ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 14 ᠤ ᠴᠠᠭᠢᠯᠭᠠᠨ ᠮᠡᠳᠡᠭᠡ5 ᠰᠠᠷ᠎ᠠ ᠶᠢᠨ 14 ᠤ |
ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ |
ᠲᠠᠩᠬᠢᠮ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠡᠷᠢᠪᠧ ᠶᠢᠨ ᠤᠯᠤᠰ ᠤᠳ ᠤᠨ ᠬᠠᠮᠲᠤ ᠶᠢᠨ |
ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠳᠤ |
ᠣᠷᠤᠯᠴᠠᠬᠤ ᠪᠠᠷ ᠢᠷᠡᠭᠰᠡᠨ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ ᠲᠠᠢ ᠠᠭᠤᠯᠵᠠᠪᠠ ᠃ |
|
|
|
|
|
5 ᠰᠠᠷ᠎ᠠ ᠶᠢᠨ 14 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ |
ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ |
ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ |
ᠰᠠᠶᠢᠳ ᠤᠨ ᠲᠠᠰ ᠤᠨ ᠬᠤᠷᠠᠯ ᠳᠤ ᠣᠷᠤᠯᠴᠠᠬᠤ ᠪᠠᠷ ᠢᠷᠡᠭᠰᠡᠨ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ ᠲᠠᠢ |
ᠠᠭᠤᠯᠵᠠᠪᠠ ᠃ ︵ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠶᠠᠩ ᠰᠡᠭᠦᠳᠡᠷᠯᠡᠪᠡ ︶ |
ᠰᠢ ᠶᠢᠨ ᠫᠢᠩ ᠂ ᠡᠨᠡ ᠵᠢᠯ ᠪᠣᠯ ᠳᠤᠮᠳᠠᠳᠤ ᠴᠢᠯᠢ ᠶᠢᠨ ᠬᠠᠷᠢᠯᠴᠠᠭ᠎ᠠ ᠪᠠᠶᠢᠭᠤᠯᠤᠭᠰᠠᠨ 55 ᠵᠢᠯ ᠤᠨ ᠤᠢ |
ᠪᠣᠯᠣᠨ᠎ᠠ ᠃ 55 ᠵᠢᠯ ᠤᠨ ᠡᠮᠦᠨ᠎ᠡ ᠂ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ |
ᠥᠨᠳᠥᠷ ᠲᠤ ᠵᠣᠭᠰᠣᠨ ᠠᠯᠤᠰ ᠢ ᠪᠠᠷᠠᠯᠠᠵᠤ ᠂ ᠬᠦᠢᠲᠡᠨ ᠲᠠᠶᠢᠨ ᠤ ᠤᠨᠢᠶᠠᠷ ᠬᠦᠳᠡᠩ ᠢ ᠰᠢᠪᠲᠤᠯᠤᠨ ᠂ ᠰᠢᠨ᠎ᠡ |
ᠳᠤᠮᠳᠠᠳᠤ ᠤᠯᠤᠰ ᠪᠣᠯᠣᠨ ᠡᠮᠦᠨᠡᠲᠦ ᠠᠮᠧᠷᠢᠺᠠ ᠶᠢᠨ ᠤᠯᠤᠰ ᠤᠳ ᠯᠤᠭ᠎ᠠ ᠶᠢᠨ ᠬᠠᠷᠢᠯᠴᠠᠭ᠎ᠠ ᠪᠠᠶᠢᠭᠤᠯᠤᠭᠰᠠᠨ |
