠᠨ᠎ᠠ ᠃ |
ᠲᠠᠪᠤ ᠪᠣᠯ ᠠᠷᠠᠳ ᠤᠨ ᠰᠡᠳᠬᠢᠯ ᠤᠨ ᠢᠨᠵᠧᠨᠧᠷᠢᠩ ᠃ ᠢᠷᠡᠬᠦ 3 ᠵᠢᠯ ᠳᠤ ᠳᠤᠮᠳᠠᠳᠤ ᠤᠯᠤᠰ ᠯᠠᠲ᠋ᠢᠨ |
ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠲᠤ 3500 |
ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠣᠷᠣᠨ ᠲᠤᠭ᠎ᠠ ᠂ 1 ᠲᠦᠮᠡᠨ ᠳᠤᠮᠳᠠᠳᠤ ᠤᠯᠤᠰ ᠲᠤ ᠢᠷᠡᠵᠦ |
ᠪᠣᠯᠪᠠᠰᠤᠷᠠᠯ ᠭᠦᠷᠳᠡᠭᠦ ᠣᠷᠣᠨ ᠲᠤᠭ᠎ᠠ ᠂ 500 ᠤᠯᠠᠨ ᠤᠯᠤᠰ ᠤᠨ ᠬᠢᠲᠠᠳ ᠬᠡᠯᠡᠨ ᠤ ᠪᠠᠭᠰᠢ ᠶᠢᠨ |
ᠰᠤᠷᠤᠯᠭ᠎ᠠ ᠶᠢᠨ ᠱᠠᠩᠨᠠᠯ ᠤᠨ ᠣᠷᠣᠨ ᠲᠤᠭ᠎ᠠ ᠂ 300 ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ |
ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠣᠷᠣᠨ ᠲᠤᠭ᠎ᠠ ᠂ 1000 ︽ ᠬᠢᠲᠠᠳ ᠬᠡᠯᠡᠨ ᠤ ᠬᠥᠭᠦᠷᠭᠡ ︾ |
ᠶᠢᠨ ᠲᠦᠷᠦᠯ ᠵᠦᠢᠯ ᠤᠨ ᠳᠤᠮᠳᠠᠳᠤ ᠤᠯᠤᠰ ᠲᠤ ᠢᠷᠡᠬᠦ ᠪᠦᠯᠭᠦᠮ ᠳᠤᠭᠤᠶᠢᠯᠠᠩ ᠤᠨ ᠣᠷᠣᠨ ᠲᠤᠭ᠎ᠠ ᠬᠠᠩᠭᠠᠵᠤ ᠂ |
300 ︽ ᠪᠠᠭ᠎ᠠ ᠮᠥᠷᠲᠡᠭᠡᠨ ᠭᠤᠶᠢᠳᠠ ︾ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠬᠡᠷᠡᠭᠵᠢᠭᠦᠯᠵᠦ ᠂ ᠯᠠᠲ᠋ᠢᠨ |
ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ ᠬᠢᠲᠠᠳ |
ᠬᠡᠯᠡᠨ ᠤ ᠰᠤᠷᠭᠠᠨ ᠬᠥᠮᠦᠵᠢᠯ ᠥᠷᠨᠢᠭᠦᠯᠬᠦ ᠶᠢ ᠲᠡᠮᠵᠢᠨ᠎ᠠ ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ |
ᠣᠷᠣᠨ ᠤ 5 ᠤᠯᠤᠰ ᠲᠤ ᠸᠢᠰᠠ ᠶᠢ ᠬᠡᠯᠲᠦᠷᠢᠭᠦᠯᠬᠦ ᠲᠦᠷᠦᠭᠦᠦ ᠪᠦᠯᠦᠭ ᠲᠦᠷᠦ ᠶᠢᠨ ᠪᠣᠳᠣᠯᠭ᠎ᠠ ᠶᠢ |
ᠬᠡᠷᠡᠭᠵᠢᠭᠦᠯᠬᠦ ᠶᠢᠨ ᠬᠠᠮᠲᠤ ᠭᠠᠵᠠᠷ ᠣᠷᠣᠨ ᠤ ᠤᠯᠤᠰ ᠤᠳ ᠤᠨ ᠪᠦᠷᠬᠦᠴᠡ ᠶᠢᠨ ᠬᠡᠪᠴᠢᠶ᠎ᠡ ᠶᠢ ᠵᠣᠬᠢᠰᠲᠠᠢ ᠴᠠᠭ ᠲᠤ |
