ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ 5 ᠰᠠᠷ᠎ᠠ ᠶᠢᠨ 13 ᠤ |
ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ |
ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠪᠷᠠᠽᠢᠯ ᠤᠨ |
ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ ᠃ |
ᠰᠢ ᠶᠢᠨ ᠫᠢᠩ ᠂ ᠨᠢᠳᠤᠨᠤᠨ ᠳᠤᠮᠳᠠᠳᠤ ᠪᠷᠠᠽᠢᠯ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢᠨ |
ᠲᠠᠰᠢᠷᠠᠮ ᠢᠶᠠᠷ ᠂ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠬᠠᠷᠢᠯᠴᠠᠭ᠎ᠠ ᠶᠢ ᠭᠠᠷ ᠬᠤᠯᠪᠣᠨ ᠨᠡᠩ ᠲᠥᠪ |
ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ ᠤᠳᠤᠨ ᠪᠥᠮᠪᠥᠷᠴᠡᠭ ᠤᠨ ᠳᠤᠮᠳᠠᠳᠤ ᠪᠷᠠᠽᠢᠯ ᠤᠨ |
ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠭᠠᠨ ᠲᠡᠰ ᠳᠡᠪᠰᠢᠭᠦᠯᠦᠨ᠎ᠡ ᠭᠡᠵᠦ ᠨᠡᠶᠢᠲᠡᠯᠡᠪᠡ ᠂ ᠡᠨᠡ ᠬᠦ ᠪᠠᠶᠢᠯᠳᠤᠬᠤ |
ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠨᠢ ᠳᠤᠮᠳᠠᠳᠤ ᠪᠷᠠᠽᠢᠯ ᠤᠨ ᠬᠠᠷᠢᠯᠴᠠᠭ᠎ᠠ ᠶᠢᠨ ᠳᠠᠷᠠᠭᠠᠴᠢ ᠶᠢᠨ ︽ ᠰᠢᠵᠢᠷ |
ᠠᠯᠳᠠᠨ 50 ᠵᠢᠯ ︾ ᠳᠤ ᠠᠤᠭ᠎ᠠ ᠵᠢᠷᠤᠭ ᠲᠥᠰᠥᠪ ᠢ ᠵᠢᠷᠤᠭᠯᠠᠵᠤ ᠥᠭᠴᠡᠢ ᠃ ᠤᠷᠪᠠᠭᠠᠨ ᠬᠥᠷᠪᠡᠭᠡᠨ ᠲᠠᠢ |
ᠳᠡᠯᠡᠬᠡᠢ ᠶᠢᠨ ᠪᠠᠶᠢᠳᠠᠯ ᠤᠨ ᠡᠮᠦᠨ᠎ᠡ ᠳᠤᠮᠳᠠᠳᠤ ᠪᠷᠠᠽᠢᠯ ᠬᠤᠶᠠᠷ ᠤᠯᠤᠰ ᠬᠥᠮᠥᠨ ᠲᠥᠷᠥᠯᠬᠢᠲᠡᠨ ᠤ ᠲᠠᠪᠰᠢᠯᠳᠠ ᠳᠤ |
ᠬᠠᠷᠢᠭᠤᠴᠠᠯᠭ᠎ᠠ ᠡᠭᠦᠷᠭᠡᠯᠡᠬᠦ ᠂ ᠪᠦᠭᠦ ᠪᠥᠮᠪᠥᠷᠴᠡᠭ ᠤᠨ ᠬᠥᠭᠵᠢᠯᠲᠡ ᠳᠤ ᠬᠠᠷᠢᠭᠤᠴᠠᠯᠭ᠎ᠠ ᠪᠠᠨ ᠭᠦᠢᠴᠡᠳᠬᠡᠬᠦ ᠤᠭ |
ᠰᠠᠨᠠᠭ᠎ᠠ ᠪᠠᠨ ᠪᠠᠷᠢᠮᠲᠠᠯᠠᠵᠤ ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ |
ᠪᠠᠶᠢᠭᠤᠯᠤᠯᠲᠠ ᠶᠢ ᠭᠦᠨᠵᠡᠭᠡᠢ ᠠᠬᠢᠭᠤᠯᠵᠤ ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ |
ᠲᠠᠰᠤᠷᠠᠯᠳᠠ ᠦᠭᠡᠢ ᠭᠦᠨᠵᠡᠭᠡᠶᠢᠷᠡᠭᠦᠯᠵᠦ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠢ ᠭᠠᠷ |
ᠬᠤᠯᠪᠣᠨ ᠲᠠᠶᠢᠴᠢᠯᠠᠵᠤ ᠪᠦᠯᠬᠦᠮᠳᠡᠯ ᠬᠠᠮᠵᠢᠯᠴᠠᠭ᠎ᠠ ᠪᠠᠨ ᠴᠢᠩᠭᠠᠳᠬᠠᠶ᠎ᠠ ᠭᠡᠵᠦ ᠵᠢᠭᠠᠵᠤ ᠭᠠᠷᠭᠠᠪᠠ ᠃ |
|
|
|
|
|
5 ᠰᠠᠷ᠎ᠠ ᠶᠢᠨ 13 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ |
ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ |
ᠬᠢᠬᠦ ᠪᠠᠷ ᠢᠷᠡᠭᠰᠡᠨ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ ᠃ ᠵᠢᠷᠤᠭ ᠪᠣᠯ ᠰᠢ ᠶᠢᠨ ᠫᠢᠩ |
ᠬᠠᠲᠤᠨ ᠫᠧᠩ ᠯᠢ ᠶᠤᠸᠠᠨ ᠲᠠᠢ ᠪᠠᠨ ᠯᠦᠯᠠ ᠪᠣᠯᠣᠨ ᠲᠡᠭᠦᠨ ᠤ ᠬᠠᠲᠤᠨ ᠯᠥᠸᠧᠰᠠᠩᠷᠧᠯᠠ ᠲᠠᠢ ᠬᠠᠮᠲᠤ ᠶᠢᠨ |
ᠰᠡᠭᠦᠳᠡᠷ ᠲᠠᠲᠠᠭᠤᠯᠵᠤ ᠪᠠᠶᠢᠭ᠎ᠠ ᠨᠢ ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ |
ᠰᠡᠭᠦᠳᠡᠷᠯᠡᠪᠡ ︶ |
ᠰᠢ ᠶᠢᠨ ᠫᠢᠩ ᠂ ᠰᠢᠨ᠎ᠡ ᠲᠡᠦᠬᠡ ᠶᠢᠨ ᠭᠠᠷᠤᠭ᠎ᠠ ᠳᠤ ᠵᠣᠭᠰᠣᠵᠤ ᠂ ᠳᠤᠮᠳᠠᠳᠤ ᠪᠷᠠᠽᠢᠯ ᠬᠤᠶᠠᠷ |
ᠲᠠᠯ᠎ᠠ ᠪᠠᠷ ᠢᠶᠠᠨ ᠨᠢᠭᠡ ᠳᠤ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠷᠢᠮᠲᠠᠯᠠᠵᠤ ᠂ ᠳᠤᠮᠳᠠᠳᠤ ᠪᠷᠠᠽᠢᠯ ᠤᠨ |
ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠰᠠᠭᠤᠷᠢ ᠶᠢ ᠪᠠᠬᠢᠵᠢᠭᠦᠯᠵᠦ ᠂ ᠬᠠᠷᠢᠯᠴᠠᠨ ᠬᠦᠨᠳᠦᠳᠬᠡᠬᠦ ᠂ |
ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠰᠢᠯᠢᠳᠡᠭ ᠤᠯᠠᠮᠵᠢᠯᠠᠯ ᠢ ᠪᠠᠷᠢᠮᠲᠠᠯᠠᠵᠤ ᠂ ᠨᠦᠭᠦᠭᠡ |
ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠳᠡᠭᠡᠷ᠎ᠡ |
ᠬᠠᠷᠢᠯᠴᠠᠨ ᠲᠡᠮᠵᠢᠵᠥ ᠂ ᠡᠯ᠎ᠡ ᠱᠠᠲᠤ ᠳᠠᠪᠬᠤᠷᠭ᠎ᠠ ᠂ ᠪᠦᠭᠦ ᠲᠠᠯ᠎ᠠ ᠶᠢᠨ ᠶᠠᠪᠤᠯᠴᠠᠭ᠎ᠠ ᠪᠠᠨ ᠴᠢᠩᠭᠠᠳᠬᠠᠵᠤ ᠂ ᠬᠤᠶᠠᠷ |
ᠲᠠᠯ᠎ᠠ ᠶᠢᠨ ᠬᠠᠷᠢᠯᠴᠠᠭ᠎ᠠ ᠶᠢᠨ ᠤᠷᠳᠤ ᠬᠤᠭᠤᠴᠠᠭ᠎ᠠ ᠪᠠᠷ ᠡᠷᠡᠭᠦᠯ ᠲᠣᠭᠲᠠᠭᠤᠨ ᠢᠶᠠᠷ ᠬᠥᠭᠵᠢᠬᠦ ᠶᠢ ᠪᠠᠲᠤᠯᠠᠶ᠎ᠠ ᠃ |
ᠬᠤᠶᠠᠷ ᠲᠤ ᠂ ᠬᠠᠮᠲᠤᠷᠠᠯᠴᠠᠭ᠎ᠠ ᠪᠠᠨ ᠥᠷᠭᠡᠳᠬᠡᠬᠦ ᠶᠢ ᠪᠠᠷᠢᠮᠲᠠᠯᠠᠵᠤ ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ |
ᠬᠠᠮᠲᠤ ᠶᠢᠨ ᠴᠣᠭᠴᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ ᠂ ︽ᠨᠢᠭᠡ ᠪᠦᠰᠡ ᠨᠢᠭᠡ ᠵᠠᠮ︾ ᠤᠨ |
ᠰᠠᠨᠠᠭᠠᠴᠢᠯᠠᠭ᠎ᠠ ᠶᠢ ᠪᠷᠠᠽᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠪᠦᠲᠦᠮᠵᠢᠲᠡᠢ ᠵᠣᠯᠭᠠᠭᠤᠯᠬᠤ ᠶᠢ |
ᠭᠦᠨᠵᠡᠭᠡᠶᠢᠷᠡᠭᠦᠯᠵᠦ ᠂ ᠬᠤᠶᠠᠷ ᠤᠯᠤᠰ ᠤᠨ ᠡᠯ᠎ᠡ ᠵᠦᠢᠯ ᠤᠨ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢ |
ᠰᠠᠶᠢᠲᠤᠷ ᠪᠠᠳᠠᠷᠠᠭᠤᠯᠵᠤ ᠂ ᠰᠠᠭᠤᠷᠢ ᠲᠥᠬᠦᠭᠡᠷᠦᠮᠵᠢ ᠂ ᠬᠥᠳᠡᠭᠡ ᠠᠵᠤ ᠠᠬᠤᠢ ᠂ ᠡᠨᠧᠷᠭᠢ ᠵᠡᠷᠭᠡ ᠤᠯᠠᠮᠵᠢᠯᠠᠯᠲᠤ |
ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ ᠂ ᠡᠨᠧᠷᠭᠢ ᠶᠢᠨ ᠭᠡᠯᠪᠡᠷᠢ ᠶᠢ ᠬᠤᠪᠢᠷᠠᠭᠤᠯᠬᠤ ᠂ ᠠᠭᠠᠷ ᠤᠨ |
ᠠᠶᠠᠯᠠᠯ ᠰᠠᠨᠰᠠᠷ ᠤᠨ ᠠᠶᠠᠯᠠᠯ ᠂ ᠲᠣᠭᠠᠴᠢᠯᠠᠭᠰᠠᠨ ᠠᠵᠤ ᠠᠬᠤᠢ ᠂ ᠵᠣᠬᠢᠶᠠᠮᠠᠯ ᠤᠶᠤᠨ ᠴᠢᠳᠠᠪᠤᠷᠢ ᠵᠡᠷᠭᠡ |
ᠬᠠᠮᠲᠤᠷᠠᠯᠴᠠᠭᠠᠨ ᠤ ᠰᠢᠨ᠎ᠡ ᠣᠷᠣᠨ ᠵᠠᠢ ᠶᠢ ᠥᠷᠭᠡᠳᠬᠡᠵᠦ ᠂ ᠬᠤᠶᠠᠷ ᠤᠯᠤᠰ ᠤᠨ ᠪᠣᠳᠠᠲᠠᠢ ᠶᠢ ᠡᠷᠬᠢᠮᠯᠡᠭᠰᠡᠨ |
ᠬᠠᠮᠲᠤᠷᠠᠯᠴᠠᠭ᠎ᠠ ᠳᠤ ᠨᠡᠩ ᠤᠯᠠᠨ ᠭᠢᠯᠠᠰ ᠴᠡᠭ ᠢ ᠪᠤᠢ ᠪᠣᠯᠭᠠᠶ᠎ᠠ ᠃ ᠭᠤᠷᠪᠠ ᠳᠤ ᠂ ᠰᠣᠶᠣᠯ ᠢᠷᠭᠡᠨᠰᠢᠯ ᠤᠨ |
ᠰᠣᠯᠢᠯᠴᠠᠭ᠎ᠠ ᠶᠢ ᠪᠠᠷᠢᠮᠲᠠᠯᠠᠵᠤ ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ |
ᠠᠮᠢᠵᠢᠷᠠᠯ ᠤᠨ ᠬᠦᠴᠦᠨ ᠢ ᠨᠡᠮᠡᠭᠳᠡᠭᠦᠯᠵᠦ ᠂ ᠢᠷᠡᠬᠦ ᠵᠢᠯ ︽ ᠳᠤᠮᠳᠠᠳᠤ ᠪᠷᠠᠽᠢᠯ ᠤᠨ ᠰᠣᠶᠣᠯ ᠤᠨ ᠣᠨ ︾ ᠢ |
ᠡᠷᠭᠢᠯᠡᠭᠦ ᠪᠠᠷ ᠠᠵᠠ ᠲᠣᠭᠢᠶᠠᠯ ᠪᠤᠯᠭᠠᠵᠤ ᠂ ᠰᠣᠶᠣᠯ ᠂ ᠰᠤᠷᠭᠠᠨ ᠬᠥᠮᠦᠵᠢᠯ ᠂ ᠵᠢᠭᠤᠯᠴᠢᠯᠠᠯ ᠂ ᠵᠠᠭᠤᠴᠢᠯᠠᠭᠤᠷ ᠂ |
ᠣᠷᠣᠨ ᠨᠤᠲᠤᠭ ᠵᠡᠷᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠬᠤᠶᠠᠷ ᠲᠠᠯ᠎ᠠ ᠶᠢᠨ ᠬᠥᠮᠥᠰ ᠤᠨ |
ᠶᠠᠪᠤᠯᠴᠠᠭ᠎ᠠ ᠳᠤ ᠨᠡᠩ ᠤᠯᠠᠨ ᠲᠦᠭᠦᠮ ᠦᠵᠡᠭᠦᠯᠦᠶ᠎ᠡ ᠃ ᠳᠥᠷᠪᠡ ᠳᠤ ᠂ ᠤᠯᠠᠨ ᠲᠠᠯ᠎ᠠ ᠶᠢᠨ ᠬᠠᠮᠵᠢᠯᠴᠠᠭ᠎ᠠ ᠶᠢ |
ᠪᠠᠷᠢᠮᠲᠠᠯᠠᠵᠤ ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠴᠢᠨᠠᠷ ᠢ ᠳᠡᠭᠡᠭᠰᠢᠯᠡᠭᠦᠯᠦᠶ᠎ᠡ ᠃ |
ᠵᠡᠭᠦᠨ ᠪᠠᠷᠠᠭᠤᠨ ᠬᠠᠭᠠᠰ ᠪᠥᠮᠪᠥᠷᠴᠡᠭ ᠤᠨ ᠬᠤᠶᠠᠷ ᠶᠡᠭᠡ ᠬᠥᠭᠵᠢᠵᠦ ᠪᠠᠶᠢᠭ᠎ᠠ ᠤᠯᠤᠰ ᠪᠣᠯᠤᠭᠰᠠᠨ ᠤ ᠬᠤᠪᠢ ᠳᠤ |
ᠬᠤᠶᠠᠷ ᠤᠯᠤᠰ ᠢᠶᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠂ ᠠᠯᠳᠠᠨ ᠲᠣᠭᠤᠰᠭ᠋᠎ᠠ ᠤᠯᠤᠰ ᠤᠳ ᠂ |
ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ |
ᠶᠠᠷᠢᠶᠠᠨ ᠤ ᠲᠠᠪᠴᠠᠩ ᠵᠡᠷᠭᠡ ᠤᠯᠠᠨ ᠲᠠᠯᠠᠲᠤ ᠲᠣᠭᠲᠠᠴᠠ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ |
ᠴᠢᠩᠭᠠᠳᠬᠠᠵᠤ ᠂ ᠬᠠᠮᠲᠤ ᠪᠠᠷ ᠤᠯᠠᠨ ᠲᠠᠯᠠᠲᠤ ᠦᠵᠡᠯ ᠢ ᠪᠠᠷᠢᠮᠲᠠᠯᠠᠵᠤ ᠂ ᠪᠦᠭᠦ ᠪᠥᠮᠪᠥᠷᠴᠡᠭ ᠤᠨ ᠵᠠᠰᠠᠯᠲᠠ ᠶᠢ |
ᠲᠡᠭᠦᠯᠳᠡᠷᠵᠢᠭᠦᠯᠵᠦ ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠵᠤ ᠂ ᠲᠤᠭ |
ᠲᠡᠮᠳᠡᠭ ᠲᠣᠳᠣᠷᠬᠠᠢ ᠪᠠᠷ ᠭᠠᠭᠴᠠ ᠲᠠᠯᠠᠲᠤ ᠦᠵᠡᠯ ᠂ ᠬᠠᠮᠠᠭᠠᠯᠠᠬᠤ ᠦᠵᠡᠯ ᠪᠣᠯᠣᠨ ᠡᠵᠡᠷᠬᠡᠵᠦ ᠳᠠᠷᠤᠯᠠᠬᠤ |
ᠠᠵᠢᠯᠯᠠᠭ᠎ᠠ ᠶᠢ ᠡᠰᠡᠷᠭᠦᠴᠡᠶ᠎ᠡ ᠭᠡᠵᠦ ᠴᠢᠬᠤᠯᠠᠴᠢᠯᠠᠪᠠ ᠃ |
|
|
|
|
|
5 ᠰᠠᠷ᠎ᠠ ᠶᠢᠨ 13 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ |
ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ |
ᠬᠢᠬᠦ ᠪᠠᠷ ᠢᠷᠡᠭᠰᠡᠨ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ ᠃ ᠵᠢᠷᠤᠭ ᠪᠣᠯ ᠬᠡᠯᠡᠯᠴᠡᠭᠡ |
ᠬᠢᠬᠦ ᠠᠴᠠ ᠡᠮᠦᠨ᠎ᠡ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ |
ᠠᠭᠤᠳᠠᠮ ᠲᠠᠯᠠᠪᠠᠶ ᠳᠤ ᠯᠦᠯᠠ ᠶᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ ᠃ ︵ᠰᠢᠨᠬᠤᠸᠠ ᠬᠤᠷᠢᠶ᠎ᠠ ᠶᠢᠨ |
ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ ︶ |
ᠯᠦᠯᠠ ᠂ ᠪᠷᠠᠽᠢᠯ ᠳᠤᠮᠳᠠᠳᠤ ᠬᠠᠷᠢᠯᠴᠠᠨ ᠭᠦᠨᠳᠦᠳᠭᠡᠵᠦ ᠂ ᠬᠤᠪᠢ ᠵᠠᠶᠠᠭ᠎ᠠ ᠪᠠᠨ ᠬᠠᠮᠲᠤᠳᠬᠠᠵᠤ ᠂ ᠬᠤᠶᠠᠷ |
ᠤᠯᠤᠰ ᠤᠨ ᠬᠠᠷᠢᠯᠴᠠᠭ᠎ᠠ ᠡᠪᠳᠡᠷᠡᠰᠢ ᠦᠭᠡᠢ ᠪᠠᠲᠤ ᠪᠠᠬᠢ ᠪᠠᠶᠢᠵᠤ ᠂ ᠶᠠᠮᠠᠷᠪᠠ ᠭᠠᠳᠠᠭᠠᠳᠤ ᠬᠦᠴᠦᠨ ᠵᠦᠢᠯ ᠤᠨ |
ᠬᠠᠷᠰᠢᠯᠠᠯ ᠡᠪᠳᠡᠯᠭᠡ ᠶᠢ ᠬᠦᠯᠢᠶᠡᠬᠦ ᠦᠭᠡᠢ ᠃ ᠪᠤᠰᠤᠳ ᠲᠣᠮᠣ ᠤᠯᠤᠰ ᠲᠠᠢ ᠠᠳᠠᠯᠢ ᠦᠭᠡᠢ ᠨᠢ ᠭᠡᠪᠡᠯ ᠳᠤᠮᠳᠠᠳᠤ |
ᠤᠯᠤᠰ ᠪᠷᠠᠽᠢᠯ ᠢ ᠪᠠᠭᠲᠠᠭᠠᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠵᠤ ᠠᠬᠤᠢ |
ᠨᠡᠶᠢᠭᠡᠮ ᠤᠨ ᠬᠥᠭᠵᠢᠯᠲᠡ ᠪᠠᠨ ᠪᠡᠶᠡᠯᠡᠭᠦᠯᠬᠦ ᠶᠢ ᠴᠢᠩ ᠦᠨᠡᠨ ᠰᠡᠳᠬᠢᠯ ᠠᠴᠠ ᠪᠠᠨ ᠳᠡᠮᠵᠢᠭᠰᠡᠭᠡᠷ ᠢᠷᠡᠵᠠᠢ ᠃ |
ᠪᠷᠠᠽᠢᠯ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ |
ᠭᠦᠨᠵᠡᠭᠡᠶᠢᠷᠡᠭᠦᠯᠵᠦ ᠂ ᠪᠷᠠᠽᠢᠯ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ |
ᠠᠬᠢᠭᠤᠯᠵᠤ ᠂ ᠨᠡᠩ ᠲᠥᠪ ᠭᠤᠣᠯᠴᠢ ᠂ ᠡᠩᠬᠡ ᠲᠠᠶᠢᠪᠤᠩ ᠂ ᠴᠡᠴᠡᠭᠯᠡᠨ ᠬᠥᠭᠵᠢᠭᠰᠡᠨ ᠳᠡᠯᠡᠬᠡᠢ ᠶᠢᠷᠲᠢᠨᠴᠦ ᠶᠢ |
ᠪᠠᠶᠢᠭᠤᠯᠵᠤ ᠂ ᠡᠯ᠎ᠡ ᠤᠯᠤᠰ ᠲᠤ ᠦᠯᠢᠭᠡᠷ ᠳᠠᠭᠤᠷᠢᠶᠠᠯ ᠪᠣᠯᠣᠨ᠎ᠠ ᠃ ᠪᠷᠠᠽᠢᠯ ᠤᠨ ᠬᠢᠨ ᠳᠤᠷᠠᠲᠠᠶ᠎ᠠ ᠲᠤᠰ ᠪᠡᠶ᠎ᠡ ᠶᠢᠨ |
ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ︽ ᠨᠢᠭᠡ ᠪᠦᠰᠡ ᠨᠢᠭᠡ ᠵᠠᠮ ︾ ᠤᠨ ᠰᠠᠨᠠᠭᠠᠴᠢᠯᠠᠭ᠎ᠠ ᠯᠤᠭ᠎ᠠ |