ᠠᠩᠬᠠᠨ ᠤ ᠵᠠᠮ ᠢ ᠨᠡᠭᠡᠭᠡᠵᠡᠢ ᠃ ᠬᠠᠭᠠᠰ ᠵᠠᠭᠤᠨ ᠭᠠᠷᠤᠢ ᠶᠢᠨ ᠲᠤᠷᠰᠢ ᠳᠡᠯᠡᠬᠡᠢ ᠶᠢᠨ ᠪᠠᠶᠢᠳᠠᠯ ᠶᠠᠭᠠᠬᠢᠵᠤ |
ᠬᠤᠪᠢᠷᠠᠭᠰᠠᠨ ᠴᠤ ᠳᠤᠮᠳᠠᠳᠤ ᠴᠢᠯᠢ ᠶᠢᠨ ᠬᠠᠷᠢᠯᠴᠠᠭ᠎ᠠ ᠶᠢᠨ ᠡᠨᠡ ᠬᠦ ᠬᠥᠯᠭᠡ ᠣᠩᠭᠤᠴᠠ ᠢᠮᠠᠭᠲᠠ ᠰᠠᠯᠬᠢ |
ᠳᠠᠪᠠᠯᠭᠠᠨ ᠢ ᠰᠥᠷᠦᠨ ᠤᠷᠤᠭᠰᠢᠯᠠᠵᠤ ᠂ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠶᠢᠨ ᠤᠯᠤᠰ ᠤᠳ ᠤᠨ |
ᠬᠠᠷᠢᠯᠴᠠᠭ᠎ᠠ ᠶᠢᠨ ᠬᠥᠭᠵᠢᠯᠲᠡ ᠶᠢᠨ ᠤᠷᠤᠰᠬᠠᠯ ᠢ ᠬᠥᠲᠥᠯᠥᠨ ᠳᠠᠭᠠᠭᠤᠯᠪᠠ ᠃ ᠳᠤᠮᠳᠠᠳᠤ ᠤᠯᠤᠰ ᠪᠣᠯᠣᠨ ᠴᠢᠯᠢ |
ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠴᠠᠭ |
ᠦᠶ᠎ᠡ ᠶᠢᠨ ᠠᠭᠤᠯᠤᠭᠳᠠᠬᠤᠨ ᠢ ᠲᠠᠰᠤᠷᠠᠯᠳᠡ ᠦᠭᠡᠢ ᠪᠠᠶᠠᠯᠢᠭᠵᠢᠭᠤᠯᠵᠤ ᠂ ᠳᠤᠮᠳᠠᠳᠤ ᠤᠯᠤᠰ — ᠯᠠᠲ᠋ᠢᠨ |
ᠠᠮᠧᠷᠢᠺᠠ ᠪᠣᠯᠣᠨ ᠺᠡᠷᠢᠪᠧ ᠶᠢᠨ ᠤᠯᠤᠰ ᠤᠳ ᠤᠨ ᠬᠠᠮᠲᠤ ᠶᠢᠨ ᠬᠥᠭᠵᠢᠯᠲᠡ ᠶᠢᠨ ᠬᠡᠪ ᠳᠠᠭᠤᠷᠢᠶᠠᠯ ᠂ ᠬᠥᠭᠵᠢᠵᠦ |
ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ ᠪᠤᠯᠭᠠᠵᠤ ᠂ ᠬᠥᠮᠥᠨ ᠲᠥᠷᠥᠯᠬᠢᠲᠡᠨ ᠤ |
ᠡᠩᠬᠡ ᠲᠠᠶᠢᠪᠤᠩ ᠪᠣᠯᠣᠨ ᠲᠠᠪᠰᠢᠯᠳᠠ ᠶᠢᠨ ᠦᠢᠯᠡᠰ ᠢ ᠬᠠᠮᠲᠤ ᠪᠠᠷ ᠠᠬᠢᠭᠤᠯᠤᠶ᠎ᠠ ᠭᠡᠵᠦ ᠵᠢᠭᠠᠵᠤ ᠭᠠᠷᠭᠠᠪᠠ ᠃ |
ᠰᠢ ᠶᠢᠨ ᠫᠢᠩ ᠂ ᠳᠤᠮᠳᠠᠳᠤ ᠤᠯᠤᠰ ᠳᠤᠷᠠᠲᠠᠶ᠎ᠠ ᠴᠢᠯᠢ ᠶᠢᠨ ᠬᠢᠨ ᠲᠠᠢ ᠤᠯᠤᠰ ᠲᠦᠷᠦ ᠶᠢᠨ |
ᠢᠲᠡᠭᠡᠯᠴᠡᠭᠡ ᠪᠠᠨ ᠪᠠᠲᠤᠳᠬᠠᠵᠤ ᠂ ᠬᠠᠷᠢᠯᠴᠠᠨ ᠬᠦᠨᠳᠦᠳᠬᠡᠬᠦ ᠂ ᠡᠷᠬᠡ ᠲᠡᠭᠰᠢ ᠪᠠᠷ ᠬᠠᠨᠳᠤᠯᠴᠠᠬᠤ ᠂ ᠬᠠᠷᠢᠯᠴᠠᠨ |
ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ |
ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ |
ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠵᠦ ᠂ ᠲᠤᠰ ᠲᠤᠰ ᠤᠨ ᠢᠶᠠᠨ |
