︵2025 ᠣᠨ ᠤ 5 ᠰᠠᠷ᠎ᠠ ᠶᠢᠨ 2 ᠤᠨ ᠡᠳᠦᠷ︶ |
ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ ᠬᠤᠲᠠ ᠶᠢ ᠰᠢᠨᠡᠳᠬᠡᠬᠦ |
ᠠᠵᠢᠯᠯᠠᠭ᠎ᠠ ᠶᠢ ᠬᠡᠷᠡᠭᠵᠢᠭᠦᠯᠬᠦ ᠪᠣᠯ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠠᠷᠠᠳ ᠲᠦᠮᠡᠨ ᠤ |
ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠴᠢᠬᠤᠯᠠ ᠠᠷᠭ᠎ᠠ ᠬᠡᠮᠵᠢᠶ᠎ᠡ ᠮᠥᠨ ᠃ |
ᠬᠤᠲᠠ ᠶᠢ ᠰᠢᠨᠡᠳᠬᠡᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠶᠢᠨ ᠲᠤᠰᠠᠳᠠ ᠂ ᠨᠠᠮ ᠤᠨ ᠲᠥᠪ ᠬᠤᠷᠢᠶ᠎ᠠ ᠂ |
ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ ᠂ ᠡᠳᠦᠭᠡ ᠳᠣᠣᠷᠠᠬᠢ ᠰᠠᠨᠠᠯ ᠢ ᠳᠤᠷᠠᠳᠪᠠ ᠃ |
ᠨᠢᠭᠡ ᠂ ᠶᠡᠷᠦᠩᠬᠡᠢ ᠱᠠᠭᠠᠷᠳᠠᠯᠭ᠎ᠠ |
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ |
ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ |
ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠡ |
ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ |
ᠬᠤᠲᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠲᠣᠭᠲᠠᠭᠤᠨ ᠤ |
ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠬᠤᠲᠠ ᠶᠢᠨ ᠨᠡᠭᠡᠭᠡᠨ |
ᠬᠥᠭᠵᠢᠭᠦᠯᠵᠦ ᠪᠦᠲᠦᠭᠡᠨ ᠪᠠᠶᠢᠭᠤᠯᠬᠤ ᠠᠷᠭ᠎ᠠ ᠭᠡᠯᠪᠡᠷᠢ ᠶᠢ ᠬᠤᠪᠢᠷᠠᠭᠤᠯᠵᠤ ᠂ ᠦᠷᠭᠦᠯᠵᠢᠯᠡᠬᠦᠶᠢᠴᠡ ᠬᠤᠲᠠ ᠶᠢ |
ᠰᠢᠨᠡᠳᠬᠡᠬᠦ ᠵᠠᠭᠪᠤᠷ ᠪᠣᠯᠣᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠪᠠᠶᠢᠭᠤᠯᠵᠤ ᠂ ᠬᠤᠲᠠ ᠶᠢ ᠰᠢᠨᠡᠳᠬᠡᠬᠦ ᠶᠢ |
ᠶᠡᠭᠡ ᠪᠠᠷ ᠬᠡᠷᠡᠭᠵᠢᠭᠦᠯᠵᠦ ᠂ ᠬᠤᠲᠠ ᠶᠢᠨ ᠪᠦᠲᠦᠴᠡ ᠶᠢ ᠰᠢᠯᠢᠳᠡᠭᠵᠢᠭᠦᠯᠬᠦ ᠂ ᠴᠢᠳᠠᠮᠵᠢ ᠶᠢ ᠲᠡᠭᠦᠯᠳᠡᠷᠵᠢᠭᠦᠯᠬᠦ ᠂ |
ᠰᠣᠶᠣᠯ ᠤᠨ ᠤᠯᠠᠮᠵᠢᠯᠠᠯ ᠢ ᠦᠷᠭᠦᠯᠵᠢᠯᠡᠭᠦᠯᠬᠦ ᠂ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠵᠤ ᠂ ᠣᠷᠣᠰᠢᠨ |
ᠰᠠᠭᠤᠬᠤ ᠳᠤ ᠲᠣᠬᠢᠷᠠᠮᠵᠢᠲᠠᠢ ᠂ ᠤᠶᠠᠨ ᠬᠠᠲᠠᠨ ᠴᠢᠨᠠᠷ ᠲᠠᠢ ᠂ ᠣᠶᠤᠨᠲᠤ ᠬᠤᠲᠠ ᠶᠢ ᠴᠣᠭᠴᠠᠯᠠᠨ ᠪᠠᠶᠢᠭᠤᠯᠤᠨ᠎ᠠ ᠃ |
ᠠᠵᠢᠯ ᠤᠨ ᠳᠤᠮᠳᠠ ᠪᠠᠨ ᠳᠣᠣᠷᠠᠬᠢ ᠶᠠᠪᠤᠳᠠᠯ ᠢ ᠪᠡᠶᠡᠯᠡᠭᠦᠯᠬᠦ ᠬᠡᠷᠡᠭᠲᠡᠢ᠄ ᠠᠷᠠᠳ ᠲᠦᠮᠡᠨ ᠢᠶᠠᠷ ᠭᠤᠣᠯ |
ᠪᠤᠯᠭᠠᠬᠤ ᠶᠢ ᠪᠠᠷᠢᠮᠲᠠᠯᠠᠵᠤ ᠂ ᠠᠷᠠᠳ ᠲᠦᠮᠡᠨ ᠤ ᠬᠤᠲᠠ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ |
ᠦᠢᠯᠡᠳᠦᠯᠭᠡᠵᠢᠭᠦᠯᠵᠦ ᠂ ᠰᠠᠶᠢᠨ ᠭᠡᠷ ᠪᠠᠶᠢᠰᠢᠩ ᠂ ᠰᠠᠶᠢᠨ ᠰᠠᠭᠤᠭᠠᠯᠢ ᠠᠷᠠᠳ ᠤᠨ ᠲᠣᠭᠤᠷᠢᠭ ᠂ ᠰᠠᠶᠢᠨ ᠨᠡᠶᠢᠭᠡᠮ |
ᠲᠣᠭᠤᠷᠢᠭ ᠂ ᠰᠠᠶᠢᠨ ᠬᠤᠲᠠ ᠶᠢᠨ ᠲᠣᠭᠤᠷᠢᠭ ᠢ ᠪᠦᠲᠦᠭᠡᠨ ᠪᠠᠶᠢᠭᠤᠯᠤᠨ᠎ᠠ︔ ᠰᠢᠰᠲ᠋ᠧᠮ ᠤᠨ ᠦᠵᠡᠯᠲᠡ ᠶᠢ |
ᠪᠠᠷᠢᠮᠲᠠᠯᠠᠨ ᠂ ᠬᠤᠲᠠ ᠶᠢᠨ ᠬᠥᠭᠵᠢᠯᠲᠡ ᠶᠢᠨ ᠵᠢᠮ᠎ᠡ ᠶᠣᠰᠣ ᠶᠢ ᠭᠦᠨᠳᠦᠳᠭᠡᠵᠦ ᠂ ᠪᠦᠭᠦ ᠦᠶᠡᠯᠡᠯ ᠤᠨ |
ᠬᠤᠭᠤᠴᠠᠭᠠᠨ ᠤ ᠬᠠᠮᠢᠶᠠᠷᠤᠯᠲᠠ ᠶᠢᠨ ᠦᠵᠡᠯ ᠤᠬᠠᠮᠰᠠᠷ ᠢ ᠪᠤᠶ ᠪᠤᠯᠭᠠᠵᠤ ᠂ ᠬᠤᠲᠠ ᠶᠢᠨ ᠰᠢᠰᠲ᠋ᠧᠮᠲᠦ ᠴᠢᠨᠠᠷ ᠂ |
ᠪᠦᠬᠦᠯᠢ ᠴᠣᠭᠴᠠᠲᠤ ᠴᠢᠨᠠᠷ ᠂ ᠵᠣᠬᠢᠴᠠᠩᠭᠤᠢ ᠴᠢᠨᠠᠷ ᠢ ᠲᠠᠰᠤᠷᠠᠯᠲᠠ ᠦᠭᠡᠢ ᠨᠡᠮᠡᠭᠳᠡᠭᠦᠯᠦᠨ᠎ᠡ︔ |
ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ ᠂ ᠬᠥᠭᠵᠢᠯᠲᠡ ᠶᠢᠨ ᠲᠥᠯᠦᠪᠵᠢᠭᠦᠯᠭᠡ ᠶᠢᠨ |
ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ ᠂ ᠤᠯᠤᠰ ᠤᠨ ᠨᠤᠲᠤᠭ |
ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠠᠭᠤᠷᠢ ᠦᠢᠯᠡᠳᠦᠯ ᠢ ᠴᠢᠩᠭᠠᠳᠬᠠᠵᠤ ᠂ ᠲᠤᠰᠬᠠᠢ |
ᠲᠥᠯᠦᠪᠵᠢᠭᠦᠯᠭᠡ ᠶᠢ ᠬᠡᠷᠡᠭᠵᠢᠭᠦᠯᠬᠦ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠨ᠎ᠠ︔ ᠬᠥᠭᠵᠢᠯᠲᠡ ᠪᠠ ᠠᠮᠤᠷ |
ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ ᠂ ᠬᠤᠲᠠ ᠶᠢᠨ ᠠᠵᠢᠯᠯᠠᠭᠠᠨ ᠳᠤᠮᠳᠠᠬᠢ ᠠᠶᠤᠯ |
ᠲᠦᠭᠰᠢᠭᠦᠷᠢ ᠥᠷᠢᠰᠦᠯᠳᠦᠭᠡᠨ ᠢ ᠰᠡᠷᠭᠡᠶᠢᠯᠡᠨ ᠠᠷᠭᠠᠴᠠᠭᠠᠵᠤ ᠂ ᠬᠤᠲᠠ ᠶᠢᠨ ᠤᠶᠠᠨ ᠬᠠᠲᠠᠨ ᠴᠢᠨᠠᠷ ᠢ ᠪᠦᠭᠦ |
ᠲᠠᠯ᠎ᠠ ᠪᠠᠷ ᠳᠡᠭᠡᠭᠰᠢᠯᠡᠭᠦᠯᠦᠨ᠎ᠡ︔ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠂ ᠬᠠᠮᠠᠭᠠᠯᠠᠬᠤ ᠶᠣᠰᠣᠲᠠᠢ ᠶᠢ ᠨᠢ |
ᠪᠦᠭᠦᠨ ᠢ ᠬᠠᠮᠠᠭᠠᠯᠠᠬᠤ ᠂ ᠬᠡᠷᠡᠭᠯᠡᠬᠦ ᠪᠠᠷ ᠬᠠᠮᠠᠭᠠᠯᠠᠬᠤ ᠶᠢ ᠠᠬᠢᠭᠤᠯᠬᠤ ᠶᠢ ᠪᠠᠷᠢᠮᠲᠠᠯᠠᠵᠤ ᠂ ᠬᠤᠳᠠ ᠶᠢ ᠰᠢᠨᠡᠳᠬᠡᠬᠦ |
ᠪᠦᠭᠦ ᠶᠠᠪᠤᠴᠠ ᠂ ᠡᠯ᠎ᠡ ᠭᠤᠭᠴᠤᠭ᠎ᠠ ᠳᠤ ᠬᠤᠳᠠ ᠶᠢᠨ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠨ᠎ᠠ︔ |
ᠦᠨᠡᠨ ᠠᠴᠠ ᠵᠥᠪ ᠢ ᠡᠷᠢᠬᠦ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠂ ᠴᠢᠳᠠᠯ ᠢᠶᠠᠷ ᠢᠶᠠᠨ ᠴᠢᠷᠮᠠᠶᠢᠬᠤ ᠂ |
ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ ᠂ ᠠᠷᠠᠳ ᠢ ᠵᠦᠳᠡᠭᠡᠵᠦ ᠡᠳ᠋ ᠢ ᠰᠦᠢᠳᠬᠡᠬᠦ ︽ᠨᠢᠭᠤᠷ |
ᠲᠠᠯ᠎ᠠ ᠶᠢᠨ ᠢᠨᠵᠧᠨᠧᠷᠢᠩ︾ ᠂ ︽ᠳᠦᠷᠢ ᠲᠥᠷᠬᠦ ᠶᠢᠨ ᠢᠨᠵᠧᠨᠧᠷᠢᠩ︾ ᠢ ᠬᠢᠬᠦ ᠦᠭᠡᠢ ᠪᠠᠶᠢᠬᠤ ᠬᠡᠷᠡᠭᠲᠡᠢ ᠃ |
ᠭᠤᠣᠯ ᠬᠠᠷᠠᠯᠲᠠ ᠪᠣᠯ᠄ 2030 ᠣᠨ ᠪᠤᠯᠬᠤ ᠳᠤ ᠂ ᠬᠤᠲᠠ ᠶᠢ ᠰᠢᠨᠡᠳᠬᠡᠬᠦ ᠠᠵᠢᠯᠯᠠᠭ᠎ᠠ ᠶᠢᠨ |
ᠬᠡᠷᠡᠭᠵᠢᠭᠦᠯᠦᠯᠲᠡ ᠶᠢ ᠴᠢᠬᠤᠯᠠ ᠠᠬᠢᠴᠠ ᠲᠠᠢ ᠪᠤᠯᠭᠠᠵᠤ ᠂ ᠬᠤᠲᠠ ᠶᠢ ᠰᠢᠨᠡᠳᠬᠡᠬᠦ ᠪᠠᠶᠢᠭᠤᠯᠤᠯ ᠲᠣᠭᠲᠠᠴᠠ ᠶᠢ |
ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠬᠤᠲᠠ ᠶᠢᠨ ᠨᠡᠭᠡᠭᠡᠨ ᠬᠥᠭᠵᠢᠭᠦᠯᠦᠯᠲᠡ ᠶᠢᠨ ᠪᠦᠲᠦᠭᠡᠨ |
ᠪᠠᠶᠢᠭᠤᠯᠤᠯᠲᠠ ᠶᠢᠨ ᠠᠷᠭ᠎ᠠ ᠭᠡᠯᠪᠡᠷᠢ ᠶᠢ ᠬᠤᠪᠢᠷᠠᠭᠤᠯᠬᠤ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ ᠂ |
ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ ᠨᠡᠩ ᠪᠠᠬᠢᠵᠢᠭᠦᠯᠵᠦ ᠂ ᠦᠢᠯᠡᠴᠢᠯᠡᠭᠡᠨ ᠤ ᠦᠷ᠎ᠡ ᠪᠦᠲᠦᠮᠵᠢ ᠶᠢ |
ᠲᠠᠰᠤᠷᠠᠯᠲᠠ ᠦᠭᠡᠢ ᠳᠡᠭᠡᠭᠰᠢᠯᠡᠭᠦᠯᠵᠦ ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠢᠯᠡᠳᠲᠡ |
ᠰᠠᠶᠢᠵᠢᠷᠠᠭᠤᠯᠵᠤ ᠂ ᠠᠵᠤ ᠠᠬᠤᠢ ᠶᠢᠨ ᠡᠵᠡᠩᠨᠡᠯᠲᠡ ᠶᠢᠨ ᠭᠡᠯᠪᠡᠷᠢ ᠶᠢ ᠨᠡᠩ ᠪᠠᠶᠠᠯᠢᠭᠵᠢᠭᠤᠯᠵᠤ ᠂ ᠰᠣᠶᠣᠯ ᠤᠨ |
ᠥᠪ ᠢ ᠪᠦᠲᠦᠮᠵᠢᠲᠡᠢ ᠬᠠᠮᠠᠭᠠᠯᠠᠵᠤ ᠂ ᠬᠡᠪ ᠨᠠᠮᠪᠠᠭ᠎ᠠ ᠣᠨᠴᠠᠯᠢᠭ ᠢ ᠨᠡᠩ ᠢᠯᠡᠷᠡᠭᠦᠯᠵᠦ ᠂ ᠬᠤᠲᠠ ᠶᠢ ᠠᠷᠠᠳ |
ᠤᠯᠠᠨ ᠤ ᠴᠢᠨᠠᠷ ᠰᠠᠶᠢᠲᠠᠢ ᠠᠮᠢᠳᠤᠷᠠᠯ ᠤᠨ ᠣᠷᠣᠨ ᠵᠠᠢ ᠪᠣᠯᠭᠠᠨ᠎ᠠ ᠃ |
ᠬᠤᠶᠠᠷ ᠂ ᠭᠤᠣᠯ ᠡᠭᠦᠷᠭᠡ |
︵ᠨᠢᠭᠡ︶ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠶᠢ ᠴᠢᠩᠭᠠᠳᠬᠠᠨ᠎ᠠ ᠃ ᠠᠶᠤᠯᠲᠠᠢ |
ᠣᠷᠣᠨ ᠰᠠᠭᠤᠴᠠ ᠶᠢ ᠥᠭᠡᠷᠡᠴᠢᠯᠡᠨ ᠰᠢᠨᠡᠳᠬᠡᠬᠦ ᠶᠢ ᠯᠠᠪᠳᠠᠭᠤᠨ ᠢᠶᠠᠷ ᠠᠬᠢᠭᠤᠯᠵᠤ ᠂ D ᠲᠠᠰ ᠤᠨ ᠠᠶᠤᠯᠲᠠᠢ |
ᠣᠷᠣᠨ ᠰᠠᠭᠤᠴᠠ ᠶᠢ ᠨᠤᠷᠠᠭᠠᠵᠤ ᠥᠭᠡᠷᠡᠴᠢᠯᠡᠨ ᠰᠢᠨᠡᠳᠬᠡᠬᠦ ᠶᠢ ᠲᠦᠷᠭᠡᠳᠬᠡᠵᠦ ᠂ ᠪᠠᠬᠢᠵᠢᠭᠦᠯᠬᠦ ᠂ ᠥᠭᠡᠷᠡᠴᠢᠯᠡᠨ |
ᠪᠠᠶᠢᠭᠤᠯᠬᠤ ᠂ ᠳᠠᠭᠢᠨ ᠪᠠᠶᠢᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠤᠯᠤᠰ ᠤᠨ |
ᠥᠮᠴᠢᠯᠡᠯᠲᠦ ᠭᠠᠵᠠᠷ ᠰᠢᠷᠣᠢ ᠳᠡᠭᠡᠷᠡᠬᠢ C ᠲᠠᠰ ᠤᠨ ᠠᠶᠤᠯᠲᠠᠢ ᠣᠷᠣᠨ ᠰᠠᠭᠤᠴᠠ ᠪᠣᠯᠣᠨ ᠤᠯᠤᠰ ᠤᠨ |
ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠢᠵᠢ ᠪᠦᠷᠢᠳᠦᠭᠦᠯᠬᠦ ᠪᠤᠰᠤ ᠣᠷᠣᠨ |
ᠰᠠᠭᠤᠴᠠ ᠶᠢ ᠥᠭᠡᠷᠡᠴᠢᠯᠡᠨ ᠰᠢᠨᠡᠳᠬᠡᠬᠦ ᠶᠢ ᠢᠳᠡᠪᠬᠢᠲᠡᠢ ᠯᠠᠪᠳᠠᠭᠤᠨ ᠢᠶᠠᠷ ᠬᠡᠷᠡᠭᠵᠢᠭᠦᠯᠦᠨ᠎ᠡ ᠃ ᠲᠥᠷᠥᠯ ᠪᠦᠯᠦᠭ |
ᠬᠤᠪᠢᠶᠠᠵᠤ ᠪᠠᠶᠢᠭᠠᠳ ᠭᠠᠵᠠᠷ ᠬᠥᠳᠡᠯᠦᠯᠲᠡ ᠶᠢ ᠳᠠᠭᠠᠭᠠᠬᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ |
ᠮᠥᠷᠲᠡᠭᠡᠨ ᠪᠠᠬᠢᠵᠢᠭᠦᠯᠬᠦ ᠦᠨ᠎ᠡ ᠥᠷᠲᠡᠭ ᠲᠠᠢ ᠬᠤᠲᠠ ᠪᠠᠯᠭᠠᠰᠤ ᠶᠢᠨ ᠭᠡᠷ ᠪᠠᠶᠢᠰᠢᠩ ᠳᠤ ᠭᠠᠵᠠᠷ ᠬᠥᠳᠡᠯᠦᠯᠲᠡ ᠶᠢ |
ᠳᠠᠭᠠᠭᠠᠬᠤ ᠪᠠᠬᠢᠵᠢᠭᠦᠯᠦᠯᠲᠡ ᠬᠢᠨ᠎ᠡ ᠃ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠂ |
ᠲᠡᠦᠬᠡ ᠶᠢᠨ ᠪᠠᠷᠢᠯᠭ᠎ᠠ ᠵᠡᠷᠭᠡ ᠬᠠᠮᠠᠭᠠᠯᠠᠬᠤ ᠡᠲᠡᠭᠡᠳ ᠲᠤ ᠬᠤᠯᠪᠣᠭᠳᠠᠭᠰᠠᠨ ᠪᠠᠶᠢᠪᠠᠯ ᠂ ᠬᠠᠮᠢᠶ᠎ᠠ ᠪᠦᠬᠦᠢ ᠬᠠᠤᠯᠢ |
ᠴᠠᠭᠠᠵᠠ ᠬᠠᠤᠯᠢ ᠲᠣᠭᠲᠠᠭᠠᠯ ᠶᠣᠰᠣᠭᠠᠷ ᠬᠠᠮᠠᠭᠠᠯᠠᠬᠤ ᠪᠠ ᠬᠡᠷᠡᠭᠯᠡᠵᠦ ᠂ ︽ᠨᠢᠭᠡ ᠪᠠᠶᠢᠰᠢᠩ ᠳᠤ ᠨᠢᠭᠡ ᠲᠥᠷᠥ ᠶᠢᠨ |
ᠪᠣᠳᠣᠯᠭ᠎ᠠ ᠬᠡᠷᠡᠭᠵᠢᠭᠦᠯᠬᠦ︾ ᠥᠭᠡᠷᠡᠴᠢᠯᠡᠨ ᠰᠢᠨᠡᠳᠬᠡᠬᠦ ᠲᠥᠰᠥᠯ ᠳᠤᠷᠠᠳᠴᠤ ᠂ ᠠᠶᠤᠯᠲᠠᠢ ᠣᠷᠣᠨ ᠰᠠᠭᠤᠴᠠ ᠶᠢᠨ |
ᠨᠡᠷ᠎ᠡ ᠪᠠᠷ ᠬᠠᠤᠯᠢ ᠲᠣᠭᠲᠠᠭᠠᠯ ᠠᠴᠠ ᠵᠥᠷᠢᠴᠡᠨ ᠲᠡᠦᠬᠡ ᠰᠣᠶᠣᠯ ᠤᠨ ᠵᠡᠭᠡᠯᠢ ᠲᠣᠭᠤᠷᠢᠭ ᠂ ᠤᠯᠠᠮᠵᠢᠯᠠᠯᠲᠤ ᠠᠶᠢᠯ |
ᠲᠣᠰᠬᠤᠨ ᠂ ᠲᠡᠦᠬᠡ ᠶᠢᠨ ᠳᠤᠷᠠᠰᠬᠠᠯᠲᠤ ᠵᠦᠢᠯᠡᠰ ᠂ ᠲᠡᠦᠬᠡ ᠶᠢᠨ ᠪᠠᠷᠢᠯᠭ᠎ᠠ ᠶᠢ ᠨᠤᠷᠠᠭᠠᠵᠤ ᠥᠭᠡᠷᠡᠴᠢᠯᠡᠨ |
ᠰᠢᠨᠡᠳᠬᠡᠬᠦ ᠶᠢ ᠴᠢᠩᠭ᠎ᠠ ᠴᠠᠭᠠᠵᠠᠯᠠᠨ᠎ᠠ ᠃ |
ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠪᠠ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ |
ᠠᠷᠪᠢᠯᠠᠬᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ ᠂ ᠪᠠᠷᠢᠯᠭ᠎ᠠ ᠶᠢᠨ ᠳᠤᠯᠠᠭᠠᠨ ᠢ ᠪᠠᠲᠤᠯᠠᠬᠤ |
ᠮᠠᠲ᠋ᠧᠷᠢᠶᠠᠯ ᠤᠨ ᠬᠠᠮᠢᠶᠠᠷᠤᠯᠲᠠ ᠶᠢ ᠴᠢᠩᠭᠠᠳᠬᠠᠨ ᠂ ᠰᠠᠭᠤᠭᠠᠯᠢ ᠠᠷᠠᠳ ᠤᠨ ᠬᠤᠲᠠ ᠪᠠᠯᠭᠠᠰᠤ ᠶᠢᠨ ᠣᠷᠣᠨ |
ᠰᠠᠭᠤᠴᠠ ᠶᠢᠨ ᠭᠡᠷ ᠳᠣᠲᠣᠷᠠᠬᠢ ᠵᠠᠰᠠᠵᠤ ᠴᠢᠮᠡᠭᠯᠡᠬᠦ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ ᠃ ᠬᠠᠭᠤᠴᠢᠨ |
ᠦᠢᠯᠡᠳᠪᠦᠷᠢ ᠶᠢᠨ ᠭᠡᠷ ᠪᠠᠶᠢᠰᠢᠩ ᠂ ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠂ ᠤᠯᠠᠮᠵᠢᠯᠠᠯᠲᠤ |
ᠬᠤᠳᠠᠯᠳᠤᠭᠠᠨ ᠤ ᠲᠥᠬᠦᠭᠡᠷᠦᠮᠵᠢ ᠵᠡᠷᠭᠡ ᠦᠯᠡᠳᠡᠭᠡᠯ ᠭᠡᠷ ᠪᠠᠶᠢᠰᠢᠩ ᠢ ᠥᠭᠡᠷᠡᠴᠢᠯᠡᠨ ᠠᠰᠢᠭᠯᠠᠬᠤ ᠶᠢ |
ᠴᠢᠩᠭᠠᠳᠬᠠᠵᠤ ᠂ ᠪᠠᠷᠢᠯᠭ᠎ᠠ ᠶᠢᠨ ᠴᠢᠳᠠᠮᠵᠢ ᠶᠢ ᠬᠤᠪᠢᠷᠠᠭᠤᠯᠬᠤ ᠪᠠ ᠬᠤᠯᠢᠯᠳᠤᠭᠤᠯᠤᠨ ᠠᠰᠢᠭᠯᠠᠬᠤ ᠶᠢ ᠠᠬᠢᠭᠤᠯᠤᠨ ᠂ |
ᠪᠠᠷᠢᠯᠭ᠎ᠠ ᠶᠢᠨ ᠭᠤᠣᠯᠯᠠᠬᠤ ᠴᠢᠳᠠᠮᠵᠢ ᠶᠢ ᠦᠨᠳᠦᠰᠦᠯᠡᠨ ᠭᠠᠵᠠᠷ ᠰᠢᠷᠣᠢ ᠶᠢᠨ ᠬᠡᠷᠡᠭᠴᠡᠭᠡ ᠶᠢ ᠬᠠᠤᠯᠢ ᠲᠣᠭᠲᠠᠭᠠᠯ |
ᠶᠣᠰᠣᠭᠠᠷ ᠵᠦᠢ ᠵᠣᠬᠢᠰᠲᠠᠢ ᠬᠤᠪᠢᠷᠠᠭᠤᠯᠤᠨ᠎ᠠ ᠃ |
︵ᠬᠤᠶᠠᠷ︶ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠴᠡᠭᠴᠡᠯᠡᠨ |
ᠵᠠᠰᠠᠬᠤ ᠶᠢ ᠠᠬᠢᠭᠤᠯᠤᠨ᠎ᠠ ᠃ ᠰᠠᠭᠤᠭᠠᠯᠢ ᠠᠷᠠᠳ ᠤᠨ ᠲᠣᠭᠤᠷᠢᠭ ᠤᠨ ᠰᠢᠲᠠᠮᠠᠬᠠᠢ ᠬᠡᠢ ᠵᠡᠷᠭᠡ ᠬᠠᠭᠤᠴᠢᠷᠠᠭᠰᠠᠨ |
ᠬᠤᠭᠤᠯᠠᠢ ᠭᠤᠤᠷᠰᠤ ᠶᠢ ᠰᠢᠨᠡᠳᠬᠡᠨ ᠥᠭᠡᠷᠡᠴᠢᠯᠡᠵᠦ ᠂ ᠠᠰᠠᠷ ᠤᠨ ᠳᠣᠲᠣᠷᠠᠬᠢ ᠶᠠᠪᠠᠭᠠᠨ ᠬᠥᠮᠥᠨ ᠤ ᠶᠠᠪᠤᠬᠤ ᠵᠠᠮ ᠂ |
ᠰᠠᠯᠬᠢ ᠨᠡᠪᠲᠡᠷᠡᠬᠦ ᠣᠲᠤᠭ᠎ᠠ ᠭᠠᠷᠭᠠᠬᠤ ᠵᠠᠮ ᠂ ᠰᠠᠯᠬᠢ ᠨᠡᠪᠲᠡᠷᠡᠭᠦᠯᠬᠦ ᠬᠤᠳᠳᠤᠭ ᠵᠡᠷᠭᠡ ᠶᠢ ᠴᠡᠭᠴᠡᠯᠡᠨ ᠵᠠᠰᠠᠵᠤ ᠂ |
ᠠᠮᠤᠷ ᠲᠦᠪᠰᠢᠨ ᠤ ᠭᠡᠮ ᠰᠣᠭᠤᠭ ᠢ ᠪᠦᠭᠦ ᠬᠦᠴᠦᠨ ᠢᠶᠠᠷ ᠠᠷᠢᠯᠭᠠᠨ ᠂ ᠨᠥᠬᠦᠴᠡᠯ ᠲᠠᠢ ᠠᠰᠠᠷ ᠲᠤ ᠴᠠᠭᠢᠯᠭᠠᠨ |
ᠱᠠᠲᠤ ᠨᠡᠮᠡᠵᠦ ᠤᠭᠰᠠᠷᠠᠬᠤ ᠶᠢ ᠳᠡᠮᠵᠢᠨ᠎ᠡ ᠃ ᠰᠠᠭᠤᠭᠠᠯᠢ ᠠᠷᠠᠳ ᠤᠨ ᠲᠣᠭᠤᠷᠢᠭ ᠵᠢᠴᠢ ᠡᠷᠭᠢᠨ ᠲᠣᠭᠤᠷᠢᠨ ᠤ |
ᠣᠷᠴᠢᠨ ᠲᠣᠭᠤᠷᠢᠨ ᠢ ᠴᠡᠭᠴᠡᠯᠡᠨ ᠵᠠᠰᠠᠵᠤ ᠂ ᠰᠠᠭᠤᠭᠠᠯᠢ ᠠᠷᠠᠳ ᠤᠨ ᠲᠣᠭᠤᠷᠢᠭ ᠤᠨ ᠲᠡᠷᠭᠡ ᠵᠣᠬᠰᠣᠬᠤ ᠂ |
ᠴᠠᠭᠢᠯᠭᠠᠨ ᠴᠡᠨᠡᠭᠯᠡᠬᠦ ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠂ ᠴᠢᠮᠡᠭᠡ ᠬᠤᠯᠪᠤᠭ᠎ᠠ ᠵᠡᠷᠭᠡ ᠢᠵᠢ ᠪᠦᠷᠢᠳᠦᠭᠦᠯᠬᠦ |
ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ ᠂ ᠬᠤᠭᠤᠯᠠ ᠤᠮᠳᠠ ᠳᠤ ᠲᠤᠰᠠᠯᠠᠬᠤ ᠂ ᠭᠡᠷ ᠤᠨ ᠶᠠᠪᠤᠳᠠᠯ ᠵᠡᠷᠭᠡ |
ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠨᠡᠮᠡᠵᠦ ᠪᠠᠶᠢᠷᠢᠯᠠᠭᠤᠯᠤᠨ᠎ᠠ ᠃ ᠬᠠᠭᠤᠴᠢᠨ ᠰᠠᠭᠤᠭᠠᠯᠢ |
ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ |
ᠬᠠᠮᠢᠶᠠᠷᠤᠯᠲᠠ ᠶᠢ ᠴᠢᠩᠭᠠᠳᠬᠠᠵᠤ ᠂ ᠡᠯ᠎ᠡ ᠪᠦᠲᠦᠭᠡᠨ ᠪᠠᠶᠢᠭᠤᠯᠤᠯᠲᠠ ᠳᠤ ᠣᠷᠣᠯᠴᠠᠬᠰᠠᠨ ᠨᠢᠭᠡᠴᠢ ᠶᠢᠨ |
ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ ᠃ ᠥᠭᠡᠷᠡᠴᠢᠯᠡᠨ ᠰᠢᠨᠡᠳᠬᠡᠬᠦ ᠲᠠᠢ ᠤᠶᠠᠯᠳᠤᠭᠤᠯᠤᠨ ᠰᠠᠭᠤᠭᠠᠯᠢ |
ᠠᠷᠠᠳ ᠤᠨ ᠲᠣᠭᠤᠷᠢᠭ ᠤᠨ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ |
ᠲᠡᠭᠦᠯᠳᠡᠷᠵᠢᠭᠦᠯᠵᠦ ᠂ ᠰᠠᠭᠤᠭᠠᠯᠢ ᠠᠷᠠᠳ ᠤᠨ ᠣᠷᠤᠯᠴᠠᠬᠤ ᠪᠠ ᠬᠢᠨᠠᠯᠲᠠ ᠲᠠᠯᠪᠢᠬᠤ ᠶᠢ ᠬᠥᠲᠥᠯᠥᠨ |
ᠵᠢᠯᠤᠭᠤᠳᠬᠤ ᠶᠢ ᠴᠢᠬᠤᠯᠠᠴᠢᠯᠠᠵᠤ ᠂ ᠥᠭᠡᠷᠡᠴᠢᠯᠡᠨ ᠰᠢᠨᠡᠳᠬᠡᠬᠦ ᠦᠷ᠎ᠡ ᠪᠦᠲᠦᠭᠡᠯ ᠢ ᠬᠠᠮᠲᠤ ᠪᠠᠷ ᠬᠠᠮᠠᠭᠠᠯᠠᠨ᠎ᠠ ᠃ |
ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠂ ᠨᠤᠷᠠᠬᠤ ᠠᠶᠤᠯᠲᠠᠢ ᠣᠷᠣᠨ ᠰᠠᠭᠤᠴᠠ ᠶᠢ ᠥᠭᠡᠷᠡᠴᠢᠯᠡᠬᠦ ᠶᠢ |
ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ ᠂ ᠰᠣᠶᠣᠯ ᠤᠨ ᠥᠪ ᠤᠨ ᠥᠷᠲᠡᠭ ᠢ ᠠᠭᠤᠳᠠᠯᠬᠤ ᠂ ᠤᠯᠠᠮᠵᠢᠯᠠᠯᠲᠤ ᠬᠡᠪ |
ᠨᠠᠮᠪᠠ ᠶᠢ ᠬᠠᠮᠠᠭᠠᠯᠠᠭᠰᠠᠨ ᠰᠠᠭᠤᠷᠢᠨ ᠳᠡᠭᠡᠷ᠎ᠡ ᠶᠡᠷᠦᠩᠬᠡᠶᠢᠯᠡᠭᠰᠡᠨ ᠴᠢᠨᠠᠷᠲᠠᠢ ᠬᠠᠮᠠᠭᠠᠯᠠᠬᠤ ᠂ ᠰᠡᠯᠪᠢᠨ ᠵᠠᠰᠠᠬᠤ ᠂ |
ᠥᠭᠡᠷᠡᠴᠢᠯᠡᠬᠦ ᠲᠥᠰᠥᠯ ᠢ ᠲᠣᠭᠲᠠᠭᠠᠵᠤ ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠣᠷᠣᠰᠢᠨ ᠰᠠᠭᠤᠬᠤ |
ᠣᠷᠴᠢᠨ ᠲᠣᠭᠤᠷᠢᠨ ᠂ ᠲᠥᠬᠦᠭᠡᠷᠦᠮᠵᠢ ᠨᠥᠬᠦᠴᠡᠯ ᠂ ᠦᠢᠯᠡᠴᠢᠯᠡᠭᠡᠨ ᠤ ᠴᠢᠳᠠᠮᠵᠢ ᠪᠠ ᠰᠣᠶᠣᠯ ᠤᠨ ᠥᠷᠲᠡᠭ ᠢ |
ᠦᠷᠭᠦᠯᠵᠢᠯᠡᠨ ᠳᠡᠭᠡᠭᠰᠢᠯᠡᠭᠦᠯᠦᠨ᠎ᠡ ᠃ |
︵ᠭᠤᠷᠪᠠ︶ ᠪᠦᠷᠢᠨ ᠪᠦᠲᠦᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠥᠷᠨᠢᠭᠦᠯᠦᠨ᠎ᠡ ᠃ ᠨᠡᠶᠢᠭᠡᠮ |
ᠲᠣᠭᠤᠷᠢᠭ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠂ ᠠᠷᠠᠳ ᠲᠤ ᠳᠥᠭᠦᠮ |
ᠦᠵᠡᠭᠦᠯᠭᠦ ᠬᠤᠳᠠᠯᠳᠤᠭᠠᠨ ᠤ ᠦᠢᠯᠡᠴᠢᠯᠡᠭᠡᠨ ᠤ ᠲᠥᠬᠦᠭᠡᠷᠦᠮᠵᠢ ᠂ ᠣᠯᠠᠨ ᠨᠡᠶᠢᠲᠡ ᠶᠢᠨ ᠠᠵᠢᠯᠯᠠᠭᠠᠨ ᠤ ᠲᠠᠯᠠᠪᠤᠷ |
ᠵᠡᠷᠭᠡ ᠶᠢ ᠲᠡᠭᠦᠯᠳᠡᠷᠵᠢᠭᠦᠯᠵᠦ ᠂ ᠠᠮᠤᠷ ᠲᠦᠪᠰᠢᠨ ᠡᠷᠡᠭᠦᠯ ᠮᠡᠨᠳᠦ ᠂ ᠲᠥᠬᠦᠭᠡᠷᠦᠮᠵᠢ ᠪᠦᠷᠢᠨ ᠲᠡᠭᠦᠯᠳᠡᠷ ᠂ |
ᠬᠠᠮᠢᠶᠠᠷᠤᠯᠲᠠ ᠡᠮᠬᠢ ᠵᠢᠷᠤᠮ ᠲᠠᠢ ᠪᠦᠷᠢᠨ ᠪᠦᠲᠦᠨ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠵᠤ ᠂ ᠬᠤᠲᠠ ᠶᠢᠨ |
ᠨᠢᠭᠡ ᠮᠥᠴᠡ ᠶᠢᠨ ᠠᠷᠠᠳ ᠲᠤ ᠳᠥᠭᠦᠮ ᠦᠵᠡᠭᠦᠯᠭᠦ ᠠᠮᠢᠳᠤᠷᠠᠯ ᠤᠨ ᠲᠣᠭᠤᠷᠢᠭ ᠢ ᠴᠣᠭᠴᠠᠯᠠᠨ ᠪᠠᠶᠢᠭᠤᠯᠤᠨ᠎ᠠ ᠃ |
ᠬᠤᠲᠠ ᠶᠢᠨ ᠨᠡᠶᠢᠭᠡᠮ ᠲᠣᠭᠤᠷᠢᠭ ᠤᠨ ᠰᠢᠭᠢᠳᠭᠡᠯᠳᠦ ᠮᠠᠶ᠋ᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ |
ᠪᠠᠶᠢᠭᠤᠯᠤᠯᠲᠠ ᠶᠢ ᠥᠷᠨᠢᠭᠦᠯᠵᠦ ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠯᠠᠨ |
ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠨ ᠂ ᠶᠡᠷᠦᠩᠬᠡᠶᠢᠯᠡᠭᠰᠡᠨ |
ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠎ᠡ ᠃ ᠰᠠᠭᠤᠭᠠᠯᠢ ᠠᠷᠠᠳ ᠂ |
ᠲᠥᠯᠥᠪᠵᠢᠭᠦᠯᠦᠭᠴᠢ ᠂ ᠵᠢᠷᠤᠭ ᠲᠥᠯᠥᠪᠯᠡᠭᠴᠢ ᠵᠡᠷᠭᠡ ᠶᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ |
ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ ᠃ |
︵ᠳᠥᠷᠪᠡ︶ ᠬᠠᠭᠤᠴᠢᠨ ᠵᠡᠭᠡᠯᠢ ᠲᠣᠭᠤᠷᠢᠭ ᠂ ᠬᠠᠭᠤᠴᠢᠨ ᠦᠢᠯᠡᠳᠪᠦᠷᠢ ᠶᠢᠨ ᠲᠣᠭᠤᠷᠢᠭ ᠂ ᠬᠤᠲᠠᠨ |
ᠳᠤᠮᠳᠠᠬᠢ ᠲᠣᠰᠬᠤᠨ ᠵᠡᠷᠭᠡ ᠶᠢ ᠰᠢᠨᠡᠳᠬᠡᠨ ᠥᠭᠡᠷᠡᠴᠢᠯᠡᠬᠦ ᠶᠢ ᠠᠬᠢᠭᠤᠯᠤᠨ᠎ᠠ ᠃ ᠬᠠᠭᠤᠴᠢᠨ ᠵᠡᠭᠡᠯᠢ ᠲᠣᠭᠤᠷᠢᠭ ᠤᠨ |
ᠴᠢᠳᠠᠪᠬᠢ ᠶᠢ ᠬᠤᠪᠢᠷᠠᠭᠤᠯᠬᠤ ᠂ ᠡᠵᠡᠩᠨᠡᠯᠲᠡ ᠶᠢᠨ ᠭᠡᠯᠪᠡᠷᠢ ᠶᠢ ᠲᠡᠰ ᠳᠡᠪᠰᠢᠭᠦᠯᠬᠦ ᠂ ᠠᠮᠢᠵᠢᠷᠠᠯ ᠤᠨ ᠬᠦᠴᠦᠨ ᠢ |
ᠳᠡᠭᠡᠭᠰᠢᠯᠡᠭᠦᠯᠭᠦ ᠶᠢ ᠠᠬᠢᠭᠤᠯᠵᠤ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠨᠢᠭᠡ ᠪᠦᠯᠦᠭ |
ᠠᠮᠢᠵᠢᠷᠠᠯ ᠤᠨ ᠬᠦᠴᠦᠨ ᠲᠠᠢ ᠵᠡᠭᠡᠯᠢ ᠲᠣᠭᠤᠷᠢᠭ ᠢ ᠪᠠᠶᠢᠭᠤᠯᠤᠨ᠎ᠠ ᠃ ᠬᠤᠳᠠᠯᠳᠤᠭᠠᠨ ᠤ ᠶᠠᠪᠠᠭᠠᠨ ᠵᠡᠭᠡᠯᠢ ᠪᠠ |
ᠬᠠᠭᠤᠴᠢᠨ ᠬᠤᠳᠠᠯᠳᠤᠭᠠᠨ ᠤ ᠵᠡᠭᠡᠯᠢ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠵᠦ ᠂ ᠢᠵᠢ ᠪᠦᠷᠢᠳᠦᠭᠦᠯᠬᠦ |
ᠲᠥᠬᠦᠭᠡᠷᠦᠮᠵᠢ ᠶᠢ ᠲᠡᠭᠦᠯᠳᠡᠷᠵᠢᠭᠦᠯᠦᠨ ᠂ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠵᠦ ᠂ |
ᠣᠯᠠᠨ ᠨᠡᠶᠢᠲᠡ ᠶᠢᠨ ᠣᠷᠣᠨ ᠵᠠᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠂ ᠬᠤᠳᠠᠯᠳᠤᠭᠠᠨ ᠤ ᠡᠵᠡᠩᠨᠡᠯᠲᠡ ᠶᠢᠨ |
ᠭᠡᠯᠪᠡᠷᠢ ᠪᠠᠶᠢᠳᠠᠯ ᠢ ᠪᠠᠶᠠᠯᠢᠭᠵᠢᠭᠤᠯᠵᠤ ᠂ ᠬᠡᠷᠡᠭᠯᠡᠭᠡ ᠶᠢᠨ ᠠᠬᠤᠢ ᠪᠠᠶᠢᠳᠠᠯ ᠢ ᠰᠢᠨᠡᠴᠢᠯᠡᠵᠦ ᠂ ᠰᠣᠶᠣᠯ |
ᠵᠢᠭᠤᠯᠴᠢᠯᠠᠯ ᠤᠨ ᠠᠵᠤ ᠦᠢᠯᠡᠰ ᠢᠶᠠᠷ ᠬᠤᠲᠠ ᠶᠢᠨ ᠰᠢᠨᠡᠴᠢᠯᠡᠯᠲᠡ ᠳᠤ ᠬᠦᠴᠦᠨ ᠨᠡᠮᠡᠷᠢᠯᠡᠬᠦ ᠶᠢ ᠠᠬᠢᠭᠤᠯᠤᠨ᠎ᠠ ᠃ |
ᠬᠠᠭᠤᠴᠢᠨ ᠦᠢᠯᠡᠳᠪᠦᠷᠢ ᠶᠢᠨ ᠲᠣᠭᠤᠷᠢᠭ ᠢ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠰᠢᠨᠡᠳᠬᠡᠨ |
ᠥᠭᠡᠷᠡᠴᠢᠯᠡᠬᠦ ᠶᠢ ᠠᠬᠢᠭᠤᠯᠬᠤ ᠶᠢ ᠵᠣᠷᠢᠭᠵᠢᠭᠤᠯᠵᠤ ᠂ ᠠᠵᠤ ᠦᠢᠯᠡᠳᠪᠦᠷᠢ ᠶᠢᠨ ᠥᠪ ᠬᠥᠷᠥᠩᠭᠡ ᠶᠢ ᠬᠠᠮᠠᠭᠠᠯᠠᠨ |
ᠠᠰᠢᠭᠯᠠᠬᠤ ᠶᠢ ᠴᠢᠩᠭᠠᠳᠬᠠᠨ ᠂ ᠰᠤᠯᠠ ᠲᠠᠯᠪᠢᠭᠳᠠᠵᠤ ᠪᠠᠶᠢᠭ᠎ᠠ ᠦᠷ᠎ᠡ ᠠᠰᠢᠭ ᠢᠶᠠᠷ ᠳᠣᠣᠷ᠎ᠠ ᠦᠢᠯᠡᠳᠪᠦᠷᠢ ᠶᠢᠨ |
ᠲᠣᠭᠤᠷᠢᠭ ᠂ ᠦᠢᠯᠡᠳᠪᠦᠷᠢ ᠶᠢᠨ ᠭᠡᠷ ᠪᠠᠶᠢᠰᠢᠩ ᠪᠠ ᠲᠥᠬᠦᠭᠡᠷᠦᠮᠵᠢ ᠶᠢ ᠠᠮᠢᠳᠤᠯᠢᠭᠵᠢᠭᠤᠯᠤᠨ ᠠᠰᠢᠭᠯᠠᠵᠤ ᠂ ᠰᠢᠨ᠎ᠡ |
ᠡᠵᠡᠩᠨᠡᠯᠲᠡ ᠶᠢᠨ ᠪᠠᠶᠢᠳᠠᠯ ᠰᠢᠨ᠎ᠡ ᠴᠢᠳᠠᠮᠵᠢ ᠳᠤ ᠣᠷᠣᠭᠤᠯᠤᠨ᠎ᠠ ᠃ ᠬᠤᠲᠠᠨ ᠳᠤᠮᠳᠠᠬᠢ ᠲᠣᠰᠬᠤᠨ ᠤ |
ᠥᠭᠡᠷᠡᠴᠢᠯᠡᠯᠲᠡ ᠶᠢ ᠢᠳᠡᠪᠬᠢᠲᠡᠢ ᠪᠠᠷ ᠠᠬᠢᠭᠤᠯᠵᠤ ᠂ ᠲᠡᠦᠬᠡ ᠰᠣᠶᠣᠯ ᠤᠨ ᠳᠦᠷᠰᠦ ᠪᠠᠶᠢᠳᠠᠯ ᠢ ᠬᠠᠮᠠᠭᠠᠯᠠᠬᠤ |
ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ ᠂ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠦᠭᠡᠢ ᠂ ︽ |
ᠨᠢᠭᠡ ᠲᠣᠰᠬᠤᠨ ᠳᠤ ᠨᠢᠭᠡ ᠲᠥᠷᠥ ᠶᠢᠨ ᠪᠣᠳᠣᠯᠭ᠎ᠠ︾ ᠠᠪᠤᠨ ᠨᠤᠷᠠᠭᠠᠵᠤ ᠰᠢᠨ᠎ᠡ ᠪᠠᠷ ᠪᠠᠶᠢᠭᠤᠯᠬᠤ ᠂ ᠴᠡᠭᠴᠡᠯᠡᠨ |
ᠵᠠᠰᠠᠵᠤ ᠳᠡᠭᠡᠭᠰᠢᠯᠡᠭᠦᠯᠭᠦ ᠂ ᠨᠤᠷᠠᠭᠠᠵᠤ ᠴᠡᠭᠴᠡᠯᠡᠬᠦ ᠶᠢ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠥᠭᠡᠷᠡᠴᠢᠯᠡᠨ |
ᠪᠠᠶᠢᠭᠤᠯᠵᠤ ᠂ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠢ ᠦᠨᠡᠨ ᠬᠦ ᠠᠷᠢᠯᠭᠠᠨ ᠂ ᠣᠷᠣᠰᠢᠨ ᠰᠠᠭᠤᠬᠤ |
ᠨᠥᠬᠦᠴᠡᠯ ᠪᠣᠯᠣᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ ᠃ ᠣᠯᠠᠨ ᠲᠦᠮᠡᠨ ᠤ ᠥᠭᠡᠷᠡᠴᠢᠯᠡᠨ |
ᠰᠢᠨᠡᠳᠬᠡᠬᠦ ᠬᠦᠰᠡᠯ ᠡᠷᠡᠮᠡᠯᠵᠡᠯ ᠢᠶᠠᠷ ᠴᠢᠩᠭ᠎ᠠ ᠂ ᠬᠤᠲᠠ ᠶᠢᠨ ᠪᠡᠯᠡ ᠮᠥᠩᠭᠦ ᠶᠢᠨ ᠴᠢᠳᠠᠪᠤᠷᠢ ᠲᠡᠩᠴᠡᠭᠦᠷᠢᠲᠡᠢ ᠂ |
ᠲᠠᠲᠠᠪᠤᠷᠢᠯᠠᠬᠤ ᠨᠥᠬᠦᠪᠦᠷᠢᠯᠡᠬᠦ ᠲᠥᠰᠥᠯ ᠪᠣᠯᠪᠠᠰᠤᠷᠠᠩᠭᠤᠢ ᠪᠠᠶᠢᠳᠠᠭ ᠬᠤᠲᠠᠨ ᠳᠤᠮᠳᠠᠬᠢ ᠲᠣᠰᠬᠤᠨ ᠤ ᠥᠭᠡᠷᠡᠴᠢᠯᠡᠨ |
ᠰᠢᠨᠡᠳᠬᠡᠬᠦ ᠲᠥᠷᠥᠯ ᠵᠦᠢᠯ ᠢ ᠲᠦᠷᠭᠡᠨ ᠬᠡᠷᠡᠭᠵᠢᠭᠦᠯᠦᠨ᠎ᠡ ᠃ ᠬᠠᠭᠤᠴᠢᠨ ᠭᠠᠯᠲᠤ ᠲᠡᠷᠭᠡᠨ ᠥᠷᠲᠡᠭᠡ ᠪᠣᠯᠣᠨ |
ᠡᠷᠭᠢᠨ ᠲᠣᠭᠤᠷᠢᠨ ᠤ ᠬᠠᠭᠤᠴᠢᠨ ᠵᠡᠭᠡᠯᠢ ᠲᠣᠭᠤᠷᠢᠭ ᠢ ᠨᠢᠭᠡᠳᠦᠯᠲᠡᠢ ᠲᠥᠯᠥᠪᠵᠢᠭᠦᠯᠦᠨ ᠰᠢᠨᠡᠳᠬᠡᠨ |
ᠥᠭᠡᠷᠡᠴᠢᠯᠡᠬᠦ ᠶᠢ ᠠᠬᠢᠭᠤᠯᠤᠨ᠎ᠠ ᠃ |
︵ᠲᠠᠪᠤ︶ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠦᠨ᠎ᠡ ᠃ ᠣᠯᠠᠨ ᠱᠠᠲᠤ ᠳᠠᠪᠬᠤᠷᠭ᠎ᠠ ᠲᠠᠢ ᠂ ᠪᠦᠭᠦᠨ ᠢ |
ᠬᠠᠮᠤᠷᠤᠭᠰᠠᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠣᠷ ᠢ ᠪᠠᠶᠢᠭᠤᠯᠤᠨ ᠪᠦᠷᠢᠨᠰᠢᠭᠦᠯᠵᠦ ᠂ ᠦᠯᠡᠳᠡᠭᠡᠯ ᠰᠤᠯᠠ |
ᠲᠠᠯᠪᠢᠭᠳᠠᠵᠤ ᠪᠠᠶᠢᠭ᠎ᠠ ᠭᠡᠷ ᠪᠠᠶᠢᠰᠢᠩ ᠪᠠ ᠦᠷ᠎ᠡ ᠠᠰᠢᠭ ᠢᠶᠠᠷ ᠳᠣᠣᠷ᠎ᠠ ᠬᠡᠷᠡᠭᠯᠡᠬᠦ ᠭᠠᠵᠠᠷ ᠢ ᠭᠦᠢᠴᠡᠳ ᠠᠰᠢᠭᠯᠠᠨ ᠂ |
ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ |
ᠳᠤᠲᠠᠭᠤᠳᠠᠯ ᠢ ᠤᠷᠢᠳ ᠢᠶᠠᠷ ᠨᠥᠬᠦᠪᠦᠷᠢᠯᠡᠵᠦ ᠂ ᠠᠷᠠᠳ ᠣᠯᠠᠨ ᠤ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ |
ᠵᠦᠢ ᠵᠣᠬᠢᠰᠲᠠᠢ ᠬᠠᠩᠭᠠᠨ᠎ᠠ ᠃ ︽ᠡᠩ ᠤᠨ ᠦᠶ᠎ᠡ ᠪᠠ ᠪᠠᠴᠢᠮ ᠦᠶ᠎ᠡ ᠶᠢᠨ ᠬᠤᠶᠠᠷ ᠬᠡᠷᠡᠭᠴᠡᠭᠡᠲᠦ︾ ᠣᠯᠠᠨ |
ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠯᠠᠪᠳᠠᠭᠤᠨ ᠠᠬᠢᠭᠤᠯᠤᠨ᠎ᠠ ᠃ |
ᠬᠤᠲᠠ ᠶᠢᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ ᠂ |
ᠲᠦᠷ ᠴᠠᠭ ᠲᠥᠪᠬᠢᠨᠡᠭᠦᠯᠬᠦ ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢᠨ ᠪᠠᠲᠤᠯᠠᠭ᠎ᠠ ᠶᠢ |
ᠴᠢᠩᠭᠠᠳᠬᠠᠨ᠎ᠠ ᠃ ᠨᠠᠰᠤᠲᠠᠶᠢᠴᠤᠳ ᠲᠤ ᠲᠣᠬᠢᠷᠠᠬᠤ ᠂ ᠬᠡᠦᠬᠡᠳ ᠤᠳ ᠲᠤ ᠲᠣᠬᠢᠷᠠᠬᠤ ᠥᠭᠡᠷᠡᠴᠢᠯᠡᠯᠲᠡ ᠶᠢ |
ᠠᠬᠢᠭᠤᠯᠵᠤ ᠂ ᠣᠯᠠᠨ ᠨᠡᠶᠢᠲᠡ ᠶᠢᠨ ᠲᠠᠯᠠᠪᠤᠷ ᠤᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ |
ᠪᠠᠶᠢᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠨ᠎ᠡ ᠃ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ |
ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠂ ᠲᠦᠭᠡᠮᠡᠯ |
ᠬᠠᠷᠠᠭᠠᠯᠵᠠᠯᠲᠤ ᠭᠡᠯᠪᠡᠷᠢ ᠶᠢᠨ ᠂ ᠣᠯᠠᠨ ᠶᠠᠩᠵᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ |
ᠬᠥᠭᠵᠢᠭᠦᠯᠦᠨ᠎ᠡ ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠯᠠᠨ ᠲᠦᠮᠡᠨ ᠤ ᠳᠡᠷᠭᠡᠳᠡᠬᠢ |
ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠭᠠᠵᠠᠷ ᠲᠠᠯᠠᠪᠠᠶ ᠶᠢᠨ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ |
ᠥᠭᠡᠷᠡᠴᠢᠯᠡᠨ᠎ᠡ ᠃ ᠬᠡᠷᠡᠭᠯᠡᠭᠡᠨ ᠤ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠲᠡᠰ ᠳᠡᠪᠰᠢᠭᠦᠯᠬᠦ ᠶᠢ ᠠᠬᠢᠭᠤᠯᠤᠨ᠎ᠠ ᠃ |
ᠬᠤᠳᠠ ᠶᠢᠨ ᠤᠯᠠᠨ ᠨᠡᠶᠢᠲᠡ ᠶᠢᠨ ᠣᠷᠣᠨ ᠵᠠᠢ ᠶᠢ ᠢᠳᠡᠪᠬᠢᠲᠡᠢ ᠥᠷᠭᠡᠳᠬᠡᠵᠦ ᠂ ᠰᠢᠨ᠎ᠡ ᠮᠠᠶ᠋ᠢᠭ ᠤᠨ ᠤᠯᠠᠨ |
ᠨᠡᠶᠢᠲᠡ ᠶᠢᠨ ᠰᠣᠶᠣᠯ ᠤᠨ ᠣᠷᠣᠨ ᠵᠠᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠎ᠠ ᠃ |
︵ᠵᠢᠷᠭᠤᠭ᠎ᠠ︶ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ |
ᠴᠢᠩᠭᠠᠳᠬᠠᠨ᠎ᠠ ᠃ ᠬᠤᠲᠠ ᠶᠢᠨ ᠰᠠᠭᠤᠷᠢ ᠲᠥᠬᠦᠭᠡᠷᠦᠮᠵᠢ ᠶᠢᠨ ᠲᠦᠭᠰᠢᠭᠦᠷᠢ ᠳᠠᠯᠳᠠ ᠭᠡᠮ ᠢ ᠪᠦᠭᠦ ᠲᠠᠯ᠎ᠠ ᠪᠠᠷ |
ᠵᠢᠭᠰᠠᠭᠠᠨ ᠪᠠᠶᠢᠴᠠᠭᠠᠨ᠎ᠠ ᠃ ᠭᠠᠵᠠᠷ ᠳᠣᠣᠷᠠᠬᠢ ᠣᠷᠣᠨ ᠵᠠᠢ ᠶᠢ ᠨᠢᠭᠡᠳᠦᠯᠲᠡᠢ ᠲᠥᠯᠥᠪᠵᠢᠭᠦᠯᠦᠨ ᠨᠡᠭᠡᠭᠡᠨ |
ᠬᠥᠭᠵᠢᠭᠦᠯᠬᠦ ᠪᠠ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠎ᠠ ᠃ ᠬᠤᠲᠠ ᠶᠢᠨ ᠰᠢᠲᠠᠮᠠᠬᠠᠢ ᠬᠡᠢ ᠂ ᠤᠰᠤ |
ᠬᠠᠩᠭᠠᠬᠤ ᠂ ᠤᠰᠤ ᠭᠠᠳᠠᠭᠰᠢᠯᠠᠭᠤᠯᠬᠤ ᠂ ᠪᠣᠬᠢᠷ ᠤᠰᠤ ᠂ ᠢᠯᠴᠢ ᠬᠠᠩᠭᠠᠬᠤ ᠵᠡᠷᠭᠡ ᠭᠠᠵᠠᠷ ᠳᠣᠣᠷᠠᠬᠢ ᠬᠤᠭᠤᠯᠠᠢ |
ᠤᠲᠠᠰᠤ ᠬᠤᠭᠤᠯᠠᠢ ᠲᠣᠣᠷ ᠪᠣᠯᠣᠨ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠶᠢᠨ ᠬᠤᠩᠭᠢᠯ ᠤᠨ ᠪᠦᠲᠦᠭᠡᠨ |
ᠪᠠᠶᠢᠭᠤᠯᠤᠯᠲᠠ ᠥᠭᠡᠷᠡᠴᠢᠯᠡᠯᠲᠡ ᠶᠢ ᠲᠦᠷᠭᠡᠳᠬᠡᠵᠦ ᠂ ᠪᠦᠲᠦᠭᠡᠨ ᠪᠠᠶᠢᠭᠤᠯᠵᠤ ᠠᠵᠢᠯᠯᠠᠭᠤᠯᠬᠤ ᠣᠷᠳᠣ |
ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ ᠃ ᠬᠤᠲᠠ ᠶᠢᠨ ᠤᠰᠤ |
ᠬᠠᠩᠭᠠᠬᠤ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠭᠦ ᠶᠢ ᠠᠬᠢᠭᠤᠯᠵᠤ ᠂ |
ᠬᠤᠲᠠ ᠶᠢᠨ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠬᠤ ᠂ ᠰᠢᠢᠳᠪᠦᠷᠢᠯᠡᠬᠦ ᠪᠠ ᠳᠠᠭᠢᠨ ᠠᠰᠢᠭᠯᠠᠬᠤ ᠵᠢᠴᠢ |
ᠪᠣᠬᠢᠷ ᠰᠢᠪᠠᠷ ᠢ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠴᠢᠩᠭᠠᠳᠬᠠᠨ ᠂ |
ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠣᠣᠷ ᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠵᠤ |
ᠠᠵᠢᠯᠯᠠᠭᠤᠯᠬᠤ ᠲᠣᠭᠲᠠᠴᠠ ᠶᠢ ᠲᠦᠷᠭᠡᠨ ᠪᠠᠶᠢᠭᠤᠯᠤᠨ᠎ᠠ ᠃ ᠬᠤᠳᠠ ᠶᠢᠨ ᠦᠶᠡᠷ ᠢ ᠰᠡᠷᠭᠡᠶᠢᠯᠡᠬᠦ ᠪᠠ ᠤᠰᠤᠲᠤᠯ ᠢ |
ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠵᠦ ᠂ ᠬᠤᠳᠠ ᠶᠢᠨ ᠲᠣᠭᠤᠷᠢᠭ ᠤᠨ ᠤᠰᠤᠨ ᠰᠢᠰᠲ᠋ᠧᠮ ᠂ ᠤᠰᠤ |
ᠭᠠᠳᠠᠭᠰᠢᠯᠠᠭᠤᠯᠬᠤ ᠬᠤᠭᠤᠯᠠᠢ ᠶᠢᠨ ᠲᠣᠣᠷ ᠬᠢᠭᠡᠳ ᠡᠷᠭᠢᠨ ᠲᠣᠭᠤᠷᠢᠨ ᠤ ᠭᠤᠣᠯ ᠮᠥᠷᠡᠨ ᠨᠠᠭᠤᠷ ᠲᠠᠩᠭᠢᠰ ᠂ |
ᠤᠰᠤᠨ ᠴᠥᠭᠦᠷᠥᠮ ᠵᠡᠷᠭᠡ ᠶᠢ ᠬᠤᠯᠪᠤᠭᠠᠯᠠᠨ ᠵᠠᠯᠠᠵᠤ ᠬᠤᠯᠪᠤᠭᠠᠯᠠᠨ ᠲᠣᠬᠢᠷᠠᠭᠤᠯᠬᠤ ᠠᠵᠢᠯᠯᠠᠭᠠᠨ ᠤ |
ᠬᠠᠮᠢᠶᠠᠷᠤᠯᠲᠠ ᠶᠢᠨ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠵᠦ ᠂ ᠤᠰᠤ ᠵᠠᠯᠠᠵᠤ ᠤᠰᠤᠲᠤᠯ ᠢ ᠰᠡᠷᠭᠡᠶᠢᠯᠡᠬᠦ |
ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠲᠦᠷᠭᠡᠳᠬᠡᠵᠦ ᠂ ᠬᠤᠳᠠ ᠶᠢᠨ ᠦᠶᠡᠷ ᠢ |
ᠰᠡᠷᠭᠡᠶᠢᠯᠡᠵᠦ ᠤᠰᠤᠲᠤᠯ ᠢ ᠵᠠᠯᠠᠬᠤ ᠪᠦᠷᠢᠨ ᠲᠡᠭᠦᠯᠳᠡᠷ ᠰᠢᠰᠲ᠋ᠧᠮ ᠢ ᠪᠠᠶᠢᠭᠤᠯᠵᠤ ᠂ ᠪᠠᠴᠢᠮ ᠪᠠᠶᠢᠳᠠᠯ ᠢ ