ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ |
︵ 2025 ᠣᠨ ᠤ 5 ᠰᠠᠷ᠎ᠠ ᠶᠢᠨ 13 ᠤ ᠡᠳᠦᠷ ᠂ ᠪᠡᠭᠡᠵᠢᠩ ᠳᠤ ︶ |
ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ |
ᠬᠦᠨᠳᠦᠲᠦ ᠶᠡᠷᠦᠩᠬᠡᠶᠢᠯᠡᠭᠴᠢ ᠫᠸᠲᠷᠤ᠋ ᠂ |
ᠬᠦᠨᠳᠦᠲᠦ ᠶᠡᠷᠦᠩᠬᠡᠶᠢᠯᠡᠭᠴᠢ ᠯᠦᠯᠠ ᠂ |
ᠬᠦᠨᠳᠦᠲᠦ ᠶᠡᠷᠦᠩᠬᠡᠶᠢᠯᠡᠭᠴᠢ ᠪᠦᠧᠧᠯᠢᠴᠢ ᠂ |
ᠬᠦᠨᠳᠦᠲᠦ ᠪᠠᠩᠬᠢ ᠶᠢᠨ ᠳᠠᠷᠤᠭ᠎ᠠ ᠷᠤᠰᠤᠹ ᠂ |
ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ |
ᠲᠥᠯᠥᠭᠡᠯᠡᠭᠴᠢᠳ ᠂ |
ᠠᠪᠠᠭ᠋ᠠᠢ ᠨᠠᠷ ᠂ ᠠᠪᠤᠭᠠᠢ ᠨᠠᠷ ᠂ ᠨᠠᠶᠢᠵᠠ ᠨᠠᠷ ᠠ᠋᠄ |
ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠢᠨ᠎ᠡ ᠬᠠᠭᠤᠴᠢᠨ ᠨᠠᠶᠢᠵᠠ ᠨᠠᠷ ᠲᠠᠢ |
ᠪᠡᠭᠡᠵᠢᠩ ᠳᠤ ᠴᠤᠭᠯᠠᠷᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠃ ᠪᠢ ᠳᠤᠮᠳᠠᠳᠤ ᠤᠯᠤᠰ ᠤᠨ ᠵᠠᠰᠠᠭ ᠤᠨ |
ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠤᠯᠠᠨ ᠤ ᠬᠦᠷᠴᠦ ᠢᠷᠡᠭᠰᠡᠨ ᠢ |
ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠶ᠎ᠡ ︕ |
2015 ᠣᠨ ᠳᠤ ᠂ ᠪᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠲᠥᠯᠥᠭᠡᠯᠡᠭᠴᠢᠳ ᠲᠠᠢ |
ᠬᠠᠮᠲᠤ ᠪᠠᠷ ᠪᠡᠭᠡᠵᠢᠩ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ |
ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠠᠩᠬᠠᠳᠤᠭᠠᠷ ᠬᠤᠭᠤᠴᠠᠭᠠᠨ ᠤ ᠰᠠᠶᠢᠳ ᠤᠨ ᠲᠡᠰ ᠤᠨ |
ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠵᠤ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ |
ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠢ |
ᠲᠤᠩᠬᠠᠭᠯᠠᠪᠠ ᠃ 10 ᠵᠢᠯ ᠤᠨ ᠲᠤᠷᠰᠢ ᠂ ᠬᠤᠶᠠᠷ ᠲᠠᠯ᠎ᠠ ᠶᠢᠨ ᠨᠢᠮᠪᠠᠢ ᠪᠣᠶᠢᠵᠢᠭᠤᠯᠤᠯᠲᠠ ᠳᠣᠣᠷ᠎ᠠ ᠂ ᠳᠤᠮᠳᠠᠳᠤ |
ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ |
ᠲᠠᠪᠴᠠᠩ ᠨᠢ ᠨᠢᠭᠡᠨ ᠨᠢᠯᠬ᠎ᠠ ᠴᠢᠬᠢ ᠪᠠᠶᠢᠭᠰᠠᠨ ᠠᠴᠠ ᠪᠠᠨ ᠲᠣᠮᠣ ᠮᠣᠳᠣ ᠪᠣᠯᠵᠤ ᠪᠣᠶᠢᠵᠢᠭᠰᠠᠨ ᠳᠤ ᠪᠢ ᠮᠠᠰᠢ |
ᠪᠠᠶᠠᠷᠯᠠᠵᠤ ᠪᠠᠶᠢᠨ᠎ᠠ ᠃ |
ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠣᠷᠣᠨ ᠯᠤᠭ᠎ᠠ ᠠᠯᠤᠰ ᠬᠤᠯᠠ ᠵᠠᠶᠢᠲᠠᠢ |
ᠪᠤᠯᠪᠠᠴᠤ ᠬᠤᠶᠠᠷ ᠲᠠᠯ᠎ᠠ ᠶᠢᠨ ᠨᠥᠭᠦᠷᠰᠡᠭ ᠶᠠᠪᠤᠯᠴᠠᠭ᠎ᠠ ᠥᠨᠢ ᠤᠳᠠᠭᠠᠨ ᠲᠡᠦᠬᠡ ᠲᠠᠢ ᠶᠤᠮ ᠃ ᠠᠯᠢ ᠡᠷᠲᠡ 16 |
ᠳ᠋ᠤᠭᠠᠷ ᠵᠠᠭᠤᠨ ᠳᠤ ᠂ ᠨᠥᠬᠦᠷᠯᠡᠯ ᠢ ᠳᠦᠭᠦᠷᠡᠩ ᠠᠴᠢᠶᠠᠯᠠᠭᠰᠠᠨ ᠠᠯᠢ ᠤᠯᠠᠨ ︽ ᠳᠤᠮᠳᠠᠳᠤ ᠤᠯᠤᠰ ᠤᠨ ᠬᠥᠯᠭᠡ |
ᠣᠩᠭᠤᠴᠠ ︾ ᠨᠣᠮᠣᠬᠠᠨ ᠳᠠᠯᠠᠢ ᠶᠢᠨ ᠬᠤᠶᠠᠷ ᠭᠦᠪᠡᠭᠡ ᠪᠠᠷ ᠰᠦᠯᠵᠢᠯᠳᠦᠵᠦ ᠂ ᠳᠤᠮᠳᠠᠳᠤ ᠤᠯᠤᠰ — ᠯᠠᠲ᠋ᠢᠨ |
ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠶᠠᠪᠤᠯᠴᠠᠭ᠎ᠠ ᠰᠣᠯᠢᠯᠴᠠᠭᠠᠨ ᠤ ᠬᠥᠰᠢᠭᠡ ᠶᠢ ᠰᠡᠬᠦᠭᠰᠡᠨ ᠶᠤᠮ ᠃ |
ᠳᠡᠭᠡᠷ᠎ᠡ ᠵᠠᠭᠤᠨ ᠤ ᠵᠢᠷᠠᠭᠠᠳ ᠣᠨ ᠠᠴᠠ ᠰᠡᠭᠦᠯᠡᠷ ᠂ ᠰᠢᠨ᠎ᠡ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ |
ᠺᠠᠷᠢᠪᠧ ᠶᠢᠨ ᠵᠠᠷᠢᠮ ᠤᠯᠤᠰ ᠤᠳ ᠲᠠᠢ ᠬᠠᠷᠢᠯᠴᠠᠭ᠎ᠠ ᠪᠠᠶᠢᠭᠤᠯᠬᠤ ᠶᠢ ᠳᠠᠭᠠᠯᠳᠤᠨ ᠂ ᠳᠤᠮᠳᠠᠳᠤ ᠤᠯᠤᠰ — |
ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠣᠯᠢᠯᠴᠠᠭ᠎ᠠ ᠬᠠᠮᠲᠤᠷᠠᠯᠴᠠᠭ᠎ᠠ ᠤᠯᠠᠮ ᠢᠶᠠᠷ ᠨᠢᠭᠲᠠᠷᠠᠵᠤ |
ᠢᠷᠡᠪᠡ ᠃ ᠰᠢᠨ᠎ᠡ ᠵᠠᠭᠤᠨ ᠠᠴᠠ ᠨᠠᠭᠠᠰᠢ ᠢᠯᠠᠩᠭᠤᠶ᠎ᠠ ᠣᠶᠢᠷ᠎ᠠ ᠶᠢᠨ ᠵᠢᠯ ᠠᠴᠠ ᠨᠠᠭᠠᠰᠢ᠂ ᠳᠤᠮᠳᠠᠳᠤ ᠤᠯᠤᠰ — |
ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠬᠤᠪᠢ ᠵᠠᠶᠠᠭ᠎ᠠ ᠪᠠᠨ ᠬᠠᠮᠲᠤᠳᠬᠠᠭᠰᠠᠨ ᠳᠠᠭᠤᠷᠢᠰᠬᠠᠯ ᠢ |
ᠲᠠᠰᠤᠷᠠᠯᠳᠠ ᠦᠭᠡᠢ ᠪᠢᠴᠢᠭᠯᠡᠪᠡ ᠃ |
— ᠪᠢᠳᠡ ᠭᠠᠷ ᠬᠤᠯᠪᠣᠨ ᠮᠥᠷᠥ ᠵᠡᠷᠭᠡᠴᠡᠵᠦ ᠂ ᠬᠠᠷᠢᠯᠴᠠᠨ ᠳᠡᠮᠵᠢᠯᠴᠡᠪᠡ ᠃ ᠭᠠᠳᠠᠭᠠᠳᠤ ᠬᠠᠷᠢᠯᠴᠠᠭ᠎ᠠ |
ᠪᠠᠶᠢᠭᠤᠯᠤᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠢᠮᠠᠭᠲᠠ ᠨᠢᠭᠡ ᠳᠤᠮᠳᠠᠳᠤ ᠤᠯᠤᠰ |
ᠪᠠᠶᠢᠬᠤ ᠵᠠᠷᠴᠢᠮ ᠢ ᠪᠠᠷᠢᠮᠲᠠᠯᠠᠵᠤ ᠪᠠᠶᠢᠬᠤ ᠶᠢ ᠳᠤᠮᠳᠠᠳᠤ ᠤᠯᠤᠰ ᠮᠠᠭᠲᠠᠨ ᠰᠠᠶᠢᠰᠢᠶᠠᠵᠤ ᠂ ᠯᠠᠲ᠋ᠢᠨ ᠠᠮᠧᠷᠢᠺᠠ ᠪᠣᠯᠣᠨ |
ᠺᠠᠷᠢᠪᠧ ᠶᠢᠨ ᠤᠯᠤᠰ ᠤᠳ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ |
ᠵᠠᠮᠨᠠᠬᠤ ᠶᠢ ᠡᠷᠡᠰ ᠲᠡᠮᠵᠢᠵᠥ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠤᠯᠤᠰ ᠤᠨ ᠡᠷᠬᠡ |
ᠮᠡᠳᠡᠯ ᠪᠠ ᠲᠤᠰᠠᠭᠠᠷ ᠲᠣᠭᠲᠠᠨᠢᠯ ᠢᠶᠠᠨ ᠬᠠᠮᠠᠭᠠᠯᠠᠬᠤ ᠶᠢ ᠲᠡᠮᠵᠢᠵᠥ ᠂ ᠭᠠᠳᠠᠭᠠᠳᠤ ᠶᠢᠨ ᠬᠢᠨ ᠤ ᠭᠠᠷ ᠲᠦᠷᠦᠭᠦ ᠶᠢ |
ᠡᠰᠡᠷᠭᠦᠴᠡᠨ᠎ᠡ ᠃ ᠳᠡᠭᠡᠷ᠎ᠡ ᠵᠠᠭᠤᠨ ᠤ ᠵᠢᠷᠠᠭᠠᠳ ᠣᠨ ᠳᠤ ᠂ ᠳᠤᠮᠳᠠᠳᠤ ᠤᠯᠤᠰ ᠤᠨ ᠡᠯ᠎ᠡ ᠭᠠᠵᠠᠷ ᠲᠤ ᠶᠡᠭᠡ |
ᠬᠡᠪᠴᠢᠶᠡᠨ ᠤ ᠤᠯᠠᠨ ᠲᠦᠮᠡᠨ ᠤ ᠵᠢᠭᠰᠠᠭᠠᠯ ᠶᠠᠪᠤᠭᠤᠯᠵᠤ ᠂ ᠫᠠᠨᠠᠮᠠ ᠶᠢᠨ ᠠᠷᠠᠳ ᠲᠦᠮᠡᠨ ᠤ ᠲᠠᠲᠠᠮᠠᠯ ᠭᠤᠣᠯ ᠤᠨ |
ᠡᠷᠬᠡ ᠮᠡᠳᠡᠯ ᠢᠶᠠᠨ ᠪᠤᠴᠠᠭᠠᠨ ᠠᠪᠬᠤ ᠶᠢ ᠳᠡᠮᠵᠢᠪᠡ ︔ ᠳᠠᠯᠠᠭᠠᠳ ᠣᠨ ᠳᠤ ᠂ ᠯᠠᠲ᠋ᠢᠨ ᠠᠮᠧᠷᠢᠺᠠ ᠪᠣᠯᠣᠨ |
ᠺᠠᠷᠢᠪᠧ ᠶᠢᠨ ᠤᠯᠤᠰ ᠤᠳ 200 ᠮᠢᠯ ᠳᠠᠯᠠᠢ ᠲᠠᠩᠭᠢᠰ ᠤᠨ ᠡᠷᠬᠡ ᠶᠢ ᠬᠠᠮᠠᠭᠠᠯᠠᠬᠤ ᠲᠡᠮᠡᠴᠡᠯ ᠥᠷᠨᠢᠭᠦᠯᠵᠦ ᠂ |
ᠳᠤᠮᠳᠠᠳᠤ ᠤᠯᠤᠰ ᠲᠤᠭ ᠲᠡᠮᠳᠡᠭ ᠲᠣᠳᠣᠷᠬᠠᠢ ᠪᠠᠷ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠵᠦᠢ |
ᠶᠣᠰᠣᠨ ᠤ ᠱᠠᠭᠠᠷᠳᠠᠯᠭ᠎ᠠ ᠶᠢ ᠳᠡᠮᠵᠢᠪᠡ ᠃ 1992 ᠣᠨ ᠠᠴᠠ ᠨᠠᠭᠠᠰᠢ ᠂ ᠳᠤᠮᠳᠠᠳᠤ ᠤᠯᠤᠰ ᠤᠯᠠᠨ ᠤᠯᠤᠰ ᠤᠨ |
ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠳᠤ ᠵᠠᠯᠭᠠᠭ᠎ᠠ ᠪᠠᠷ 32 ᠤᠳᠠᠭ᠎ᠠ ᠪᠢᠯᠧᠲ ᠥᠭᠴᠦ ᠂ ᠠᠮᠧᠷᠢᠺᠠ ᠶᠢᠨ |
ᠺᠦᠪᠡ ᠶᠢ ᠪᠢᠲᠡᠭᠦᠮᠵᠢᠯᠡᠬᠦ ᠶᠢ ᠵᠣᠭᠰᠤᠭᠠᠬᠤ ᠰᠢᠢᠳᠪᠦᠷᠢ ᠶᠢ ᠳᠡᠮᠵᠢᠪᠡ ᠃ |
— ᠪᠢᠳᠡ ᠤᠷᠤᠰᠬᠠᠯ ᠤᠨ ᠡᠮᠦᠨ᠎ᠡ ᠬᠤᠰᠢᠭᠤᠷᠠᠬᠤ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠲᠡᠪᠠ ᠃ |
ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠬᠤᠶᠠᠷ ᠲᠠᠯ᠎ᠠ ᠪᠠᠷ ᠢᠶᠠᠨ ᠠᠵᠤ |
ᠠᠬᠤᠢ ᠶᠢᠨ ᠳᠡᠯᠡᠬᠡᠶᠢᠵᠢᠯᠲᠡ ᠶᠢᠨ ᠶᠡᠭᠡ ᠬᠠᠨᠳᠤᠰᠢ ᠳᠤ ᠵᠣᠬᠢᠴᠠᠵᠤ ᠂ ᠠᠷᠠᠯᠵᠢᠶ᠎ᠠ ᠂ ᠪᠡᠯᠡ ᠣᠷᠣᠭᠤᠯᠤᠯᠲᠠ ᠂ |
ᠮᠥᠩᠭᠦᠨ ᠭᠦᠢᠯᠭᠡᠭᠡᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠰᠠᠭᠤᠷᠢ ᠲᠥᠬᠦᠭᠡᠷᠦᠮᠵᠢ ᠶᠢᠨ ᠪᠦᠲᠦᠭᠡᠨ |
ᠪᠠᠶᠢᠭᠤᠯᠤᠯᠲᠠ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ |
ᠭᠦᠨᠵᠡᠭᠡᠶᠢᠷᠡᠬᠦ ᠶᠢ ᠠᠬᠢᠭᠤᠯᠪᠠ ᠃ ᠬᠤᠶᠠᠷ ᠲᠠᠯ᠎ᠠ ᠪᠠᠷ ᠢᠶᠠᠨ ︽ ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ |
ᠬᠠᠮᠲᠤ ᠪᠠᠷ ᠪᠦᠲᠦᠭᠡᠨ ᠪᠠᠶᠢᠭᠤᠯᠬᠤ ᠪᠣᠷᠣ ᠲᠥᠯᠥᠪ ᠤᠨ ᠳᠣᠲᠣᠷ᠎ᠠ 200 ᠭᠠᠷᠤᠢ ᠰᠠᠭᠤᠷᠢ ᠲᠥᠬᠦᠭᠡᠷᠦᠮᠵᠢ ᠶᠢᠨ |
ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ ᠂ ᠵᠠᠭᠤᠨ ᠲᠦᠮᠡ ᠭᠠᠷᠤᠢ ᠠᠵᠢᠯ ᠤᠨ ᠪᠠᠶᠢᠷᠢ ᠶᠢ |
ᠡᠭᠦᠳᠪᠡ ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠳᠠᠭᠠᠭᠤᠯᠢ |
ᠤᠳᠤᠨ ᠤ ᠬᠠᠮᠲᠤᠷᠠᠯᠴᠠᠭ᠎ᠠ ᠨᠢ ᠳᠡᠭᠡᠳᠦ ᠮᠡᠷᠭᠡᠵᠢᠯ ᠤᠨ ᠬᠦᠷᠢᠶᠡᠨ ᠳᠠᠬᠢ ᠬᠥᠭᠵᠢᠵᠦ ᠪᠠᠶᠢᠭ᠎ᠠ ᠤᠯᠤᠰ ᠤᠳ ᠤᠨ |
ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠪᠣᠯᠵᠤ ᠂ ᠫᠧᠷᠦ᠋ ᠶᠢᠨ ᠴᠢᠶᠠᠨᠺᠠᠢ ᠭᠠᠷᠠᠮ ᠢ ᠤᠷᠤᠭᠰᠢᠲᠠᠢ ᠪᠠᠷ |
ᠠᠰᠢᠭᠯᠠᠯᠲᠠ ᠳᠤ ᠣᠷᠣᠭᠤᠯᠵᠤ ᠠᠽᠢᠶ᠎ᠠ ᠯᠠᠲ᠋ᠢᠨ ᠠᠮᠧᠷᠢᠺᠠ ᠶᠢᠨ ᠡᠬᠡ ᠬᠠᠭᠤᠷᠠᠢ ᠲᠠᠯᠠᠢ ᠲᠠᠩᠭᠢᠰ ᠤᠨ ᠰᠢᠨ᠎ᠡ |
ᠨᠡᠪᠲᠡᠷᠡᠬᠦ ᠵᠠᠮ ᠢ ᠨᠡᠭᠡᠭᠡᠪᠡ ᠃ ᠳᠤᠮᠳᠠᠳᠤ ᠤᠯᠤᠰ ᠴᠢᠯᠢ ᠂ ᠫᠧᠷᠦ᠋ ᠂ ᠺᠤᠰᠲ᠋ᠠ ᠷᠢᠺᠠ ᠂ ᠡᠺᠦ᠋ᠸᠠᠳᠣᠷ ᠂ ᠨᠢᠺᠠᠷᠠᠭᠤᠸᠠ |
ᠵᠡᠷᠭᠡ ᠤᠯᠤᠰ ᠲᠠᠢ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ ᠃ ᠨᠢᠳᠤᠨᠤᠨ ᠂ |
ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠷᠠᠯᠵᠢᠶᠠᠨ ᠤ ᠬᠡᠮᠵᠢᠶ᠎ᠡ |
ᠠᠩᠬ᠎ᠠ ᠤᠳᠠᠭ᠎ᠠ 5000 ᠳ᠋ᠦᠩᠰᠢᠭᠤᠷ ᠳ᠋ᠣᠯᠯᠠᠷ ᠢ ᠳᠠᠪᠠᠵᠤ ᠂ ᠲᠤᠰ ᠵᠠᠭᠤᠨ ᠤ ᠡᠬᠢᠨ ᠤ ᠦᠶ᠎ᠡ ᠶᠢᠨ 40 ᠭᠠᠷᠤᠢ |
ᠳᠠᠭᠢᠨ ᠲᠠᠢ ᠲᠡᠩᠴᠡᠪᠡ ᠃ |
— ᠪᠢᠳᠡ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠂ ᠴᠠᠭ ᠤᠨ ᠪᠡᠷᠬᠡ ᠶᠢ ᠬᠠᠮᠲᠤ ᠪᠠᠷ ᠲᠤᠭᠤᠯᠪᠠ ᠃ |
ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠬᠤᠶᠠᠷ ᠲᠠᠯ᠎ᠠ ᠪᠠᠷ ᠢᠶᠠᠨ |
ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠬᠠᠮᠲᠤᠷᠠᠯᠴᠠᠭ᠎ᠠ ᠶᠢ ᠢᠳᠡᠪᠬᠢᠲᠡᠢ |
ᠥᠷᠨᠢᠭᠦᠯᠵᠦ ᠂ ᠳᠠᠯᠠᠢ ᠶᠢᠨ ᠰᠢᠭᠤᠷᠭ᠎ᠠ ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ ᠭᠠᠷ ᠬᠤᠯᠪᠣᠨ |
ᠠᠷᠭᠠᠴᠠᠭᠠᠪᠠ ᠃ ᠳᠤᠮᠳᠠᠳᠤ ᠤᠯᠤᠰ 1993 ᠣᠨ ᠠᠴᠠ ᠡᠬᠢᠯᠡᠨ ᠤᠷᠢᠳ ᠬᠤᠵᠢᠳ ᠺᠠᠷᠢᠪᠧ ᠶᠢᠨ |
ᠤᠯᠤᠰ ᠤᠳ ᠲᠤ 38 ᠪᠦᠯᠦᠭ ᠤᠳᠠᠭ᠎ᠠ ᠶᠢᠨ ᠡᠮᠴᠢᠯᠡᠭᠡᠨ ᠤ ᠠᠩᠭᠢ ᠲᠣᠮᠢᠯᠠᠪᠠ ᠃ ᠡᠷᠢᠨ ᠵᠠᠭᠤᠨ ᠤ ᠬᠢᠵᠢᠭ ᠤᠨ |
ᠪᠠᠶᠢᠳᠠᠯ ᠤᠨ ᠡᠮᠦᠨ᠎ᠡ ᠂ ᠳᠤᠮᠳᠠᠳᠤ ᠤᠯᠤᠰ ᠡᠩ ᠲᠡᠷᠢᠭᠦᠨ ᠳᠤ ᠯᠠᠲ᠋ᠢᠨ ᠠᠮᠧᠷᠢᠺᠠ ᠪᠣᠯᠣᠨ ᠺᠠᠷᠢᠪᠧ ᠶᠢᠨ |
ᠤᠯᠤᠰ ᠤᠳ ᠲᠤ 3 ᠳ᠋ᠦᠩᠰᠢᠭᠤᠷ ᠭᠠᠷᠤᠢ ᠰᠢᠷᠬᠡᠭ ᠸᠠᠺᠼᠢᠨ ᠪᠠ 4000 ᠲᠦᠮᠡ ᠰᠢᠬᠠᠮ ᠬᠤᠪᠢ ᠡᠮᠴᠢᠯᠡᠭᠡᠨ ᠤ |
ᠡᠳ᠋ ᠪᠣᠳᠠᠰ ᠲᠥᠬᠦᠭᠡᠷᠦᠮᠵᠢ ᠬᠠᠩᠭᠠᠵᠤ ᠂ ᠤᠯᠠᠨ ᠡᠮᠴᠢᠯᠡᠭᠡᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠣᠮᠢᠯᠠᠨ |
ᠲᠤᠰᠠᠯᠠᠵᠤ ᠂ ᠭᠠᠵᠠᠷ ᠣᠷᠣᠨ ᠤ ᠤᠯᠤᠰ ᠤᠳ ᠤᠨ ᠲᠦᠭ ᠲᠦᠮᠡᠨ ᠠᠷᠠᠳ ᠲᠦᠮᠡᠨ ᠤ ᠠᠮᠢ ᠨᠠᠰᠤᠨ ᠤ ᠠᠮᠤᠷ |
ᠲᠦᠪᠰᠢᠨ ᠢ ᠬᠠᠮᠠᠭᠠᠯᠠᠬᠤ ᠳᠤ ᠬᠦᠴᠦᠨ ᠨᠡᠮᠡᠷᠢᠯᠡᠪᠡ ᠃ |
— ᠪᠢᠳᠡ ᠪᠦᠯᠬᠦᠮᠳᠡᠨ ᠬᠠᠮᠵᠢᠯᠴᠠᠵᠤ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠪᠡ ᠃ ᠳᠤᠮᠳᠠᠳᠤ |
ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠬᠤᠶᠠᠷ ᠲᠠᠯ᠎ᠠ ᠪᠠᠷ ᠢᠶᠠᠨ ᠵᠢᠩᠬᠢᠨᠢ ᠤᠯᠠᠨ |
ᠲᠠᠯᠠᠲᠤ ᠦᠵᠡᠯ ᠢ ᠦᠢᠯᠡᠳᠦᠯᠭᠡᠵᠢᠭᠦᠯᠵᠦ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ |
ᠬᠠᠮᠠᠭᠠᠯᠠᠵᠤ ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠵᠤ ᠂ |
ᠳᠡᠯᠡᠬᠡᠢ ᠶᠢᠨ ᠤᠯᠠᠨ ᠲᠦᠢᠯᠵᠢᠯᠳᠠ ᠪᠣᠯᠣᠨ ᠤᠯᠠᠨ ᠤᠯᠤᠰ ᠤᠨ ᠬᠠᠷᠢᠯᠴᠠᠭ᠎ᠠ ᠶᠢᠨ ᠠᠷᠠᠳᠴᠢᠯᠠᠯ ᠢ ᠠᠬᠢᠭᠤᠯᠪᠠ ᠃ |
ᠪᠢᠳᠡ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ |
ᠢᠳᠡᠪᠬᠢᠲᠡᠢ ᠠᠷᠭᠠᠴᠠᠭᠠᠵᠤ ᠂ ᠪᠦᠭᠦ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ |
ᠵᠠᠰᠠᠯᠲᠠ ᠶᠢᠨ ᠠᠬᠢᠴᠠ ᠶᠢ ᠬᠠᠮᠲᠤ ᠪᠠᠷ ᠠᠬᠢᠭᠤᠯᠪᠠ ᠃ ᠳᠤᠮᠳᠠᠳᠤ ᠤᠯᠤᠰ ᠪᠷᠠᠽᠢᠯ ᠲᠠᠢ ᠬᠠᠮᠲᠤᠷᠠᠨ ᠦᠺᠷᠠᠶᠢᠨ ᠤ |
ᠬᠢᠮᠤᠷᠠᠯ ᠢ ᠤᠯᠤᠰ ᠲᠥᠷᠥ ᠶᠢᠨ ᠠᠷᠭ᠎ᠠ ᠪᠠᠷ ᠰᠢᠢᠳᠪᠦᠷᠢᠯᠡᠬᠦ ︽ ᠵᠢᠷᠭᠤᠭᠠᠨ ᠲᠠᠯ᠎ᠠ ᠶᠢᠨ ᠬᠠᠮᠲᠤ ᠶᠢᠨ ᠲᠠᠨᠢᠯᠲᠠ ︾ |
ᠶᠢ ᠨᠡᠶᠢᠲᠡᠯᠡᠵᠦ ᠂ 110 ᠭᠠᠷᠤᠢ ᠤᠯᠤᠰ ᠤᠨ ᠢᠳᠡᠪᠬᠢᠲᠡᠢ ᠬᠦᠷᠢᠶᠡᠯᠡᠯ ᠢ ᠣᠯᠵᠤ ᠂ ᠣᠯᠠᠨ ᠤᠯᠤᠰ ᠤᠨ ᠬᠠᠯᠠᠮᠰᠢᠯ |
ᠠᠰᠠᠭᠤᠳᠠᠯ ᠢ ᠰᠢᠢᠳᠪᠦᠷᠢᠯᠡᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ ᠃ |
ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠨᠢᠭᠡᠨᠲᠡ ᠭᠠᠷ ᠬᠤᠯᠪᠣᠨ |
ᠬᠠᠮᠲᠤ ᠪᠠᠷ ᠤᠷᠤᠭᠰᠢᠯᠠᠬᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠤᠭᠰᠠᠨ ᠢ ᠪᠣᠳᠠᠲᠤ ᠶᠠᠪᠤᠳᠠᠯ |
ᠭᠡᠷᠡᠴᠢᠯᠡᠪᠡ ᠂ ᠲᠡᠭᠦᠨ ᠤ ᠢᠯᠡ ᠲᠣᠳᠣ ᠳᠡᠪᠢᠰᠬᠡᠷ ᠥᠩᠭᠡ ᠪᠣᠯ ᠡᠷᠬᠡ ᠲᠡᠭᠰᠢ ᠪᠠᠷ ᠬᠠᠨᠳᠤᠯᠴᠠᠬᠤ ᠪᠣᠯᠣᠨ᠎ᠠ ᠂ |
ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠪᠣᠯᠣᠨ᠎ᠠ ᠂ |
ᠬᠡᠬᠦᠳᠡᠭ ᠴᠡᠭᠡᠵᠢ ᠳᠡᠭᠡᠨ ᠪᠠᠭᠲᠠᠭᠠᠵᠤ ᠪᠠᠶᠢᠭ᠎ᠠ ᠵᠠᠩ ᠰᠤᠷᠲᠠᠯ ᠪᠣᠯ ᠨᠡᠭᠡᠭᠡᠯᠲᠡᠲᠡᠢ ᠪᠠᠭᠲᠠᠭᠠᠮᠵᠢᠲᠠᠢ ᠂ ᠦᠨᠳᠦᠰᠦᠨ |
ᠬᠥᠭᠡᠭᠡᠴᠡᠯᠳᠦᠯ ᠪᠣᠯ ᠠᠷᠠᠳ ᠲᠦᠮᠡᠨ ᠳᠤ ᠪᠤᠶᠠᠨ ᠦᠢᠯᠡᠳᠬᠦ ᠪᠠᠶᠢᠵᠤ ᠂ ᠥᠷᠨᠢᠭᠦᠨ ᠪᠠᠳᠠᠷᠠᠩᠭᠤᠢ ᠠᠮᠢᠵᠢᠷᠠᠯ ᠤᠨ |
ᠬᠦᠴᠦᠨ ᠪᠠ ᠥᠷᠭᠡᠨ ᠠᠭᠤᠳᠠᠮ ᠬᠥᠭᠵᠢᠯᠲᠡ ᠶᠢᠨ ᠠᠯᠤᠰ ᠢᠷᠡᠭᠡᠳᠦᠢ ᠲᠠᠢ ᠶᠤᠮ ᠃ |
ᠡᠷᠬᠢᠮ ᠵᠣᠴᠢᠳ ᠠ᠋ ᠂ ᠨᠠᠶᠢᠵᠠ ᠨᠠᠷ ᠠ᠋ ︕ |
ᠣᠳᠣᠬᠠᠨ ᠳᠤ ᠂ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ |
ᠲᠦᠷᠭᠡᠰᠦᠨ ᠤᠯᠠᠷᠢᠵᠤ ᠂ ᠤᠯᠠᠨ ᠳᠠᠪᠬᠤᠷ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ ᠪᠠᠶᠢᠨ᠎ᠠ ᠂ ᠡᠯ᠎ᠡ ᠤᠯᠤᠰ |
ᠭᠠᠭᠴᠠ ᠬᠦ ᠪᠦᠯᠬᠦᠮᠳᠡᠨ ᠬᠠᠮᠵᠢᠯᠴᠠᠪᠠᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠵᠤ ᠂ ᠪᠦᠭᠦ |
ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠵᠤ ᠴᠢᠳᠠᠨ᠎ᠠ ᠃ ᠪᠣᠭᠤᠮᠲᠠ ᠶᠢᠨ ᠭᠠᠶᠢᠯᠢ ᠶᠢᠨ ᠳᠠᠶᠢᠯᠠᠯᠳᠤᠭᠠᠨ ᠂ |
ᠠᠷᠠᠯᠵᠢᠶᠠᠨ ᠤ ᠳᠠᠶᠢᠯᠠᠯᠳᠤᠭᠠᠨ ᠳᠤ ᠢᠯᠠᠭᠴᠢ ᠪᠠᠶᠢᠬᠤ ᠦᠭᠡᠢ ᠂ ᠡᠵᠡᠷᠬᠡᠬᠦ ᠡᠵᠡᠷᠬᠡᠭᠯᠡᠬᠦ ᠨᠢ ᠵᠥᠪᠭᠡᠨ ᠥᠪᠡᠷ ᠢ ᠪᠠᠨ |
ᠭᠠᠭᠴᠠᠭᠠᠷᠳᠠᠭᠤᠯᠤᠨ᠎ᠠ ᠃ ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠪᠣᠯ ᠴᠥᠮ |
ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠴᠢᠬᠤᠯᠠ ᠪᠦᠷᠢᠯᠳᠦᠭᠦᠨ ᠮᠥᠨ ᠂ ᠪᠡᠶ᠎ᠡ ᠪᠠᠨ |
ᠳᠠᠭᠠᠭᠠᠵᠤ ᠡᠵᠡᠨ ᠮᠡᠳᠡᠬᠦ ᠪᠣᠯ ᠮᠠᠨ ᠤ ᠢᠷᠠᠭᠤ ᠠᠯᠳᠠᠷᠲᠤ ᠤᠯᠠᠮᠵᠢᠯᠠᠯ ᠮᠥᠨ ᠂ ᠬᠥᠭᠵᠢᠯ ᠮᠠᠨᠳᠤᠯ ᠪᠣᠯ ᠪᠢᠳᠡᠨ ᠤ |
ᠲᠥᠷᠥᠯᠬᠢ ᠡᠷᠬᠡ ᠮᠥᠨ ᠂ ᠲᠥᠪ ᠭᠤᠣᠯᠴᠢ ᠰᠢᠳᠤᠷᠭᠤ ᠶᠣᠰᠣ ᠪᠣᠯ ᠪᠢᠳᠡᠨ ᠤ ᠬᠠᠮᠲᠤ ᠶᠢᠨ ᠬᠥᠭᠡᠭᠡᠴᠡᠯᠳᠦᠯ ᠮᠥᠨ ᠃ |
ᠭᠠᠵᠠᠷ ᠣᠷᠣᠨ ᠢᠶᠠᠷ ᠰᠢᠯᠲᠠᠭᠠᠯᠠᠭᠳᠠᠭᠰᠠᠨ ᠤᠯᠤᠰ ᠲᠦᠷᠦ ᠪᠣᠯᠣᠨ ᠯᠡᠭᠧᠷ ᠤᠨ ᠡᠰᠡᠷᠭᠦᠴᠡᠯᠳᠦᠯ ᠤᠨ ᠲᠠᠯᠲᠠ |
ᠤᠷᠤᠰᠬᠠᠯ ᠭᠦᠪᠦᠯᠵᠡᠵᠦ ᠂ ᠭᠠᠭᠴᠠ ᠲᠠᠯᠠᠲᠤ ᠦᠵᠡᠯ ᠂ ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠡᠭᠦᠰᠴᠦ |
ᠪᠠᠶᠢᠭ᠎ᠠ ᠪᠠᠶᠢᠳᠠᠯ ᠳᠤ ᠴᠢᠭᠯᠡᠭᠦᠯᠦᠨ ᠂ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ |
ᠤᠯᠤᠰ ᠤᠳ ᠤᠨ ᠬᠢᠨ ᠲᠠᠢ ᠭᠠᠷ ᠬᠤᠯᠪᠣᠨ ᠲᠠᠪᠤᠨ ᠶᠡᠭᠡ ᠢᠨᠵᠧᠨᠧᠷᠢᠩ ᠢ ᠡᠬᠢᠯᠡᠭᠦᠯᠵᠦ ᠂ ᠬᠥᠭᠵᠢᠯ ᠮᠠᠨᠳᠤᠯ ᠢ |
ᠬᠠᠮᠲᠤ ᠪᠠᠷ ᠡᠷᠢᠯᠬᠢᠯᠡᠵᠦ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ |
ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ ᠃ |
ᠨᠢᠭᠡ ᠪᠣᠯ ᠪᠦᠯᠬᠦᠮᠳᠡᠯ ᠤᠨ ᠢᠨᠵᠧᠨᠧᠷᠢᠩ ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ |
ᠺᠠᠷᠢᠪᠧ ᠶᠢᠨ ᠤᠯᠤᠰ ᠤᠳ ᠤᠨ ᠬᠢᠨ ᠲᠠᠢ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ |
ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠬᠠᠷᠢᠯᠴᠠᠨ ᠳᠡᠮᠵᠢᠯᠴᠡᠨ᠎ᠡ ᠃ ᠬᠤᠶᠠᠷ |
ᠲᠠᠯ᠎ᠠ ᠪᠠᠷ ᠢᠶᠠᠨ ᠡᠯ᠎ᠡ ᠬᠦᠷᠢᠶᠡᠨ ᠤ ᠶᠠᠪᠤᠯᠴᠠᠭ᠎ᠠ ᠪᠠᠨ ᠨᠢᠭᠲᠠᠷᠠᠭᠤᠯᠵᠤ ᠂ ᠳᠡᠯᠡᠬᠡᠢ ᠶᠢᠨ ᠪᠠ ᠭᠠᠵᠠᠷ ᠣᠷᠣᠨ ᠤ |
ᠴᠢᠬᠤᠯᠠ ᠶᠡᠭᠡ ᠠᠰᠠᠭᠤᠳᠠᠯ ᠤᠨ ᠲᠤᠬᠠᠢ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠶ᠎ᠠ ᠃ ᠢᠷᠡᠭᠡᠳᠦᠢ ᠶᠢᠨ 3 |
ᠵᠢᠯ ᠳᠤ ᠂ ᠳᠤᠮᠳᠠᠳᠤ ᠤᠯᠤᠰ ᠵᠢᠯ ᠪᠦᠷᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ |
ᠴᠣᠭᠴᠠ ᠶᠢᠨ ᠪᠦᠷᠢᠯᠳᠦᠭᠦᠨ ᠤᠯᠤᠰ ᠤᠨ 300 ᠲᠦᠷᠦ ᠶᠢᠨ ᠨᠠᠮ ᠤᠨ ᠺᠠᠳ᠋ᠷ ᠢ ᠤᠷᠢᠵᠤ ᠳᠤᠮᠳᠠᠳᠤ ᠤᠯᠤᠰ ᠲᠤ |
ᠰᠢᠨᠵᠢᠯᠡᠨ ᠪᠠᠶᠢᠴᠠᠭᠠᠯᠭᠠᠵᠤ ᠠᠶᠢᠯᠴᠢᠯᠠᠯᠲᠠ ᠭᠢᠯᠭᠡᠵᠦ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ |
ᠰᠣᠯᠢᠯᠴᠠᠨ᠎ᠠ ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠤᠯᠠᠨ ᠲᠠᠯ᠎ᠠ ᠶᠢᠨ ᠲᠠᠪᠴᠠᠩ ᠳᠠᠬᠢ |
ᠨᠥᠯᠥᠭᠡ ᠪᠠᠨ ᠥᠷᠭᠡᠳᠬᠡᠬᠦ ᠶᠢ ᠳᠤᠮᠳᠠᠳᠤ ᠤᠯᠤᠰ ᠳᠡᠮᠵᠢᠵᠦ ᠂ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ |
ᠤᠯᠤᠰ ᠤᠳ ᠲᠠᠢ ᠬᠠᠮᠲᠤ ᠪᠠᠷ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ |
ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ |
ᠳᠢᠭᠯᠢᠮ ᠢ ᠡᠷᠡᠰ ᠬᠠᠮᠠᠭᠠᠯᠠᠵᠤ ᠂ ᠤᠯᠠᠨ ᠤᠯᠤᠰ ᠤᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠳᠤᠮᠳᠠ |
ᠬᠠᠮᠲᠤ ᠶᠢᠨ ᠳᠠᠭᠤᠨ ᠢᠶᠠᠨ ᠴᠤᠤᠷᠢᠶᠠᠲᠤᠭᠤᠯᠤᠨ᠎ᠠ ᠃ |
ᠬᠤᠶᠠᠷ ᠪᠣᠯ ᠬᠥᠭᠵᠢᠯᠲᠡ ᠶᠢᠨ ᠢᠨᠵᠧᠨᠧᠷᠢᠩ ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ |
ᠺᠠᠷᠢᠪᠧ ᠶᠢᠨ ᠤᠯᠤᠰ ᠤᠳ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ |
ᠨᠠᠶᠢᠳᠠᠪᠤᠷᠢᠵᠢᠭᠤᠯᠵᠤ ᠂ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠡᠷᠡᠰ ᠬᠠᠮᠠᠭᠠᠯᠠᠵᠤ ᠂ ᠪᠦᠭᠦ |
ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ |
ᠨᠡᠪᠲᠡᠷᠡᠬᠦ ᠶᠢ ᠬᠠᠮᠠᠭᠠᠯᠠᠵᠤ ᠂ ᠨᠡᠭᠡᠭᠡᠯᠲᠡᠲᠤ ᠬᠠᠮᠲᠤᠷᠠᠯᠴᠠᠭ᠎ᠠ ᠶᠢᠨ ᠤᠯᠠᠨ ᠤᠯᠤᠰ ᠤᠨ ᠣᠷᠴᠢᠨ ᠲᠣᠭᠤᠷᠢᠨ ᠢ |
ᠬᠠᠮᠠᠭᠠᠯᠠᠨ᠎ᠠ ᠃ ᠬᠤᠶᠠᠷ ᠲᠠᠯ᠎ᠠ ᠪᠠᠷ ᠢᠶᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ |
ᠴᠢᠩᠭᠠᠳᠬᠠᠵᠤ ᠂ ︽ ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ |
ᠭᠦᠨᠵᠡᠭᠡᠢ ᠠᠬᠢᠭᠤᠯᠵᠤ ᠂ ᠰᠠᠭᠤᠷᠢ ᠲᠥᠬᠦᠭᠡᠷᠦᠮᠵᠢ ᠂ ᠬᠥᠳᠡᠭᠡ ᠠᠵᠤ ᠠᠬᠤᠢ ᠠᠮᠤ ᠪᠤᠳᠠᠭ᠎ᠠ ᠂ ᠡᠨᠧᠷᠭᠢ |
ᠠᠭᠤᠷᠬᠠᠢ ᠶᠢᠨ ᠭᠠᠷᠤᠯᠲᠠ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠴᠡᠪᠡᠷ |
ᠡᠨᠧᠷᠭᠢ ᠂ 5G ᠴᠢᠮᠡᠭᠡ ᠬᠤᠯᠪᠤᠭ᠎ᠠ ᠂ ᠲᠣᠭᠠᠴᠢᠯᠠᠭᠰᠠᠨ ᠠᠵᠤ ᠠᠬᠤᠢ ᠂ ᠵᠣᠬᠢᠶᠠᠮᠠᠯ ᠣᠶᠤᠨ ᠴᠢᠳᠠᠪᠤᠷᠢ ᠵᠡᠷᠭᠡ |
ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ ᠂ ᠳᠤᠮᠳᠠᠳᠤ ᠤᠯᠤᠰ — ᠯᠠᠲ᠋ᠢᠨ |
ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠠᠨᠢᠲᠠᠨ ᠤ |
ᠲᠥᠯᠥᠪᠯᠡᠭᠡ ᠶᠢ ᠬᠡᠷᠡᠭᠵᠢᠭᠦᠯᠦᠶ᠎ᠡ ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ |
ᠨᠡᠩ ᠤᠯᠠᠨ ᠰᠢᠯᠢᠳᠡᠭ ᠦᠢᠯᠡᠳᠬᠦᠨ ᠢ ᠣᠷᠣᠭᠤᠯᠵᠤ ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠯᠠᠲ᠋ᠢᠨ |
ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠬᠢ ᠪᠡᠯᠡ ᠣᠷᠣᠭᠤᠯᠤᠯᠲᠠ ᠪᠠᠨ ᠥᠷᠭᠡᠳᠬᠡᠬᠦ ᠶᠢ |
ᠵᠣᠷᠢᠭᠵᠢᠭᠤᠯᠤᠨ᠎ᠠ ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠥᠭᠵᠢᠯᠲᠡ ᠶᠢ ᠳᠡᠮᠵᠢᠬᠦ ᠶᠢᠨ |
ᠲᠥᠯᠥᠭᠡ ᠂ ᠳᠤᠮᠳᠠᠳᠤ ᠤᠯᠤᠰ ᠠᠴᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠤ 660 |
ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠬᠠᠩᠭᠠᠨ᠎ᠠ ᠃ |
ᠭᠤᠷᠪᠠ ᠪᠣᠯ ᠪᠣᠯᠪᠠᠰᠤᠨ ᠤ ᠢᠨᠵᠧᠨᠧᠷᠢᠩ ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ |
ᠺᠠᠷᠢᠪᠧ ᠶᠢᠨ ᠤᠯᠤᠰ ᠤᠳ ᠲᠠᠢ ᠬᠠᠮᠲᠤ ᠪᠠᠷ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ |
ᠨᠠᠶᠢᠳᠠᠪᠤᠷᠢᠵᠢᠭᠤᠯᠵᠤ ᠂ ᠡᠷᠬᠡ ᠲᠡᠭᠰᠢ ᠂ ᠬᠠᠷᠢᠯᠴᠠᠨ ᠲᠣᠯᠢᠯᠠᠬᠤ ᠂ ᠶᠠᠷᠢᠯᠴᠠᠭ᠎ᠠ ᠂ ᠪᠠᠭᠲᠠᠭᠠᠮᠵᠢᠲᠠᠢ ᠪᠣᠯᠪᠠᠰᠤᠨ ᠤ |
ᠦᠵᠡᠯᠲᠡ ᠶᠢ ᠪᠤᠢ ᠪᠤᠯᠭᠠᠵᠤ ᠂ ᠡᠩᠬᠡ ᠲᠠᠶᠢᠪᠤᠩ ᠂ ᠬᠥᠭᠵᠢᠯᠲᠡ ᠂ ᠡᠷᠬᠡ ᠲᠡᠭᠰᠢ ᠂ ᠰᠢᠳᠤᠷᠭᠤ ᠶᠣᠰᠣ ᠂ |
ᠠᠷᠠᠳᠴᠢᠯᠠᠯ ᠂ ᠡᠷᠬᠡ ᠴᠢᠯᠦᠭᠡ ᠲᠠᠢ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠤᠨ᠎ᠠ ᠃ |
ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠪᠣᠯᠪᠠᠰᠤᠨ ᠤ ᠰᠣᠯᠢᠯᠴᠠᠭ᠎ᠠ ᠶᠢ |
ᠭᠦᠨᠵᠡᠭᠡᠶᠢᠷᠡᠭᠦᠯᠵᠦ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ |
ᠪᠣᠯᠪᠠᠰᠤᠨ ᠤ ᠶᠠᠷᠢᠯᠴᠠᠭᠠᠨ ᠤ ᠶᠡᠭᠡ ᠬᠤᠷᠠᠯ ᠢ ᠡᠷᠭᠢᠯᠡᠨ᠎ᠡ ᠃ ᠰᠣᠶᠣᠯ ᠤᠷᠠᠯᠢᠭ ᠤᠨ ᠬᠦᠷᠢᠶᠡᠨ ᠳᠠᠬᠢ ᠰᠣᠯᠢᠯᠴᠠᠭ᠎ᠠ |
ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ︽ ᠯᠠᠲ᠋ᠢᠨ ᠠᠮᠧᠷᠢᠺᠠ ᠶᠢᠨ ᠤᠷᠠᠯᠢᠭ ᠤᠨ ᠤᠯᠠᠷᠢᠯ ︾ ᠢ ᠡᠷᠭᠢᠯᠡᠨ᠎ᠡ ᠃ |
ᠬᠠᠭᠤᠴᠢ ᠰᠤᠳᠤᠯᠤᠯ ᠂ ᠡᠷᠲᠡᠨ ᠤ ᠦᠯᠡᠳᠡᠭᠳᠡᠯ ᠪᠠᠭᠤᠷᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠂ ᠮᠦᠽᠧᠢ ᠶᠢᠨ |
ᠦᠵᠡᠭᠦᠯᠭᠡ ᠵᠡᠷᠭᠡ ᠰᠣᠶᠣᠯ ᠤᠨ ᠥᠪ ᠤᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ ᠂ |
ᠡᠷᠲᠡᠨ ᠤ ᠪᠣᠯᠪᠠᠰᠤᠨ ᠤ ᠰᠤᠳᠤᠯᠭᠠᠨ ᠥᠷᠨᠢᠭᠦᠯᠵᠦ ᠂ ᠰᠣᠶᠣᠯ ᠤᠨ ᠡᠳ᠋ ᠬᠥᠷᠥᠩᠭᠡ ᠶᠢ ᠬᠠᠤᠯᠢ ᠪᠤᠰᠤ ᠪᠠᠷ |
ᠰᠠᠷᠢᠭᠠᠯᠠᠨ ᠵᠥᠭᠡᠭᠡᠪᠦᠷᠢᠯᠡᠬᠦ ᠳᠤ ᠬᠠᠮᠲᠤᠷᠠᠨ ᠴᠣᠬᠢᠯᠲᠠ ᠥᠭᠭᠦᠶ᠎ᠡ ᠃ |
ᠳᠥᠷᠪᠡ ᠪᠣᠯ ᠨᠠᠶᠢᠷᠠᠮᠳᠠᠯ ᠤᠨ ᠢᠨᠵᠧᠨᠧᠷᠢᠩ ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ |
ᠺᠠᠷᠢᠪᠧ ᠶᠢᠨ ᠤᠯᠤᠰ ᠤᠳ ᠤᠨ ᠬᠢᠨ ᠲᠠᠢ ᠬᠠᠮᠲᠤ ᠪᠠᠷ ᠪᠦᠭᠦ ᠪᠥᠮᠪᠥᠷᠴᠡᠭ ᠤᠨ ᠠᠮᠤᠷ ᠲᠦᠪᠰᠢᠨ ᠤ |
ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ ᠂ ︽ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠢ ᠡᠩᠬᠡ |
ᠲᠠᠶᠢᠪᠤᠩ ᠣᠷᠣᠨ ᠪᠤᠯᠭᠠᠬᠤ ᠪᠠᠷ ᠨᠡᠶᠢᠲᠡᠯᠡᠭᠰᠡᠨ ᠠᠯᠪᠠᠨ ᠵᠠᠷᠯᠠᠯ ︾ ᠪᠣᠯᠣᠨ ︽ᠴᠥᠮ᠎ᠡ ᠶᠢᠨ ᠵᠡᠪᠰᠡᠭ ᠦᠭᠡᠢ |
ᠣᠷᠣᠨ ᠢ ᠪᠠᠶᠢᠭᠤᠯᠬᠤ ᠲᠤᠬᠠᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ 33 ᠤᠯᠤᠰ ᠤᠨ ᠢᠯᠡᠷᠬᠡᠶᠢᠯᠡᠯᠲᠡ ︾ ᠶᠢ |
ᠳᠡᠮᠵᠢᠵᠦ ᠂ ᠭᠠᠮᠰᠢᠭ ᠤᠨ ᠰᠦᠢᠳᠦᠯ ᠢ ᠵᠠᠰᠠᠬᠤ ᠂ ᠰᠦᠯᠵᠢᠶᠡᠨ ᠤ ᠠᠮᠤᠷ ᠲᠦᠪᠰᠢᠨ ᠂ ᠰᠦᠷᠳᠡᠭᠦᠯᠦᠯ ᠢ |
ᠡᠰᠡᠷᠭᠦᠴᠡᠬᠦ ᠂ ᠢᠯᠵᠢᠷᠡᠯ ᠢ ᠡᠰᠡᠷᠭᠦᠴᠡᠬᠦ ᠂ ᠬᠤᠣᠷ ᠴᠠᠭᠠᠵᠠᠯᠠᠬᠤ ᠂ ᠤᠯᠤᠰ ᠠᠯᠤᠰᠯᠠᠭᠰᠠᠨ ᠵᠣᠬᠢᠶᠠᠨ |
ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠬᠠᠮᠲᠤᠷᠠᠯᠴᠠᠭ᠎ᠠ ᠶᠢ ᠴᠢᠩᠭᠠᠳᠬᠠᠵᠤ ᠂ ᠭᠠᠵᠠᠷ |
ᠣᠷᠣᠨ ᠤ ᠠᠮᠤᠷ ᠲᠦᠪᠰᠢᠨ ᠲᠣᠭᠲᠠᠭᠤᠨ ᠢ ᠴᠢᠷᠮᠠᠶᠢᠨ ᠬᠠᠮᠠᠭᠠᠯᠠᠨ᠎ᠠ ᠃ ᠳᠤᠮᠳᠠᠳᠤ ᠤᠯᠤᠰ ᠯᠠᠲ᠋ᠢᠨ ᠠᠮᠧᠷᠢᠺᠠ |
ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ ᠬᠡᠷᠡᠭᠴᠡᠭᠡ ᠶᠢ |
ᠦᠨᠳᠦᠰᠦᠯᠡᠨ ᠬᠠᠤᠯᠢ ᠬᠡᠷᠡᠭᠵᠢᠭᠦᠯᠬᠦ ᠪᠣᠯᠪᠠᠰᠤᠷᠠᠯ ᠤᠨ ᠲᠦᠷᠦᠯ ᠵᠦᠢᠯ ᠢ ᠬᠡᠷᠡᠭᠵᠢᠭᠦᠯᠵᠦ ᠂ ᠴᠢᠳᠠᠯ ᠤᠨ ᠢᠶᠠᠨ |
ᠬᠢᠷᠢ ᠪᠠᠷ ᠲᠣᠨᠣᠭᠯᠠᠯ ᠤᠨ ᠲᠤᠰᠠᠯᠠᠮᠵᠢ ᠬᠠᠩᠭᠠᠨ᠎ᠠ ᠃ |
ᠲᠠᠪᠤ ᠪᠣᠯ ᠠᠷᠠᠳ ᠤᠨ ᠰᠡᠳᠬᠢᠯ ᠤᠨ ᠢᠨᠵᠧᠨᠧᠷᠢᠩ ᠃ ᠢᠷᠡᠬᠦ 3 ᠵᠢᠯ ᠳᠤ ᠂ ᠳᠤᠮᠳᠠᠳᠤ ᠤᠯᠤᠰ ᠯᠠᠲ᠋ᠢᠨ |
ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠲᠤ 3500 |
ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠣᠷᠣᠨ ᠲᠤᠭ᠎ᠠ ᠂ 1 ᠲᠦᠮᠡᠨ ᠳᠤᠮᠳᠠᠳᠤ ᠤᠯᠤᠰ ᠲᠤ ᠢᠷᠡᠵᠦ |
ᠪᠣᠯᠪᠠᠰᠤᠷᠠᠯ ᠭᠦᠷᠳᠡᠭᠦ ᠣᠷᠣᠨ ᠲᠤᠭ᠎ᠠ ᠂ 500 ᠤᠯᠠᠨ ᠤᠯᠤᠰ ᠤᠨ ᠬᠢᠲᠠᠳ ᠬᠡᠯᠡᠨ ᠤ ᠪᠠᠭᠰᠢ ᠶᠢᠨ |
ᠰᠤᠷᠤᠯᠭ᠎ᠠ ᠶᠢᠨ ᠱᠠᠩᠨᠠᠯ ᠤᠨ ᠣᠷᠣᠨ ᠲᠤᠭ᠎ᠠ ᠂ 300 ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ |
ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠣᠷᠣᠨ ᠲᠤᠭ᠎ᠠ ᠂ 1000 ︽ ᠬᠢᠲᠠᠳ ᠬᠡᠯᠡᠨ ᠤ ᠬᠥᠭᠦᠷᠭᠡ ︾ |
ᠶᠢᠨ ᠲᠦᠷᠦᠯ ᠵᠦᠢᠯ ᠤᠨ ᠳᠤᠮᠳᠠᠳᠤ ᠤᠯᠤᠰ ᠲᠤ ᠢᠷᠡᠬᠦ ᠪᠦᠯᠭᠦᠮ ᠳᠤᠭᠤᠶᠢᠯᠠᠩ ᠤᠨ ᠣᠷᠣᠨ ᠲᠤᠭ᠎ᠠ ᠬᠠᠩᠭᠠᠵᠤ ᠂ |
300 ︽ ᠪᠠᠭ᠎ᠠ ᠮᠥᠷᠲᠡᠭᠡᠨ ᠭᠤᠶᠢᠳᠠ ︾ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠬᠡᠷᠡᠭᠵᠢᠭᠦᠯᠵᠦ ᠂ ᠯᠦ |
ᠪᠠᠨ ᠦᠢᠯᠡᠳᠬᠡᠯ ᠤᠨ ᠭᠠᠵᠠᠷ ᠵᠡᠷᠭᠡ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠲᠦᠷᠦᠯ |
ᠵᠦᠢᠯ ᠢ ᠢᠳᠡᠪᠬᠢᠲᠡᠢ ᠠᠬᠢᠭᠤᠯᠵᠤ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ |
ᠴᠣᠭᠴᠠ ᠶᠢᠨ ᠪᠦᠷᠢᠯᠳᠦᠭᠦᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠥᠷᠨᠢᠭᠦᠯᠬᠦ ᠶᠢ ᠲᠡᠮᠵᠢᠨ᠎ᠠ ᠃ |
ᠳᠤᠮᠳᠠᠳᠤ ᠤᠯᠤᠰ ︽ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠶᠢᠷ᠎ᠠ |
ᠰᠡᠳᠬᠢᠯᠭᠡ ︾ ᠭᠡᠬᠦ ᠳᠤᠮᠳᠠᠳᠤ ᠤᠯᠤᠰ ᠤᠨ ᠺᠢᠨᠣ᠋ ᠲᠧᠯᠸᠢᠰ ᠤᠨ ᠫᠷᠣᠭ᠍ᠷᠠᠮ ᠢ ᠳᠡᠯᠭᠡᠨ ᠦᠵᠡᠭᠦᠯᠭᠦ ᠪᠠ |
ᠨᠠᠪᠲᠠᠷᠡᠭᠦᠯᠵᠦ ᠂ ᠵᠢᠯ ᠪᠦᠷᠢ 10 ᠰᠢᠯᠢᠳᠡᠭ ᠲᠧᠯᠸᠢᠰ ᠵᠦᠴᠦᠭᠡ ᠪᠤᠶᠤ ᠰᠢᠯᠢᠳᠡᠭ ᠦᠵᠡᠵᠦ ᠰᠣᠨᠣᠰᠬᠤ ᠫᠷᠣᠭ᠍ᠷᠠᠮ ᠢ |
ᠬᠠᠷᠢᠯᠴᠠᠨ ᠣᠷᠴᠢᠭᠤᠯᠬᠤ ᠠᠵᠢᠯ ᠢ ᠪᠡᠶᠡᠯᠡᠭᠦᠯᠬᠦ ᠪᠠᠷ ᠴᠢᠷᠮᠠᠶᠢᠨ᠎ᠠ ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ |
ᠺᠠᠷᠢᠪᠧ ᠶᠢᠨ ᠤᠯᠤᠰ ᠤᠳ ᠤᠨ ᠬᠢᠨ ᠲᠠᠢ ︽ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ |
ᠤᠯᠤᠰ ᠤᠳ ᠤᠨ ᠵᠢᠭᠤᠯᠴᠢᠯᠠᠯ ᠤᠨ ᠶᠠᠷᠢᠯᠴᠠᠭ᠎ᠠ ︾ ᠥᠷᠨᠢᠭᠦᠯᠦᠨ᠎ᠡ ᠃ ᠬᠤᠶᠠᠷ ᠲᠠᠯ᠎ᠠ ᠶᠢᠨ ᠬᠥᠮᠥᠰ ᠤᠨ ᠨᠥᠭᠦᠷᠰᠡᠭ |
ᠶᠠᠪᠤᠯᠴᠠᠭ᠎ᠠ ᠳᠤ ᠤᠯᠠᠮ ᠨᠢᠭᠡ ᠠᠯᠬᠤᠮ ᠲᠦᠭᠦᠮ ᠦᠵᠡᠭᠦᠯᠭᠦ ᠶᠢᠨ ᠲᠥᠯᠥᠭᠡ ᠂ ᠳᠤᠮᠳᠠᠳᠤ ᠤᠯᠤᠰ ᠯᠠᠲ᠋ᠢᠨ |
ᠠᠮᠧᠷᠢᠺᠠ ᠪᠣᠯᠣᠨ ᠺᠠᠷᠢᠪᠧ ᠣᠷᠣᠨ ᠤ 5 ᠤᠯᠤᠰ ᠲᠤ ᠸᠢᠰᠠ ᠶᠢ ᠬᠡᠯᠲᠦᠷᠢᠭᠦᠯᠬᠦ ᠲᠦᠷᠦᠭᠦᠦ ᠪᠦᠯᠦᠭ ᠲᠦᠷᠦ ᠶᠢᠨ |
ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠭᠠᠵᠠᠷ ᠣᠷᠣᠨ ᠤ ᠤᠯᠤᠰ ᠤᠳ ᠤᠨ ᠪᠦᠷᠬᠦᠴᠡ ᠶᠢᠨ ᠬᠡᠪᠴᠢᠶ᠎ᠡ ᠶᠢ |
ᠵᠣᠬᠢᠰᠲᠠᠢ ᠴᠠᠭ ᠲᠤ ᠥᠷᠭᠡᠳᠬᠡᠬᠦ ᠪᠠᠷ ᠲᠣᠭᠲᠠᠪᠠ ᠃ |
ᠡᠷᠬᠢᠮ ᠵᠣᠴᠢᠳ ᠠ᠋ ᠂ ᠨᠠᠶᠢᠵᠠ ᠨᠠᠷ ᠠ᠋ ︕ |
ᠳᠤᠮᠳᠠᠳᠤ ᠤᠯᠤᠰ ᠲᠤ ︽ ᠬᠥᠮᠥᠨ ᠤ ᠠᠮᠢᠳᠤᠷᠠᠯ ᠤᠨ ᠵᠢᠷᠭᠠᠯ ᠭᠡᠵᠦ ᠰᠡᠳᠬᠢᠯ ᠢᠶᠠᠨ ᠣᠶᠢᠯᠠᠭᠠᠯᠴᠠᠬᠤ ᠳᠤ |
ᠪᠤᠢ ︾ ᠭᠡᠬᠦ ᠡᠷᠲᠡᠨ ᠤ ᠰᠢᠯᠦᠭ ᠪᠠᠶᠢᠳᠠᠭ ᠂ ᠯᠠᠲ᠋ᠢᠨ ᠠᠮᠧᠷᠢᠺᠠ ᠳᠤ ᠴᠤ ︽ ᠨᠠᠶᠢᠵᠠ ᠲᠠᠢ ᠪᠠᠶᠢᠪᠠᠯ ᠳᠠᠷᠤᠢ ᠡᠳ᠋ |
ᠡᠷᠳᠡᠨᠢᠰ ᠲᠠᠢ ︾ ᠭᠡᠬᠦ ᠵᠦᠢᠷ ᠦᠭᠡ ᠪᠠᠶᠢᠳᠠᠭ ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠂ ᠳᠤᠮᠳᠠᠳᠤ |
ᠤᠯᠤᠰ ᠢᠮᠠᠭᠲᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠠᠶᠢᠨ ᠨᠠᠶᠢᠵᠠ ᠂ ᠰᠠᠶᠢᠨ ᠬᠠᠨᠢᠲᠠᠨ |
ᠪᠣᠯᠣᠨ᠎ᠠ ᠃ ᠪᠢᠳᠠ ᠭᠠᠷ ᠬᠤᠯᠪᠣᠯᠴᠠᠨ ᠂ ᠲᠤᠰ ᠲᠤᠰ ᠤᠨ ᠣᠳᠣᠬᠢᠴᠢᠯᠠᠯᠲᠠ ᠶᠢᠨ ᠠᠶᠠᠨ ᠳᠠᠭᠠᠨ ᠮᠥᠷᠥ ᠵᠡᠷᠭᠡᠴᠡᠨ |
ᠤᠷᠤᠭᠰᠢᠯᠠᠵᠤ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ |
ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ ᠃ |
|