ᠡᠵᠡᠨ ᠮᠡᠳᠡᠬᠦ ᠡᠷᠬᠡ ᠂ ᠠᠮᠤᠷ ᠲᠦᠪᠰᠢᠨ ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠶ᠎ᠠ ᠃ ᠬᠤᠶᠠᠷ |
ᠲᠠᠯ᠎ᠠ ᠪᠠᠷ ᠢᠶᠠᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ |
ᠲᠥᠯᠦᠪᠵᠢᠭᠦᠯᠭᠡ ᠶᠢ ᠰᠠᠶᠢᠲᠤᠷ ᠨᠠᠶᠢᠳᠠᠪᠤᠷᠢᠵᠢᠭᠤᠯᠵᠤ ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠤ |
ᠦᠢᠯᠡᠰ ᠂ ᠠᠵᠤ ᠦᠢᠯᠡᠰ ᠤᠨ ᠪᠡᠯᠡ ᠣᠷᠣᠭᠤᠯᠤᠯᠲᠠ ᠂ ᠰᠠᠭᠤᠷᠢ ᠲᠥᠬᠦᠭᠡᠷᠦᠮᠵᠢ ᠂ ᠪᠣᠬᠢᠷᠳᠤᠯ ᠦᠭᠡᠢ |
ᠠᠭᠤᠷᠬᠠᠢ ᠶᠢᠨ ᠭᠠᠷᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠤᠳᠤᠨ ᠣᠷᠣᠨ ᠂ |
ᠲᠤᠶᠢᠯ ᠤᠨ ᠣᠷᠣᠨ ᠂ ᠵᠣᠬᠢᠶᠠᠮᠠᠯ ᠤᠶᠤᠨ ᠴᠢᠳᠠᠪᠤᠷᠢ ᠂ ᠠᠮᠢᠳᠤ ᠪᠣᠳᠠᠰ ᠤᠨ ᠡᠮ ᠡᠮᠨᠡᠯᠭᠡ ᠂ ᠲᠣᠭᠠᠴᠢᠯᠠᠭᠰᠠᠨ ᠠᠵᠤ |
ᠠᠬᠤᠢ ᠵᠡᠷᠭᠡ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠤᠶ᠎ᠠ ᠃ ᠳᠤᠮᠳᠠᠳᠤ ᠤᠯᠤᠰ ᠨᠡᠩ ᠤᠯᠠᠨ ᠳᠤᠮᠳᠠᠳᠤ |
ᠤᠯᠤᠰ ᠤᠨ ᠠᠵᠤ ᠠᠬᠤᠶᠢᠯᠠᠯ ᠤᠨ ᠴᠢᠯᠢ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠮᠠᠨᠳᠤᠭᠤᠯᠬᠤ ᠶᠢ |
ᠳᠡᠮᠵᠢᠨ᠎ᠠ ᠂ ᠴᠢᠯᠢ ᠶᠢᠨ ᠨᠡᠩ ᠤᠯᠠᠨ ᠴᠢᠨᠠᠷ ᠰᠠᠶᠢᠲᠠᠢ ᠪᠦᠲᠦᠭᠡᠭᠳᠡᠬᠦᠨ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ |
ᠣᠷᠣᠵᠤ ᠢᠷᠡᠬᠦ ᠶᠢ ᠪᠠᠶᠠᠷᠯᠠᠨ ᠤᠭᠲᠤᠵᠤ ᠪᠠᠶᠢᠨ᠎ᠠ ᠃ ᠬᠤᠶᠠᠷ ᠲᠠᠯ᠎ᠠ ᠪᠠᠷ ᠢᠶᠠᠨ ᠪᠣᠯᠪᠠᠰᠤᠨ ᠢᠶᠠᠨ ᠬᠠᠷᠢᠯᠴᠠᠨ |
ᠲᠣᠯᠢᠳᠠᠬᠤ ᠪᠠᠨ ᠴᠢᠩᠭᠠᠳᠬᠠᠵᠤ ᠂ ᠰᠤᠷᠭᠠᠨ ᠬᠥᠮᠦᠵᠢᠯ ᠂ ᠰᠣᠶᠣᠯ ᠂ ᠵᠠᠭᠤᠴᠢᠯᠠᠭᠤᠷ ᠂ ᠵᠠᠯᠠᠭᠤᠴᠤᠳ ᠵᠡᠷᠭᠡ ᠶᠢᠨ |
ᠰᠣᠯᠢᠯᠴᠠᠭᠠᠨ ᠤ ᠠᠵᠢᠯᠯᠠᠭ᠎ᠠ ᠶᠢ ᠰᠠᠶᠢᠲᠤᠷ ᠥᠷᠨᠢᠭᠦᠯᠵᠦ ᠂ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠵᠦ ᠂ |
ᠬᠤᠶᠠᠷ ᠤᠯᠤᠰ ᠤᠨ ᠬᠠᠷᠢᠯᠴᠠᠭᠠᠨ ᠤ ᠠᠯᠤᠰ ᠭᠡᠳᠤ ᠶᠢᠨ ᠬᠥᠭᠵᠢᠯᠲᠡ ᠳᠤ ᠰᠠᠶᠢᠨ ᠰᠠᠶᠢᠬᠠᠨ ᠨᠡᠶᠢᠭᠡᠮ ᠤᠨ |
ᠠᠷᠠᠳ ᠤᠨ ᠰᠠᠨᠠᠭᠠᠨ ᠤ ᠰᠠᠭᠤᠷᠢ ᠶᠢ ᠲᠠᠯᠪᠢᠵᠤ ᠥᠭᠭᠦᠶ᠎ᠡ ᠃ ᠣᠳᠣᠬᠠᠨ ᠳᠤ ᠂ ᠳᠡᠯᠡᠬᠡᠢ ᠶᠢᠨ ᠪᠠᠶᠢᠳᠠᠯ ᠬᠤᠪᠢᠷᠠᠯᠲᠠ |
ᠬᠥᠷᠪᠡᠭᠡᠨ ᠰᠣᠯᠪᠢᠴᠠᠵᠤ ᠂ ᠭᠠᠭᠴᠠ ᠲᠠᠯᠠᠲᠤ ᠦᠵᠡᠯ ᠂ ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠭᠠᠷᠴᠤ ᠂ |
ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠡᠮᠬᠢ ᠳᠢᠭᠯᠢᠮ ᠳᠤ ᠬᠦᠨᠳᠦ ᠨᠣᠴᠢᠲᠠᠢ ᠳᠠᠭᠠᠷᠢᠯᠲᠠ |
ᠤᠴᠠᠷᠠᠭᠤᠯᠵᠤ ᠪᠠᠶᠢᠨ᠎ᠠ ᠃ ᠤᠯᠠᠨ ᠲᠠᠯᠠᠲᠤ ᠦᠵᠡᠯ ᠪᠣᠯᠣᠨ ᠴᠢᠯᠦᠭᠡᠲᠦ ᠠᠷᠠᠯᠵᠢᠶᠠᠨ ᠤ ᠡᠷᠡᠰ ᠪᠠᠲᠤ ᠬᠠᠮᠠᠭᠠᠯᠠᠭᠴᠢ |
ᠪᠣᠯᠤᠭᠰᠠᠨ ᠤ ᠬᠤᠪᠢ ᠳᠤ ᠳᠤᠮᠳᠠᠳᠤ ᠴᠢᠯᠢ ᠤᠯᠠᠨ ᠲᠠᠯᠠᠲᠤ ᠬᠠᠮᠵᠢᠯᠴᠠᠭ᠎ᠠ ᠪᠠᠨ ᠴᠢᠩᠭᠠᠳᠬᠠᠵᠤ ᠂ ᠪᠦᠭᠦ |
ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ ᠭᠡᠵᠦ |
ᠴᠢᠬᠤᠯᠠᠴᠢᠯᠠᠪᠠ ᠃ |
ᠪᠦᠸᠧᠯᠢᠴᠢ ᠂ ᠴᠢᠯᠢ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ |
ᠪᠠᠶᠢᠨ᠎ᠠ ᠃ ᠳᠤᠮᠳᠠᠳᠤ ᠤᠯᠤᠰ ᠨᠢᠭᠡᠨᠲᠡ ᠴᠢᠯᠢ ᠶᠢᠨ ᠬᠠᠮᠤᠭ ᠤᠨ ᠴᠢᠬᠤᠯᠠ ᠠᠷᠠᠯᠵᠢᠶᠠᠨ ᠤ ᠬᠠᠨᠢᠲᠠᠨ ᠪᠣᠯᠵᠤ ᠂ |
ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠡᠢ ᠃ |
ᠴᠢᠯᠢ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ ᠂ ᠳᠤᠮᠳᠠᠳᠤ ᠤᠯᠤᠰ ᠯᠤᠭ᠎ᠠ |
ᠠᠷᠠᠯᠵᠢᠶ᠎ᠠ ᠂ ᠪᠡᠯᠡ ᠣᠷᠣᠭᠤᠯᠤᠯᠲᠠ ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ |
ᠤᠯᠠᠮ ᠨᠢᠭᠡ ᠠᠯᠬᠤᠮ ᠥᠷᠭᠡᠳᠬᠡᠵᠦ ᠂ ︽ ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ |
ᠪᠠᠶᠢᠭᠤᠯᠵᠤ ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ ᠂ ᠴᠢᠯᠢ ᠳᠤᠮᠳᠠᠳᠤ ᠶᠢᠨ |
ᠬᠠᠷᠢᠯᠴᠠᠭ᠎ᠠ ᠶᠢᠨ ᠨᠡᠩ ᠤᠯᠠᠨ ᠦᠨᠡᠨ ᠪᠣᠳᠠᠲᠠᠢ ᠦᠷ᠎ᠡ ᠪᠦᠲᠦᠭᠡᠯ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠃ |
ᠡᠯ᠎ᠡ ᠤᠯᠤᠰ ᠴᠢᠯᠦᠭᠡᠲᠦ ᠠᠷᠠᠯᠵᠢᠶ᠎ᠠ ᠪᠣᠯᠣᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠶᠢ ᠪᠠᠷᠢᠮᠲᠠᠯᠠᠪᠠᠯ |
ᠵᠣᠬᠢᠨ᠎ᠠ ᠂ ᠠᠷᠠᠯᠵᠢᠶ᠎ᠠ ᠨᠢ ᠵᠥᠪᠭᠡᠨ ᠨᠢᠭᠡ ᠤᠯᠤᠰ ᠤᠨ ᠬᠤᠪᠢ ᠶᠢᠨ ᠠᠰᠢᠭ ᠲᠤᠰᠠ ᠳᠤ ᠦᠢᠯᠡᠴᠢᠯᠡᠵᠦ ᠪᠤᠯᠬᠤ |
ᠦᠭᠡᠢ ᠂ ᠠᠷᠠᠯᠵᠢᠶᠠᠨ ᠤ ᠳᠠᠶᠢᠨ ᠡᠭᠦᠰᠬᠡᠪᠡᠯ ᠭᠠᠷᠬᠤ ᠵᠠᠮ ᠦᠭᠡᠢ ᠶᠤᠮ ᠃ ᠴᠢᠯᠢ ᠶᠢᠨ ᠬᠢᠨ ᠳᠤᠷᠠᠲᠠᠶ᠎ᠠ ᠳᠤᠮᠳᠠᠳᠤ |
ᠤᠯᠤᠰ ᠲᠠᠢ ᠬᠠᠮᠲᠤ ᠪᠠᠷ ᠤᠯᠠᠨ ᠲᠠᠯᠠᠲᠤ ᠦᠵᠡᠯ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ |
ᠡᠷᠬᠡ ᠰᠦᠷ ᠢ ᠡᠷᠡᠰ ᠬᠠᠮᠠᠭᠠᠯᠠᠵᠤ ᠂ ᠶᠠᠷᠢᠯᠴᠠᠭ᠎ᠠ ᠪᠠᠷ ᠳᠠᠮᠵᠢᠨ ᠵᠥᠷᠢᠯᠳᠦᠭᠡᠨ ᠢᠶᠠᠨ ᠰᠢᠢᠳᠪᠦᠷᠢᠯᠡᠬᠦ ᠶᠢ |
ᠪᠠᠷᠢᠮᠲᠠᠯᠠᠵᠤ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠨ᠎ᠠ ᠭᠡᠵᠦ ᠢᠯᠡᠳᠬᠡᠪᠡ ᠃ |
|
ᠸᠠᠩ ᠢ ᠠᠭᠤᠯᠵᠠᠯᠲᠠ ᠳᠤ ᠣᠷᠣᠯᠴᠠᠵᠠᠢ ᠃ |
ᠪᠦᠸᠧᠯᠢᠴᠢ ᠳᠤᠮᠳᠠᠳᠤ ᠤᠯᠤᠰ ᠲᠤ ᠠᠶᠢᠯᠴᠢᠯᠠᠬᠤ ᠬᠤᠭᠤᠴᠠᠭᠠᠨ ᠳᠤ ᠂ ᠬᠤᠶᠠᠷ ᠲᠠᠯ᠎ᠠ ᠪᠠᠷ ᠢᠶᠠᠨ ᠠᠵᠤ |
ᠠᠬᠤᠢ ᠂ ᠬᠡᠪᠯᠡᠯ ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠂ ᠵᠠᠭᠤᠴᠢᠯᠠᠭᠤᠷ ᠤᠨ ᠤᠶᠤᠨ ᠤ ᠬᠥᠮᠥᠷᠭᠡ ᠵᠡᠷᠭᠡ |
ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ |
ᠦᠰᠦᠭ ᠵᠢᠷᠤᠪᠠ ᠃ |
|