ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ ᠣᠶᠢᠷ᠎ᠠ ᠳᠤ ᠂ |
ᠤᠯᠤᠰ ᠤᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ |
ᠨᠡᠶᠢᠭᠡᠮᠯᠢᠭ ᠤᠨ ᠬᠠᠷᠢᠭᠤᠴᠠᠯᠭᠠᠲᠠᠨ ᠳᠤ ᠬᠠᠷᠢᠭᠤ ᠵᠠᠬᠢᠳᠠᠯ ᠢᠯᠡᠭᠡᠵᠦ ᠂ ᠳᠤᠮᠳᠠᠳᠤ ᠤᠯᠤᠰ ᠤᠨ ᠳ᠋ᠠᠨᠮᠠᠷᠺ ᠤᠨ |
ᠬᠤᠳᠠᠯᠳᠤᠭᠠᠴᠢᠳ ᠤᠨ ᠨᠡᠶᠢᠭᠡᠮᠯᠢᠭ ᠵᠢᠴᠢ ᠭᠡᠰᠢᠭᠦᠨ ᠠᠵᠤ ᠠᠬᠤᠶᠢᠯᠠᠯ ᠢ ᠳᠤᠮᠳᠠᠳᠤ ᠳ᠋ᠠᠨᠮᠠᠷᠺ ᠂ ᠳᠤᠮᠳᠠᠳᠤ |
ᠡᠸᠦ᠋ᠷᠦᠫᠡ ᠶᠢᠨ ᠨᠥᠬᠦᠷᠯᠡᠯ ᠢ ᠵᠤᠵᠠᠭᠠᠳᠬᠠᠬᠤ ᠪᠠ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ |
ᠭᠦᠨᠵᠡᠭᠡᠶᠢᠷᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ ᠃ |
ᠰᠢ ᠶᠢᠨ ᠫᠢᠩ ᠂ ᠢᠷᠡᠭᠦᠯᠦᠭᠰᠡᠨ ᠵᠠᠬᠢᠳᠠᠯ ᠠᠴᠠ ᠴᠢᠨᠢ ᠲᠠᠨ ᠤ ᠳᠤᠮᠳᠠᠳᠤ ᠤᠯᠤᠰ ᠲᠤ ᠭᠦᠨ ᠵᠤᠵᠠᠭᠠᠨ |
ᠬᠠᠶᠢᠷ᠎ᠠ ᠰᠡᠳᠬᠢᠯᠭᠡ ᠲᠠᠢ ᠪᠠᠶᠢᠬᠤ ᠪᠠ ᠳ᠋ᠠᠨᠮᠠᠷᠺ ᠤᠨ ᠳᠤᠮᠳᠠᠳᠤ ᠤᠯᠤᠰ ᠲᠠᠬᠢ ᠠᠵᠤ ᠠᠬᠤᠶᠢᠯᠠᠯ ᠤᠨ ᠳᠤᠮᠳᠠᠳᠤ |
ᠤᠯᠤᠰ ᠤᠨ ᠢᠷᠡᠭᠡᠳᠦᠢ ᠶᠢᠨ ᠬᠥᠭᠵᠢᠯᠲᠡ ᠳᠤ ᠢᠲᠡᠭᠡᠯ ᠲᠠᠢ ᠪᠠᠶᠢᠬᠤ ᠶᠢ ᠣᠯᠵᠤ ᠮᠡᠳᠡᠪᠡ ᠂ ᠪᠢ ᠡᠭᠦᠨ ᠢ ᠮᠠᠭᠲᠠᠨ |
ᠰᠠᠶᠢᠰᠢᠶᠠᠵᠤ ᠪᠠᠶᠢᠨ᠎ᠠ ᠃ ᠳᠤᠮᠳᠠᠳᠤ ᠤᠯᠤᠰ ᠥᠩᠭᠡᠷᠡᠭᠰᠡᠨ ᠳᠤ ᠂ ᠤᠳᠤ ᠂ ᠢᠷᠡᠭᠡᠳᠦᠢ ᠳᠤ ᠴᠦ ᠯᠠᠪᠲᠠᠢ |
ᠭᠠᠳᠠᠭᠠᠳᠤ ᠶᠢᠨ ᠬᠤᠳᠠᠯᠳᠤᠭᠠᠴᠢᠳ ᠤᠨ ᠬᠦᠰᠡᠨ ᠰᠠᠨᠠᠭᠰᠠᠨ ᠂ ᠠᠮᠤᠷ ᠲᠦᠪᠰᠢᠨ ᠂ ᠪᠦᠲᠦᠮᠵᠢᠲᠡᠢ ᠪᠡᠯᠡ |
ᠣᠷᠣᠭᠤᠯᠤᠯᠲᠠ ᠶᠢᠨ ᠵᠣᠷᠢᠯᠲᠠᠳᠦ ᠭᠠᠵᠠᠷ ᠪᠣᠯᠣᠨ᠎ᠠ ᠃ ᠳᠤᠮᠳᠠᠳᠤ ᠤᠯᠤᠰ ᠢ ᠢᠲᠡᠭᠡᠬᠦ ᠪᠣᠯ ᠳᠠᠷᠤᠢ ᠮᠠᠷᠭᠠᠰᠢ ᠪᠠᠨ |