ᠥᠷᠭᠡᠳᠬᠡᠨ᠎ᠡ ᠭᠡᠵᠦ ᠴᠢᠬᠤᠯᠠᠴᠢᠯᠠᠪᠠ ᠃ |
ᠰᠢ ᠶᠢᠨ ᠫᠢᠩ ᠬᠠᠮᠤᠭ ᠤᠨ ᠰᠡᠭᠦᠯ ᠳᠤ ᠂ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠂ ᠳᠤᠮᠳᠠᠳᠤ |
ᠤᠯᠤᠰ ᠢᠮᠠᠭᠲᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠠᠶᠢᠨ ᠨᠠᠶᠢᠵᠠ ᠂ ᠰᠠᠶᠢᠨ ᠬᠠᠨᠢᠲᠠᠨ |
ᠪᠣᠯᠵᠤ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠢ ᠬᠠᠮᠲᠤ ᠲᠤᠰ ᠲᠤᠰ ᠤᠨ |
ᠣᠳᠣᠬᠢᠴᠢᠯᠠᠯᠲᠠ ᠶᠢᠨ ᠠᠶᠠᠨ ᠳᠠᠭᠠᠨ ᠮᠥᠷᠥ ᠵᠡᠷᠭᠡᠴᠡᠨ ᠤᠷᠤᠭᠰᠢᠯᠠᠵᠤ ᠂ ᠳᠤᠮᠳᠠᠳᠤ ᠤᠯᠤᠰ — ᠯᠠᠲ᠋ᠢᠨ |
ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ |
ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ ᠭᠡᠵᠦ ᠴᠢᠬᠤᠴᠢᠯᠠᠪᠠ ᠃ |
ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠵᠢᠵᠢᠭᠦᠷ |
ᠲᠡᠷᠢᠭᠦᠯᠡᠭᠴᠢ ᠤᠯᠤᠰ ᠪᠤᠯᠬᠤ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠲᠷᠤ᠋ ᠂ ᠪᠷᠠᠽᠢᠯ ᠤᠨ ᠶᠡᠷᠦᠩᠬᠡᠶᠢᠯᠡᠭᠴᠢ ᠯᠦᠯᠠ ᠂ |
ᠴᠢᠯᠢ ᠶᠢᠨ ᠶᠡᠷᠦᠩᠬᠡᠶᠢᠯᠡᠭᠴᠢ ᠪᠦᠸᠧᠯᠢᠴᠢ ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠂ |
ᠪᠷᠠᠽᠢᠯ ᠤᠨ ᠤᠤᠯ ᠤᠨ ᠶᠡᠷᠦᠩᠬᠡᠶᠢᠯᠡᠭᠴᠢ ᠷᠤᠰᠤᠹ ᠲᠤᠰ ᠲᠤᠰ ᠪᠠᠶᠠᠷ ᠤᠨ ᠦᠭᠡ ᠬᠡᠯᠡᠪᠡ ᠃ ᠯᠠᠲ᠋ᠢᠨ ᠠᠮᠧᠷᠢᠺᠠ |
ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠲᠤᠰᠢᠶᠠᠯ ᠳᠤ ᠭᠠᠷᠬᠤ ᠪᠠᠷ ᠪᠠᠶᠢᠭ᠎ᠠ ᠵᠢᠵᠢᠭᠦᠷ |
