ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 14 ᠤ ᠴᠠᠭᠢᠯᠭᠠᠨ ᠮᠡᠳᠡᠭᠡ 5 ᠰᠠᠷ᠎ᠠ ᠶᠢᠨ 14 ᠤ |
ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ |
ᠲᠠᠩᠬᠢᠮ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ |
ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠳᠤ |
ᠣᠷᠤᠯᠴᠠᠬᠤ ᠪᠠᠷ ᠢᠷᠡᠭᠰᠡᠨ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠲᠷᠤ᠋ ᠲᠠᠢ ᠠᠭᠤᠯᠵᠠᠪᠠ ᠃ |
|
|
|
|
|
5 ᠰᠠᠷ᠎ᠠ ᠶᠢᠨ 14 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ |
ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ |
ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ |
ᠰᠠᠶᠢᠳ ᠤᠨ ᠲᠠᠰ ᠤᠨ ᠬᠤᠷᠠᠯ ᠳᠤ ᠣᠷᠤᠯᠴᠠᠬᠤ ᠪᠠᠷ ᠢᠷᠡᠭᠰᠡᠨ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠲᠷᠤ᠋ ᠲᠠᠢ |
ᠠᠭᠤᠯᠵᠠᠪᠠ ᠃ ︵ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ ︶ |
ᠰᠢ ᠶᠢᠨ ᠫᠢᠩ ᠂ ᠺᠣᠯᠣᠮᠪᠢᠶ᠎ᠠ ᠪᠣᠯ ᠯᠠᠲ᠋ᠢᠨ ᠠᠮᠧᠷᠢᠺᠠ ᠲᠢᠪ ᠤᠨ ᠴᠢᠬᠤᠯᠠ ᠤᠯᠤᠰ ᠮᠥᠨ ᠂ ᠳᠤᠮᠳᠠᠳᠤ |
ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠠ ᠠᠯᠤᠰ ᠭᠡᠲᠦ ᠶᠢᠨ ᠬᠠᠷᠠᠭᠠᠰᠤ ᠠᠴᠠ ᠬᠤᠶᠠᠷ |
ᠤᠯᠤᠰ ᠤᠨ ᠬᠠᠷᠢᠯᠴᠠᠭ᠎ᠠ ᠶᠢ ᠬᠥᠭᠵᠢᠭᠦᠯᠬᠦ ᠳᠤ ᠬᠠᠨᠳᠤᠭᠰᠠᠭᠠᠷ ᠢᠷᠡᠭᠰᠡᠨ ᠶᠤᠮ ᠃ ᠡᠨᠡ ᠵᠢᠯ ᠪᠣᠯ ᠳᠤᠮᠳᠠᠳᠤ |
ᠺᠣᠯᠣᠮᠪᠢᠶ᠎ᠠ ᠶᠢᠨ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠪᠣᠯᠣᠨ᠎ᠠ ᠃ ᠰᠢᠨ᠎ᠡ ᠲᠡᠦᠬᠡ ᠶᠢᠨ ᠭᠠᠷᠤᠭ᠎ᠠ |
ᠳᠡᠭᠡᠷ᠎ᠡ ᠵᠣᠭᠰᠣᠵᠤ ᠂ ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ ᠂ ᠬᠤᠶᠠᠷ |
ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ |
ᠠᠬᠢᠭᠤᠯᠵᠤ ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠃ ᠬᠤᠶᠠᠷ |
ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ ᠂ ᠪᠠᠶᠢᠯᠳᠤᠬᠤ ᠪᠣᠳᠣᠯᠭ᠎ᠠ ᠶᠢᠨ |
ᠣᠯᠣᠯᠴᠠᠭ᠎ᠠ ᠪᠠᠨ ᠴᠢᠩᠭᠠᠳᠬᠠᠵᠤ ᠂ ᠬᠤᠶᠠᠷ ᠲᠠᠯ᠎ᠠ ᠶᠢᠨ ᠬᠠᠷᠢᠯᠴᠠᠭᠠᠨ ᠤ ᠬᠥᠭᠵᠢᠯᠲᠡ ᠶᠢᠨ ᠴᠢᠭᠯᠡᠯ ᠢ ᠪᠠᠲᠤ |
ᠡᠵᠡᠮᠳᠡᠶ᠎ᠡ ᠃ ᠺᠣᠯᠣᠮᠪᠢᠶ᠎ᠠ ᠶᠢᠨ ︽ ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ |
ᠪᠠᠶᠢᠭᠤᠯᠬᠤ ᠲᠣᠮᠣ ᠭᠡᠷ ᠪᠦᠯᠢ ᠳᠤ ᠵᠢᠩᠬᠢᠨᠢ ᠪᠠᠷ ᠣᠷᠣᠯᠴᠠᠬᠰᠠᠨ ᠢᠶᠠᠷ ᠠᠵᠠ ᠲᠣᠭᠢᠶᠠᠯ ᠪᠤᠯᠭᠠᠵᠤ ᠂ ᠬᠤᠶᠠᠷ |
ᠤᠯᠤᠰ ᠤᠨ ᠬᠠᠮᠲᠤᠷᠠᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠤᠶ᠎ᠠ ᠃ |
ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠶᠢᠨ ᠨᠡᠩ ᠤᠯᠠᠨ ᠰᠢᠯᠢᠳᠡᠭ ᠦᠢᠯᠡᠳᠬᠦᠨ ᠢ ᠣᠷᠣᠭᠤᠯᠵᠤ ᠂ ᠳᠤᠮᠳᠠᠳᠤ |
ᠤᠯᠤᠰ ᠤᠨ ᠠᠵᠤ ᠠᠬᠤᠶᠢᠯᠠᠯ ᠤᠨ ᠺᠣᠯᠣᠮᠪᠢᠶ᠎ᠠ ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠵᠤ ᠂ ᠰᠠᠭᠤᠷᠢ |
ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠲᠡᠮᠵᠢᠨ᠎ᠡ ᠃ ᠬᠤᠶᠠᠷ ᠲᠠᠯ᠎ᠠ ᠪᠠᠷ ᠢᠶᠠᠨ ᠰᠠᠯᠬᠢᠨ |
ᠡᠨᠧᠷᠭᠢ ᠂ ᠰᠢᠨ᠎ᠡ ᠡᠨᠧᠷᠭᠢ ᠶᠢᠨ ᠮᠠᠰᠢᠨ ᠲᠡᠷᠭᠡ ᠂ ᠲᠣᠭᠠᠴᠢᠯᠠᠭᠰᠠᠨ ᠠᠵᠤ ᠠᠬᠤᠢ ᠂ ᠵᠣᠬᠢᠶᠠᠮᠠᠯ ᠣᠶᠤᠨ ᠴᠢᠳᠠᠪᠤᠷᠢ |
ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠥᠷᠭᠡᠳᠬᠡᠵᠦ ᠂ |
ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠬᠠᠮᠲᠤ ᠪᠠᠷ |
ᠪᠡᠶᠡᠯᠡᠭᠦᠯᠦᠶ᠎ᠡ ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ |
ᠰᠠᠶᠢᠲᠤᠷ ᠡᠷᠭᠢᠯᠡᠵᠦ ᠂ ᠰᠤᠷᠭᠠᠨ ᠬᠥᠮᠦᠵᠢᠯ ᠂ ᠰᠣᠶᠣᠯ ᠂ ᠵᠢᠭᠤᠯᠴᠢᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ |
ᠴᠢᠩᠭᠠᠳᠬᠠᠵᠤ ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ ᠂ ᠬᠤᠶᠠᠷ ᠤᠯᠤᠰ ᠤᠨ ᠨᠥᠬᠦᠷᠯᠡᠯ ᠤᠨ |
ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ ᠭᠡᠵᠦ ᠵᠢᠭᠠᠵᠤ ᠭᠠᠷᠭᠠᠪᠠ ᠃ |
ᠰᠢ ᠶᠢᠨ ᠫᠢᠩ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ |
ᠬᠠᠮᠲᠤᠷᠠᠯᠴᠠᠭ᠎ᠠ ᠪᠣᠯ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠴᠢᠬᠤᠯᠠ ᠪᠦᠷᠢᠯᠳᠦᠭᠦᠨ ᠬᠡᠰᠡᠭ |
ᠪᠠᠶᠢᠵᠤ ᠂ ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ ᠪᠣᠯᠣᠨ ᠲᠡᠦᠬᠡ ᠶᠢᠨ ᠤᠷᠤᠰᠬᠠᠯ ᠢ ᠳᠠᠭᠠᠵᠤ ᠂ ᠳᠤᠮᠳᠠᠳᠤ |
ᠤᠯᠤᠰ ᠪᠣᠯᠣᠨ ᠯᠠᠲ᠋ᠢᠨ ᠠᠮᠧᠷᠢᠺᠠ ᠲᠢᠪ ᠤᠨ ᠤᠯᠤᠰ ᠤᠳ ᠤᠨ ᠬᠠᠮᠲᠤ ᠶᠢᠨ ᠠᠰᠢᠭ ᠲᠤᠰᠠ ᠳᠤ ᠨᠡᠶᠢᠴᠡᠵᠦ |
ᠪᠠᠶᠢᠨ᠎ᠠ ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ |
ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ |
ᠠᠮᠵᠢᠯᠲᠠ ᠲᠠᠢ ᠬᠤᠷᠠᠯᠳᠤᠵᠤ ᠂ ᠳᠡᠯᠡᠬᠡᠢ ᠳ᠋ᠠᠬᠢᠨ ᠳᠤ ᠬᠥᠭᠵᠢᠯ ᠮᠠᠨᠳᠤᠯ ᠢ ᠬᠠᠮᠲᠤ ᠪᠠᠷ ᠰᠦᠪᠡᠭᠴᠢᠯᠡᠬᠦ ᠢᠳᠡᠪᠬᠢᠲᠡᠢ |
ᠳᠣᠬᠢᠶ᠎ᠠ ᠶᠢ ᠲᠠᠯᠪᠢᠵᠠᠢ ᠃ ᠺᠣᠯᠣᠮᠪᠢᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ |
ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ ᠬᠤᠷᠠᠯ ᠢ ᠠᠮᠵᠢᠯᠲᠠ ᠲᠠᠢ ᠡᠷᠭᠢᠯᠡᠭᠦ ᠳᠤ |
ᠴᠢᠬᠤᠯᠠ ᠬᠤᠪᠢ ᠨᠡᠮᠡᠷᠢ ᠦᠵᠡᠭᠦᠯᠪᠡ ᠃ ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠶᠢ ᠪᠠᠭᠲᠠᠭᠠᠭᠰᠠᠨ ᠯᠠᠲ᠋ᠢᠨ |
ᠠᠮᠧᠷᠢᠺᠠ ᠶᠢᠨ ᠤᠯᠤᠰ ᠤᠳ ᠲᠠᠢ ᠬᠠᠮᠲᠤ ᠪᠠᠷ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ |
ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ |
ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ |
ᠤᠯᠤᠰ ᠤᠳ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ ᠃ |
ᠫᠸᠲᠷᠤ᠋ ᠂ ᠺᠣᠯᠣᠮᠪᠢᠶ᠎ᠠ ᠪᠣᠯᠣᠨ ᠳᠤᠮᠳᠠᠳᠤ ᠤᠯᠤᠰ ᠤᠨ ᠨᠥᠭᠦᠷᠰᠡᠭ ᠬᠠᠷᠢᠯᠴᠠᠭ᠎ᠠ ᠥᠨᠢ ᠤᠳᠠᠭᠠᠨ |