ᠢᠲᠡᠭᠡᠵᠦ ᠪᠠᠶᠢᠭ᠎ᠠ ᠶᠠᠪᠤᠳᠠᠯ ᠂ ᠳᠤᠮᠳᠠᠳᠤ ᠤᠯᠤᠰ ᠲᠤ ᠪᠡᠯᠡ ᠣᠷᠣᠭᠤᠯᠬᠤ ᠪᠣᠯ ᠳᠠᠷᠤᠢ ᠢᠷᠡᠭᠡᠳᠦᠢ ᠳᠡᠭᠡᠨ ᠪᠡᠯᠡ |
ᠣᠷᠣᠭᠤᠯᠵᠤ ᠪᠠᠶᠢᠭ᠎ᠠ ᠶᠠᠪᠤᠳᠠᠯ ᠮᠥᠨ ᠃ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ ᠨᠡᠶᠢᠭᠡᠮᠯᠢᠭ |
ᠵᠢᠴᠢ ᠭᠡᠰᠢᠭᠦᠨ ᠠᠵᠤ ᠠᠬᠤᠶᠢᠯᠠᠯ ᠦᠷᠭᠦᠯᠵᠢᠯᠡᠨ ᠳᠤᠮᠳᠠᠳᠤ ᠳ᠋ᠠᠨᠮᠠᠷᠺ ᠂ ᠳᠤᠮᠳᠠᠳᠤ ᠡᠸᠦ᠋ᠷᠦᠫᠡ ᠶᠢᠨ ᠬᠤᠭᠤᠷᠣᠨᠳᠤ |
ᠬᠥᠭᠦᠷᠭᠡ ᠬᠤᠯᠪᠣᠭᠠᠰᠤ ᠶᠢᠨ ᠦᠢᠯᠡᠳᠦᠯ ᠦᠵᠡᠭᠦᠯᠵᠦ ᠂ ᠳᠤᠮᠳᠠᠳᠤ ᠳ᠋ᠠᠨᠮᠠᠷᠺ ᠂ ᠳᠤᠮᠳᠠᠳᠤ ᠡᠸᠦ᠋ᠷᠦᠫᠡ ᠶᠢᠨ |
ᠣᠶᠢᠯᠠᠭᠠᠯᠴᠠᠭ᠎ᠠ ᠪᠣᠯᠣᠨ ᠨᠥᠬᠦᠷᠯᠡᠯ ᠢ ᠵᠤᠵᠠᠭᠠᠳᠬᠠᠬᠤ ᠂ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ |
ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ |
ᠭᠠᠷᠭᠠᠪᠠ ᠃ |
ᠲᠦᠷᠦᠭᠦᠬᠡᠨ ᠂ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ ᠨᠡᠶᠢᠭᠡᠮᠯᠢᠭ ᠤᠨ |
ᠬᠠᠷᠢᠭᠤᠴᠠᠯᠭᠠᠲᠠᠨ ᠬᠤᠪᠢ ᠬᠥᠮᠥᠨ ᠪᠣᠯᠣᠨ ᠬᠤᠳᠠᠯᠳᠤᠭᠠᠴᠢᠳ ᠤᠨ ᠨᠡᠶᠢᠭᠡᠮᠯᠢᠭ ᠤᠨ ᠨᠡᠷ᠎ᠡ ᠪᠠᠷ ᠲᠡᠷᠢᠭᠦᠯᠡᠭᠴᠢ ᠰᠢ |
ᠶᠢᠨ ᠫᠢᠩ ᠳᠤ ᠵᠠᠬᠢᠳᠠᠯ ᠢᠯᠡᠭᠡᠵᠦ ᠂ ᠳᠤᠮᠳᠠᠳᠤ ᠳ᠋ᠠᠨᠮᠠᠷᠺ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 |
ᠵᠢᠯ ᠤᠨ ᠤᠢ ᠳᠤ ᠪᠠᠶᠠᠷ ᠬᠦᠷᠭᠡᠵᠦ ᠂ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ |
ᠭᠦᠨᠵᠡᠭᠡᠶᠢᠷᠡᠭᠦᠯᠬᠦ ᠬᠦᠰᠡᠯ ᠡᠷᠡᠮᠡᠯᠵᠡᠯ ᠢᠶᠠᠨ ᠢᠯᠡᠳᠬᠡᠪᠡ ᠃ |
|