ᠲᠡᠷᠢᠭᠦᠯᠡᠭᠴᠢ ᠤᠯᠤᠰ ᠦᠷᠥ᠋ᠭᠤᠸᠠᠢ ᠶᠢᠨ ᠶᠡᠷᠦᠩᠬᠡᠶᠢᠯᠡᠭᠴᠢ ᠤᠤᠷᠰᠢ ᠶᠢᠨ ᠣᠨᠴᠠᠭᠠᠢ ᠲᠥᠯᠥᠭᠡᠯᠡᠭᠴᠢ ᠠᠴᠠ |
ᠶᠡᠷᠦᠩᠬᠡᠶᠢᠯᠡᠭᠴᠢ ᠶᠢᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠪᠡ ᠃ ᠲᠡᠳᠡ ᠯᠠᠲ᠋ᠢᠨ ᠠᠮᠧᠷᠢᠺᠠ ᠪᠣᠯᠣᠨ |
ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ ᠶᠠᠷᠢᠶᠠᠨ ᠤ ᠲᠠᠪᠴᠠᠩ ᠤᠨ 10 ᠵᠢᠯ ᠤᠨ |
ᠬᠥᠭᠵᠢᠯᠲᠡ ᠶᠢᠨ ᠣᠯᠣᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠳᠡᠭᠡᠳᠦ ᠬᠡᠮᠵᠢᠶ᠎ᠡ ᠪᠠᠷ ᠦᠨᠡᠯᠡᠵᠦ ᠂ ᠯᠠᠲ᠋ᠢᠨ |
ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ ᠬᠠᠮᠲᠤᠷᠠᠯᠴᠠᠭ᠎ᠠ ᠶᠢ ᠠᠬᠢᠭᠤᠯᠬᠤ ᠂ |
ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ |
ᠠᠬᠢᠭᠤᠯᠬᠤ ᠳᠤ ᠦᠵᠡᠭᠦᠯᠦᠭᠰᠡᠨ ᠳᠤᠮᠳᠠᠳᠤ ᠤᠯᠤᠰ ᠤᠨ ᠴᠢᠬᠤᠯᠠ ᠶᠡᠭᠡ ᠬᠤᠪᠢ ᠨᠡᠮᠡᠷᠢ ᠶᠢ ᠮᠠᠭᠲᠠᠨ ᠰᠠᠶᠢᠰᠢᠶᠠᠪᠠ ᠃ |
ᠡᠯ᠎ᠡ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠳᠡᠮᠵᠢᠬᠦ ᠪᠠᠨ ᠳᠠᠪᠲᠠᠨ ᠢᠯᠡᠷᠬᠡᠶᠢᠯᠡᠪᠡ ᠃ |
ᠡᠯ᠎ᠡ ᠲᠠᠯ᠎ᠠ ᠶᠢᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ |
ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠪᠣᠯᠣᠨ ᠭᠤᠷᠪᠠᠨ ᠶᠡᠭᠡ ᠪᠦᠭᠦ |
ᠪᠥᠮᠪᠥᠷᠴᠡᠭ ᠤᠨ ᠰᠠᠨᠠᠭᠠᠴᠢᠯᠠᠭ᠎ᠠ ᠨᠢ ᠳᠡᠯᠡᠬᠡᠢ ᠳ᠋ᠠᠬᠢᠨ ᠳᠤ ᠡᠩᠬᠡ ᠲᠠᠶᠢᠪᠤᠩ ᠬᠥᠭᠵᠢᠯ ᠴᠡᠴᠡᠭᠯᠡᠯ ᠲᠠᠪᠰᠢᠯᠳᠠ ᠶᠢᠨ |
ᠭᠡᠭᠡᠨ ᠰᠠᠷᠠᠭᠤᠯ ᠢᠷᠡᠭᠡᠳᠦᠢ ᠶᠢ ᠨᠡᠭᠡᠭᠡᠵᠦ ᠥᠭᠴᠡᠢ ᠃ ᠲᠣᠬᠳᠠᠭᠠᠯᠳᠦ ᠪᠤᠰᠤ ᠳᠡᠯᠡᠬᠡᠢ ᠶᠢᠷᠲᠢᠨᠴᠦ ᠳᠤ ᠬᠠᠨᠳᠤᠵᠤ ᠂ |
ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠭᠠᠷ ᠬᠤᠯᠪᠣᠨ ᠬᠠᠮᠲᠤᠷᠠᠯᠴᠠᠵᠤ ᠂ |
ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — |
ᠳᠤᠮᠳᠠᠳᠤ ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠲᠠᠰᠤᠷᠠᠯᠲᠠ ᠦᠭᠡᠢ ᠰᠢᠨ᠎ᠡ |
ᠠᠬᠢᠴᠠ ᠲᠠᠢ ᠪᠤᠯᠬᠤ ᠶᠢ ᠠᠬᠢᠭᠤᠯᠵᠤ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ |
ᠤᠯᠤᠰ ᠤᠨ ᠬᠠᠮᠲᠤᠷᠠᠯᠴᠠᠭᠠᠨ ᠤ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ ᠃ ᠯᠠᠲ᠋ᠢᠨ ᠠᠮᠧᠷᠢᠺᠠ |
ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠬᠤᠶᠠᠷ ᠲᠠᠯ᠎ᠠ ᠪᠠᠷ ᠢᠶᠠᠨ ᠬᠠᠷᠢᠯᠴᠠᠨ |
ᠬᠦᠨᠳᠦᠳᠬᠡᠬᠦ ᠶᠢ ᠪᠠᠷᠢᠮᠲᠠᠯᠠᠵᠤ ᠂ ᠨᠦᠭᠦᠭᠡ ᠡᠲᠡᠭᠡᠳ ᠤᠨ ᠢᠶᠠᠨ ᠡᠷᠬᠡ ᠮᠡᠳᠡᠯ ᠢᠶᠠᠨ ᠬᠠᠮᠠᠭᠠᠯᠠᠬᠤ ᠪᠠ |
ᠬᠥᠭᠵᠢᠯᠲᠡ ᠶᠢᠨ ᠵᠠᠮ ᠢᠶᠠᠨ ᠪᠡᠶ᠎ᠡ ᠪᠠᠨ ᠳᠠᠭᠠᠭᠠᠵᠤ ᠰᠣᠩᠭᠤᠬᠤ ᠶᠢ ᠡᠷᠡᠰ ᠳᠡᠮᠵᠢᠨ᠎ᠠ ︔ ᠯᠠᠲ᠋ᠢᠨ ᠠᠮᠧᠷᠢᠺᠠ ᠪᠣᠯᠣᠨ |
ᠺᠠᠷᠢᠪᠧ ᠶᠢᠨ ᠤᠯᠤᠰ ᠤᠳ ᠤᠨ ᠡᠯ᠎ᠡ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ︽ ᠨᠢᠭᠡ ᠪᠦᠰᠡ |
ᠨᠢᠭᠡ ᠵᠠᠮ︾ ᠤᠨ ᠰᠠᠨᠠᠭᠠᠴᠢᠯᠠᠭ᠎ᠠ ᠯᠤᠭ᠎ᠠ ᠵᠣᠯᠭᠠᠭᠤᠯᠬᠤ ᠶᠢ ᠴᠢᠩᠭᠠᠳᠬᠠᠵᠤ ᠂ ᠠᠷᠠᠯᠵᠢᠶ᠎ᠠ ᠂ ᠪᠡᠯᠡ ᠣᠷᠣᠭᠤᠯᠤᠯᠲᠠ ᠂ |
ᠰᠠᠭᠤᠷᠢ ᠲᠥᠬᠦᠭᠡᠷᠦᠮᠵᠢ ᠂ ᠬᠥᠳᠡᠭᠡ ᠠᠵᠤ ᠠᠬᠤᠢ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠂ ᠰᠢᠨ᠎ᠡ ᠡᠨᠧᠷᠭᠢ ᠂ |
ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠠᠬᠢᠭᠤᠯᠵᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ |
ᠭᠦᠷᠳᠡᠭᠦ ᠶᠢ ᠪᠡᠶᠡᠯᠡᠭᠦᠯᠦᠨ᠎ᠠ ︔ ᠪᠣᠯᠪᠠᠰᠤᠨ ᠤ ᠰᠣᠯᠢᠯᠴᠠᠭ᠎ᠠ ᠶᠠᠷᠢᠯᠴᠠᠭ᠎ᠠ ᠶᠢ ᠠᠬᠢᠭᠤᠯᠵᠤ ᠂ ᠯᠠᠲ᠋ᠢᠨ ᠠᠮᠧᠷᠢᠺᠠ |
ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ |
ᠬᠠᠷᠢᠯᠴᠠᠨ ᠳᠣᠲᠣᠨᠣ ᠪᠠᠶᠢᠬᠤ ᠶᠢ ᠠᠭᠢᠭᠤᠯᠤᠨ᠎ᠠ ︔ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ |
ᠰᠦᠷ ᠢ ᠡᠷᠡᠰ ᠬᠠᠮᠠᠭᠠᠯᠠᠵᠤ ᠂ ᠳᠡᠯᠡᠬᠡᠢ ᠶᠢᠨ ᠪᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠢ |
ᠬᠠᠮᠠᠭᠠᠯᠠᠵᠤ ᠂ ᠤᠯᠠᠨ ᠲᠠᠯᠠᠲᠤ ᠦᠵᠡᠯ ᠂ ᠴᠢᠯᠦᠭᠡᠲᠦ ᠠᠷᠠᠯᠵᠢᠶ᠎ᠠ ᠶᠢ ᠳᠡᠮᠵᠢᠵᠦ ᠂ ᠭᠠᠭᠴᠠ ᠲᠠᠯᠠᠲᠤ ᠦᠵᠡᠯ ᠂ |
ᠬᠠᠮᠠᠭᠠᠯᠠᠬᠤ ᠦᠵᠡᠯ ᠂ ᠬᠦᠴᠦᠷᠬᠡᠭᠯᠡᠯ ᠤᠨ ᠤᠯᠤᠰ ᠲᠦᠷᠦ ᠪᠠ ᠡᠵᠡᠷᠬᠡᠵᠦ ᠳᠠᠷᠤᠯᠠᠬᠤ ᠠᠵᠢᠯᠯᠠᠭ᠎ᠠ ᠶᠢ ᠡᠰᠡᠷᠭᠦᠴᠡᠨ ᠂ |
ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ |
ᠢᠯᠡᠳᠬᠡᠵᠡᠭᠡᠪᠡ ᠃ |
ᠲᠤᠰ ᠡᠳᠦᠷ ᠤᠨ ᠦᠳᠡ ᠳᠤ ᠰᠢ ᠶᠢᠨ ᠫᠢᠩ ᠬᠤᠷᠠᠯ ᠳᠤ ᠣᠷᠣᠯᠴᠠᠬᠰᠠᠨ ᠯᠠᠲ᠋ᠢᠨ ᠠᠮᠧᠷᠢᠺᠠ ᠪᠣᠯᠣᠨ |
ᠺᠠᠷᠢᠪᠧ ᠶᠢᠨ ᠤᠯᠤᠰ ᠤᠳ ᠤᠨ ᠬᠢᠨ ᠤ ᠤᠳᠤᠷᠢᠳᠬᠤ ᠬᠥᠮᠥᠰ ᠵᠢᠴᠢ ᠡᠯ᠎ᠡ ᠲᠥᠯᠥᠭᠡᠯᠡᠭᠴᠢᠳ ᠤᠨ ᠪᠦᠯᠭᠦᠮ ᠤᠨ |
ᠳᠠᠷᠤᠭ᠎ᠠ ᠶᠢ ᠤᠭᠲᠤᠬᠤ ᠳᠠᠶᠢᠯᠠᠯᠭ᠎ᠠ ᠬᠢᠪᠡ ᠃ |
ᠼᠠᠢ ᠴᠢ ᠂ ᠶᠢᠨ ᠯᠢ ᠨᠠᠷ ᠳᠡᠭᠡᠷ᠎ᠡ ᠳᠤᠷᠠᠳᠤᠭᠰᠠᠨ ᠠᠵᠢᠯᠯᠠᠭ᠎ᠠ ᠳᠤ ᠣᠷᠣᠯᠴᠠᠪᠠ ᠃ |
ᠸᠠᠩ ᠢ ᠡᠭᠢᠯᠡᠯᠲᠡ ᠶᠢᠨ ᠶᠣᠰᠣᠯᠠᠯ ᠢ ᠡᠷᠭᠢᠯᠡᠪᠡ ᠃ |
|