ᠵᠣᠯᠭᠠᠭᠤᠯᠵᠤ ᠂ ᠬᠤᠶᠠᠷ ᠤᠯᠤᠰ ᠤᠨ ᠠᠵᠤ ᠠᠬᠤᠢ ᠠᠷᠠᠯᠵᠢᠶ᠎ᠠ ᠂ ᠰᠠᠭᠤᠷᠢ ᠲᠥᠬᠦᠭᠡᠷᠦᠮᠵᠢ ᠂ ᠰᠠᠨᠰᠠᠷ ᠤᠨ ᠠᠶᠠᠯᠠᠯ ᠂ |
ᠮᠥᠩᠭᠦᠨ ᠭᠦᠢᠯᠭᠡᠭᠡᠨ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ ᠃ ᠵᠠᠯᠠᠭᠤᠴᠤᠳ ᠤᠨ |
ᠰᠣᠯᠢᠯᠴᠠᠭ᠎ᠠ ᠂ ᠰᠣᠶᠣᠯ ᠤᠨ ᠰᠣᠯᠢᠯᠴᠠᠭ᠎ᠠ ᠶᠢ ᠥᠷᠭᠡᠳᠬᠡᠵᠦ ᠂ ᠬᠤᠶᠠᠷ ᠤᠯᠤᠰ ᠤᠨ ᠠᠷᠠᠳ ᠲᠦᠮᠡᠨ ᠤ ᠶᠠᠪᠤᠯᠴᠠᠭ᠎ᠠ |
ᠪᠠ ᠨᠥᠭᠦᠷᠰᠡᠭ ᠰᠡᠳᠬᠢᠯᠭᠡ ᠶᠢ ᠨᠡᠮᠡᠭᠳᠡᠭᠦᠯᠦᠨ᠎ᠡ ᠃ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠤᠭᠰᠠᠨ |
ᠠᠮᠵᠢᠯᠲᠠ ᠪᠦᠲᠦᠮᠵᠢ ᠬᠥᠮᠥᠰ ᠢ ᠪᠢᠰᠢᠷᠡᠭᠦᠯᠪᠡ ᠂ ᠪᠷᠠᠽᠢᠯ ᠳᠤᠷᠠᠲᠠᠶ᠎ᠠ ᠳᠤᠮᠳᠠᠳᠤ ᠤᠯᠤᠰ ᠤᠨ ᠲᠤᠷᠰᠢᠯᠭ᠎ᠠ ᠶᠢ |
ᠰᠤᠷᠤᠯᠴᠠᠨ ᠲᠣᠯᠢ ᠪᠤᠯᠭᠠᠵᠤ ᠂ ᠨᠡᠩ ᠤᠯᠠᠨ ᠬᠥᠮᠥᠨ ᠢ ᠶᠠᠳᠠᠭᠤ ᠬᠦᠴᠢᠷᠳᠡᠯ ᠪᠠ ᠥᠯᠥᠰᠬᠦᠯᠡᠩ ᠠᠴᠠ |
ᠠᠩᠭᠢᠵᠢᠷᠠᠭᠤᠯᠤᠨ᠎ᠠ ᠃ ᠣᠳᠣᠬᠠᠨ ᠤ ᠪᠠᠶᠢᠳᠠᠯ ᠳᠣᠣᠷ᠎ᠠ ᠤᠯᠠᠨ ᠲᠠᠯᠠᠲᠤ ᠦᠵᠡᠯ ᠢ ᠡᠷᠡᠰ ᠬᠠᠮᠠᠭᠠᠯᠠᠬᠤ ᠨᠢ |
ᠲᠤᠶᠢᠯ ᠤᠨ ᠴᠢᠬᠤᠯᠠ ᠶᠤᠮ ᠂ ᠬᠠᠮᠠᠭᠠᠯᠠᠬᠤ ᠦᠵᠡᠯ ᠂ ᠪᠣᠭᠤᠮᠲᠠ ᠶᠢᠨ ᠭᠠᠶᠢᠯᠢ ᠶᠢ ᠳᠤᠷ᠎ᠠ ᠪᠠᠷ ᠢᠶᠠᠨ ᠲᠠᠲᠠᠪᠤᠷᠢᠯᠠᠬᠤ |
ᠨᠢ ᠬᠥᠭᠵᠢᠯ ᠴᠡᠴᠡᠭᠯᠡᠯ ᠢ ᠠᠪᠴᠢᠷᠠᠵᠤ ᠴᠢᠳᠠᠬᠤ ᠦᠭᠡᠢ ᠂ ᠵᠥᠪᠭᠡᠨ ᠰᠠᠮᠠᠭᠤᠷᠠᠯ ᠢ ᠪᠤᠢ ᠪᠣᠯᠭᠠᠨ᠎ᠠ ᠃ ᠳᠤᠮᠳᠠᠳᠤ |
ᠤᠯᠤᠰ ᠤᠨ ᠪᠦᠭᠦ ᠪᠥᠮᠪᠥᠷᠴᠡᠭ ᠤᠨ ᠥᠷᠢᠰᠦᠯᠳᠦᠭᠡᠨ ᠢ ᠠᠷᠭᠠᠴᠠᠭᠠᠬᠤ ᠡᠷᠡᠰ ᠪᠠᠲᠤ ᠣᠪᠣᠷ ᠨᠢ ᠡᠯ᠎ᠡ ᠤᠯᠤᠰ ᠤᠨ |
ᠬᠦᠴᠦᠨ ᠴᠢᠳᠠᠯ ᠪᠠ ᠢᠲᠡᠭᠡᠯ ᠵᠣᠷᠢᠭ ᠢ ᠬᠥᠪᠴᠢᠯᠡᠵᠦ ᠪᠠᠶᠢᠨ᠎ᠠ ᠃ ᠪᠷᠠᠽᠢᠯ ᠤᠨ ᠬᠢᠨ ᠳᠤᠷᠠᠲᠠᠶ᠎ᠠ ᠳᠤᠮᠳᠠᠳᠤ ᠤᠯᠤᠰ |
ᠯᠤᠭ᠎ᠠ ᠤᠯᠠᠨ ᠤᠯᠤᠰ ᠤᠨ ᠬᠡᠷᠡᠭ ᠶᠠᠪᠤᠳᠠᠯ ᠳᠠᠬᠢ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ ᠂ |
ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠲᠤ ᠪᠠᠷ |
ᠬᠠᠮᠠᠭᠠᠯᠠᠵᠤ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠢᠯᠡᠳᠬᠡᠪᠡ ᠃ |
ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠤᠨ ᠲᠤᠬᠠᠢ ᠰᠠᠨᠠᠯ ᠢᠶᠠᠨ ᠰᠣᠯᠢᠯᠴᠠᠵᠤ ᠂ ᠡᠩᠬᠡ |
ᠲᠠᠶᠢᠪᠤᠩ ᠢ ᠡᠷᠭᠢᠮᠯᠡᠭᠦ ᠳᠠᠪᠰᠢᠩᠭᠤᠢ ᠬᠦᠴᠦᠨ ᠪᠣᠯᠤᠭᠰᠠᠨ ᠤ ᠬᠤᠪᠢ ᠳᠤ ᠳᠤᠮᠳᠠᠳᠤ ᠪᠠ ᠪᠷᠠᠽᠢᠯ ᠬᠤᠶᠠᠷ ᠤᠯᠤᠰ |
ᠣᠯᠣᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ ᠂ ︽ ᠡᠩᠬᠡ ᠲᠠᠶᠢᠪᠤᠩ ᠤᠨ ᠨᠠᠶᠢᠵᠠ ︾ ᠶᠢᠨ |
ᠳᠤᠭᠤᠶᠢᠯᠠᠩ ᠤᠨ ᠦᠢᠯᠡᠳᠦᠯ ᠢᠶᠠᠨ ᠪᠠᠳᠠᠷᠠᠭᠤᠯᠵᠤ ᠂ ᠣᠷᠣᠰ ᠪᠣᠯᠣᠨ ᠦᠺᠷᠠᠶᠢᠨ ᠤ ᠰᠢᠭᠤᠳ ᠶᠠᠷᠢᠯᠴᠠᠭ᠎ᠠ ᠬᠢᠬᠦ ᠶᠢ |
ᠳᠡᠮᠵᠢᠵᠤ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤ ᠪᠠᠷ ᠬᠢᠮᠤᠷᠠᠯ ᠢ |
ᠰᠢᠢᠳᠪᠦᠷᠢᠯᠡᠬᠦ ᠳᠤ ᠪᠦᠲᠦᠭᠡᠯᠴᠢ ᠴᠢᠨᠠᠷᠲᠠᠢ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠤᠨ᠎ᠠ ᠭᠡᠵᠦ ᠰᠠᠨᠠᠯ ᠨᠢᠭᠡᠲᠡᠢ |
ᠵᠥᠪᠰᠢᠶᠡᠷᠡᠪᠡ ᠃ |
ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ ᠤᠯᠤᠰ ᠤᠨ ᠲᠡᠷᠢᠭᠦᠨ ᠬᠥᠭᠵᠢᠯᠲᠡ ᠶᠢᠨ ᠪᠠᠶᠢᠯᠳᠤᠬᠤ |
ᠪᠣᠳᠣᠯᠭ᠎ᠠ ᠶᠢᠨ ᠵᠣᠯᠭᠠᠯᠴᠠᠭ᠎ᠠ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠂ ᠬᠥᠳᠡᠭᠡ ᠠᠵᠤ ᠠᠬᠤᠢ ᠂ |
ᠲᠣᠭᠠᠴᠢᠯᠠᠭᠰᠠᠨ ᠠᠵᠤ ᠠᠬᠤᠢ ᠂ ᠮᠥᠩᠭᠦᠨ ᠭᠦᠢᠯᠭᠡᠭᠡᠨ ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠂ |
ᠵᠠᠭᠤᠴᠢᠯᠠᠭᠤᠷ ᠵᠡᠷᠭᠡ ᠬᠦᠷᠢᠶᠡᠨ ᠤ 20 ᠬᠤᠪᠢ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ |
ᠵᠢᠷᠤᠬᠤ ᠶᠢ ᠬᠠᠮᠲᠤ ᠪᠠᠷ ᠭᠡᠷᠡᠴᠢᠯᠡᠪᠡ ᠃ |
ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ ᠃ |
ᠬᠤᠶᠠᠷ ᠲᠠᠯ᠎ᠠ ᠪᠠᠷ ᠢᠶᠠᠨ ︽ ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ |
ᠤᠳᠤᠨ ᠪᠥᠮᠪᠥᠷᠴᠡᠭ ᠢ ᠭᠠᠷ ᠬᠤᠯᠪᠣᠨ ᠪᠠᠶᠢᠭᠤᠯᠬᠤ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ |
ᠴᠣᠭᠴᠠ ᠶᠢ ᠴᠢᠩᠭᠠᠳᠬᠠᠵᠤ ᠂ ᠤᠯᠠᠨ ᠲᠠᠯᠠᠲᠤ ᠦᠵᠡᠯ ᠢ ᠬᠠᠮᠲᠤ ᠪᠠᠷ ᠬᠠᠮᠠᠭᠠᠯᠠᠬᠤ ᠲᠤᠬᠠᠢ ᠪᠦᠭᠦᠳᠡ ᠨᠠᠶᠢᠷᠠᠮᠳᠠᠬᠤ |
ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠬᠤᠯᠪᠣᠭᠠᠨ ᠤ ᠪᠷᠠᠽᠢᠯ ᠤᠯᠤᠰ ᠤᠨ ᠬᠠᠮᠲᠤᠷᠠᠭᠰᠠᠨ |
ᠢᠯᠡᠷᠬᠡᠶᠢᠯᠡᠯᠲᠡ ︾ ᠪᠣᠯᠣᠨ ︽ ᠦᠺᠷᠠᠶᠢᠨ ᠤ ᠬᠢᠮᠤᠷᠠᠯ ᠤᠨ ᠲᠤᠬᠠᠢ ᠳᠤᠮᠳᠠᠳᠤ ᠪᠷᠠᠽᠢᠯ ᠤᠨ ᠬᠠᠮᠲᠤᠷᠠᠭᠰᠠᠨ |
ᠢᠯᠡᠷᠬᠡᠶᠢᠯᠡᠯᠲᠡ ︾ ᠶᠢ ᠨᠡᠶᠢᠲᠡᠯᠡᠪᠡ ᠃ |
ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ |
ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠯᠦᠯᠠ ᠪᠣᠯᠣᠨ ᠲᠡᠭᠦᠨ ᠤ ᠬᠠᠳᠤᠨ |
ᠯᠦᠸᠧᠰᠠᠩᠷᠧᠯᠠ ᠶᠢ ᠤᠭᠲᠤᠬᠤ ᠶᠣᠰᠣᠯᠠᠯ ᠶᠠᠪᠤᠭᠤᠯᠪᠠ ᠃ |
ᠯᠦᠯᠠ ᠬᠦᠷᠴᠦ ᠢᠷᠡᠬᠦ ᠳᠤ ᠶᠣᠰᠣᠯᠠᠯ ᠤᠨ ᠴᠡᠷᠢᠭ ᠮᠥᠷᠯᠡᠨ ᠶᠣᠰᠣᠯᠠᠪᠠ ᠃ ᠰᠢ ᠶᠢᠨ ᠫᠢᠩ ᠪᠣᠯᠣᠨ ᠯᠦᠯᠠ |
ᠰᠢᠯᠭᠠᠨ ᠦᠵᠡᠬᠦ ᠲᠠᠶᠢᠰᠠᠨ ᠳᠤ ᠭᠠᠷᠴᠤ ᠂ ᠴᠡᠷᠢᠭ ᠤᠨ ᠬᠥᠭᠵᠢᠮ ᠤᠨ ᠠᠩᠭᠢ ᠳᠤᠮᠳᠠᠳᠤ ᠪᠷᠠᠽᠢᠯ ᠬᠤᠶᠠᠷ |
ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ ᠂ ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ |
ᠫᠤᠤ ᠶᠢ 21 ᠳᠤᠤᠭᠠᠷᠭᠠᠪᠠ ᠃ ᠯᠦᠯᠠ ᠰᠢ ᠶᠢᠨ ᠫᠢᠩ ᠤᠨ ᠪᠡᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ |
ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ |
ᠰᠣᠨᠢᠷᠬᠠᠪᠠ ᠃ |
ᠲᠤᠰ ᠣᠷᠣᠢ ᠰᠢ ᠶᠢᠨ ᠫᠢᠩ ᠪᠣᠯᠣᠨ ᠫᠧᠩ ᠯᠢ ᠶᠤᠸᠠᠨ ᠯᠦᠯᠠ ᠪᠣᠯᠣᠨ ᠲᠡᠭᠦᠨ ᠤ ᠬᠠᠳᠦᠨ ᠢ ᠤᠭᠲᠤᠬᠤ |
ᠳᠠᠶᠢᠯᠠᠯᠭ᠎ᠠ ᠬᠢᠪᠡ ᠃ |
ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃ |
|