ᠲᠡᠦᠬᠡ ᠲᠠᠢ ᠶᠤᠮ ᠂ ᠺᠣᠯᠣᠮᠪᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠪᠠᠨ ᠭᠦᠨᠵᠡᠭᠡᠢ |
ᠬᠥᠭᠵᠢᠭᠦᠯᠬᠦ ᠶᠢ ᠬᠦᠰᠡᠵᠦ ᠪᠠᠶᠢᠨ᠎ᠠ ᠃ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠪᠠᠨ |
ᠭᠦᠨᠵᠡᠭᠡᠶᠢᠷᠡᠭᠦᠯᠵᠦ ᠂ ᠬᠠᠷᠢᠯᠴᠠᠨ ᠳᠡᠮᠵᠢᠬᠦ ᠪᠠᠨ ᠴᠢᠩᠭᠠᠳᠬᠠᠶ᠎ᠠ ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ |
ᠪᠦᠲᠦᠭᠡᠨ ᠪᠠᠶᠢᠭᠤᠯᠵᠤ ᠂ ᠠᠷᠠᠯᠵᠢᠶ᠎ᠠ ᠂ ᠰᠠᠭᠤᠷᠢ ᠲᠥᠬᠦᠭᠡᠷᠦᠮᠵᠢ ᠂ ᠰᠢᠨ᠎ᠡ ᠡᠨᠧᠷᠭᠢ ᠂ ᠵᠣᠬᠢᠶᠠᠮᠠᠯ ᠤᠶᠤᠨ ᠴᠢᠳᠠᠪᠤᠷᠢ |
ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠶ᠎ᠠ ᠃ |
ᠣᠳᠣᠬᠠᠨ ᠳᠤ ᠂ ᠳᠡᠯᠡᠬᠡᠢ ᠶᠢᠨ ᠪᠠᠶᠢᠳᠠᠯ ᠡᠭᠡᠳᠡᠷᠡᠭᠡᠨ ᠪᠤᠳᠤᠯᠢᠶᠠᠨᠲᠠᠢ ᠬᠤᠪᠢᠰᠤᠯᠲᠠ ᠶᠡᠬᠡᠲᠡᠢ ᠪᠠᠶᠢᠵᠤ ᠂ ᠣᠨᠴᠠ |
ᠵᠠᠷᠢᠮ ᠤᠯᠤᠰ ᠤᠨ ᠠᠰᠢᠭ ᠲᠤ ᠰᠢᠨᠤᠬᠠᠶᠢᠷᠠᠬᠤ ᠬᠢᠳᠡᠯ ᠨᠢ ᠳᠡᠯᠡᠬᠡᠢ ᠳ᠋ᠠᠬᠢᠨ ᠳᠤ ᠠᠰᠢᠭ ᠦᠭᠡᠢ ᠪᠠᠶᠢᠵᠤ ᠂ ᠡᠯ᠎ᠡ |
ᠤᠯᠤᠰ ᠪᠦᠯᠬᠦᠮᠳᠡᠨ ᠠᠷᠭᠠᠴᠠᠭᠠᠪᠠᠯ ᠵᠣᠬᠢᠨ᠎ᠠ ᠃ ᠺᠣᠯᠣᠮᠪᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠨᠢᠭᠲᠠ |
ᠬᠠᠮᠵᠢᠯᠴᠠᠵᠤ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ ᠂ ᠬᠥᠭᠵᠢᠵᠦ ᠪᠠᠶᠢᠭ᠎ᠠ |
ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ ᠃ |
ᠠᠭᠤᠯᠵᠠᠯᠲᠠ ᠶᠢᠨ ᠳᠠᠷᠠᠭ᠎ᠠ ᠂ ᠬᠤᠶᠠᠷ ᠤᠯᠤᠰ ᠤᠨ ᠲᠡᠷᠢᠭᠦᠨ ︽ ᠲᠣᠷᠭᠠᠨ ᠵᠠᠮ ᠤᠨ ᠠᠵᠤ ᠠᠬᠤᠢ ᠶᠢᠨ |
ᠪᠦᠰᠡ ᠪᠣᠯᠣᠨ 21 ᠳ᠋ᠦ᠋ᠭᠡᠷ ᠵᠠᠭᠤᠨ ᠤ ᠳᠠᠯᠠᠶ ᠳᠡᠭᠡᠷᠡᠬᠢ ᠲᠣᠷᠭᠠᠨ ᠵᠠᠮ ᠤᠨ ᠪᠦᠲᠦᠭᠡᠨ ᠪᠠᠶᠢᠭᠤᠯᠤᠯᠲᠠ ᠶᠢ |
ᠬᠠᠮᠲᠤ ᠪᠠᠷ ᠠᠬᠢᠭᠤᠯᠬᠤ ᠲᠤᠬᠠᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ |
ᠪᠣᠯᠣᠨ ᠪᠦᠭᠦᠳᠡ ᠨᠠᠶᠢᠷᠠᠮᠳᠠᠬᠤ ᠺᠣᠯᠣᠮᠪᠢᠶ᠎ᠠ ᠤᠯᠤᠰ ᠤᠨ ᠵᠠᠰᠠᠭ ᠤᠨ ᠣᠷᠳᠣᠨ ᠤ ᠬᠠᠮᠲᠤᠷᠠᠯᠴᠠᠭᠠᠨ ᠤ |
ᠲᠥᠯᠦᠪᠵᠢᠭᠦᠯᠭᠡ︾ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ ᠃ |
ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃ |
|