ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ |
ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠷᠴᠢᠮᠬᠠᠨ ︽ᠠᠷᠪᠠᠨ ᠲᠠᠪᠤᠳᠤᠭᠠᠷ ᠲᠠᠪᠤᠨ ᠵᠢᠯ ᠤᠨ |
ᠲᠥᠯᠥᠪᠵᠢᠭᠦᠯᠭᠡ︾ ᠶᠢ ᠨᠠᠶᠢᠷᠠᠭᠤᠯᠬᠤ ᠠᠵᠢᠯ ᠤᠨ ᠲᠠᠯ᠎ᠠ ᠪᠠᠷ ᠴᠢᠬᠤᠯᠠ ᠵᠢᠭᠠᠪᠤᠷᠢ ᠪᠠᠭᠤᠯᠭᠠᠵᠤ ᠂ |
ᠴᠢᠬᠤᠯᠠᠴᠢᠯᠠᠭᠤᠯᠬᠤ ᠳᠠᠭᠠᠨ ᠂ ᠲᠠᠪᠤᠨ ᠵᠢᠯ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ |
ᠦᠷᠭᠦᠯᠵᠢᠯᠡᠨ ᠬᠡᠷᠡᠭᠵᠢᠭᠦᠯᠬᠦ ᠪᠣᠯ ᠮᠠᠨ ᠤ ᠨᠠᠮ ᠤᠨ ᠲᠥᠷᠥ ᠪᠠᠨ ᠵᠠᠰᠠᠬᠤ ᠴᠢᠬᠤᠯᠠ ᠲᠤᠷᠰᠢᠯᠭ᠎ᠠ ᠪᠣᠯᠣᠨ᠎ᠠ ᠂ ᠮᠥᠨ |
ᠴᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠥᠷᠥ ᠶᠢᠨ ᠴᠢᠬᠤᠯᠠ ᠳᠠᠪᠠᠭᠤᠯᠢᠭ |
ᠪᠣᠯᠣᠨ᠎ᠠ ᠃ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠨᠠᠶᠢᠷᠠᠭᠤᠯᠵᠤ ᠬᠡᠷᠡᠭᠵᠢᠭᠦᠯᠬᠦ ᠨᠢ |
ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ |
ᠨᠠᠶᠢᠳᠠᠪᠤᠷᠢᠵᠢᠭᠤᠯᠬᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ |
ᠠᠴᠢ ᠬᠤᠯᠪᠣᠭᠳᠠᠯ ᠲᠠᠢ ᠶᠤᠮ ᠃ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠂ |
ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠬᠠᠤᠯᠢ ᠪᠠᠷ ᠰᠢᠢᠳᠪᠦᠷᠢᠲᠦ ᠪᠣᠳᠣᠯᠭ᠎ᠠ |
ᠲᠣᠭᠲᠠᠭᠠᠬᠤ ᠶᠢ ᠪᠠᠷᠢᠮᠲᠠᠯᠠᠨ ᠂ ᠳᠡᠭᠡᠳᠦ ᠳᠠᠪᠬᠤᠷᠭ᠎ᠠ ᠶᠢᠨ ᠲᠥᠰᠥᠪᠯᠡᠯ ᠪᠠ ᠠᠷᠠᠳ ᠣᠯᠠᠨ ᠤ ᠠᠷᠭ᠎ᠠ ᠤᠬᠠᠭᠠᠨ ᠢ |
ᠨᠢᠭᠡᠳᠬᠡᠵᠦ ᠂ ᠪᠠᠶᠢᠴᠠᠭᠠᠨ ᠰᠤᠳᠤᠯᠤᠯᠲᠠ ᠬᠢᠬᠦ ᠮᠠᠭᠠᠳᠯᠠᠨ ᠭᠡᠷᠡᠴᠢᠯᠡᠬᠦ ᠪᠠᠨ ᠴᠢᠩᠭᠠᠳᠬᠠᠨ ᠂ ᠬᠠᠮᠲᠤ ᠶᠢᠨ |
ᠲᠠᠨᠢᠯᠲᠠ ᠪᠠᠨ ᠥᠷᠭᠡᠨ ᠢᠶᠠᠷ ᠨᠢᠭᠲᠠᠷᠠᠭᠤᠯᠵᠤ ᠂ ᠣᠯᠠᠨ ᠲᠦᠮᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ |
ᠰᠠᠨᠠᠯ ᠰᠠᠨᠠᠭᠤᠯᠭ᠎ᠠ ᠶᠢ ᠣᠯᠠᠨ ᠠᠷᠭ᠎ᠠ ᠬᠡᠯᠪᠡᠷᠢ ᠪᠠᠷ ᠰᠣᠨᠣᠰᠴᠤ ᠂ ᠺᠠᠳ᠋ᠷ ᠤᠯᠠᠨ ᠲᠦᠮᠡᠨ ᠤ ᠦᠢᠯᠡᠳᠦᠯᠭᠡ ᠶᠢᠨ |
ᠶᠠᠪᠤᠴᠠ ᠳᠠᠭᠠᠨ ᠡᠭᠦᠳᠦᠭᠰᠡᠨ ᠰᠢᠨ᠎ᠡ ᠲᠤᠷᠰᠢᠯᠭ᠎ᠠ ᠶᠢ ᠭᠦᠢᠴᠡᠳ ᠠᠰᠢᠭᠯᠠᠨ ᠂ ᠬᠠᠷᠠᠯᠲᠠ ᠡᠭᠦᠷᠭᠡ ᠪᠠ ᠲᠦᠷᠦ ᠶᠢᠨ |
ᠪᠣᠳᠣᠯᠭ᠎ᠠ ᠠᠷᠭ᠎ᠠ ᠬᠡᠮᠵᠢᠶ᠎ᠡ ᠶᠢᠨ ᠰᠢᠰᠲ᠋ᠧᠮᠲᠦ ᠴᠢᠨᠠᠷ ᠪᠦᠬᠦᠯᠢ ᠴᠣᠭᠴᠠᠲᠤ ᠴᠢᠨᠠᠷ ᠂ ᠵᠣᠬᠢᠴᠠᠩᠭᠤᠢ ᠴᠢᠨᠠᠷ ᠢ |
ᠴᠢᠬᠤᠯᠠᠴᠢᠯᠠᠵᠤ ᠂ ᠨᠠᠶᠢᠷᠠᠭᠤᠯᠬᠤ ᠠᠵᠢᠯ ᠢ ᠴᠢᠨᠠᠷᠯᠢᠭ ᠪᠡᠶᠡᠯᠡᠭᠦᠯᠬᠦ ᠬᠡᠷᠡᠭᠲᠡᠢ ᠭᠡᠵᠡᠢ ᠃ |
ᠮᠠᠨ ᠤ ᠤᠯᠤᠰ 2026 ᠣᠨ ᠠᠴᠠ ᠡᠬᠢᠯᠡᠨ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ |
ᠶᠢ ᠬᠡᠷᠡᠭᠵᠢᠭᠦᠯᠬᠦ ᠪᠣᠯᠣᠨ᠎ᠠ ᠂ ᠣᠳᠣ ᠨᠠᠮ ᠤᠨ ᠲᠥᠪ ᠬᠤᠷᠢᠶ᠎ᠠ ︽ᠠᠷᠪᠠᠨ ᠲᠠᠪᠤᠳᠤᠭᠠᠷ ᠲᠠᠪᠤᠨ ᠵᠢᠯ ᠤᠨ |
ᠲᠥᠯᠥᠪᠵᠢᠭᠦᠯᠭᠡ︾ ᠶᠢᠨ ᠰᠠᠨᠠᠭᠤᠯᠭ᠎ᠠ ᠶᠢ ᠲᠤᠭᠤᠷᠪᠢᠨ ᠪᠢᠴᠢᠬᠦ ᠶᠢ ᠵᠣᠬᠢᠶᠠᠨ ᠪᠠᠶᠢᠭᠤᠯᠵᠤ ᠪᠠᠶᠢᠨ᠎ᠠ ᠃ ᠰᠢ ᠶᠢᠨ |
ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠯᠦᠪᠵᠢᠭᠦᠯᠭᠡ ᠶᠢᠨ ᠰᠠᠨᠠᠭᠤᠯᠭ᠎ᠠ ᠶᠢ ᠲᠤᠭᠤᠷᠪᠢᠬᠤ |
ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ ᠂ ᠬᠠᠮᠢᠶᠠᠲᠠᠢ ᠲᠠᠯ᠎ᠠ ᠶᠢᠨ ᠬᠢᠨ ᠣᠶᠢᠷ᠎ᠠ ᠳᠤ ᠤᠯᠠᠨ ᠵᠦᠢᠯ ᠤᠨ |
ᠬᠡᠯᠪᠡᠷᠢ ᠪᠠᠷ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠲᠠᠯ᠎ᠠ ᠪᠠᠷ ᠬᠢ ᠺᠠᠳ᠋ᠷ ᠤᠯᠠᠨ |
ᠲᠦᠮᠡᠨ ᠂ ᠲᠤᠰᠬᠠᠢ ᠮᠡᠷᠭᠡᠵᠢᠯᠲᠡᠨ ᠡᠷᠳᠡᠮᠲᠡᠨ ᠨᠠᠷ ᠤᠨ ᠰᠠᠨᠠᠯ ᠰᠠᠨᠠᠭᠤᠯᠭ᠎ᠠ ᠶᠢ ᠬᠤᠷᠢᠶᠠᠬᠤ ᠪᠠᠷ ᠪᠠᠶᠢᠨ᠎ᠠ ᠃ |
|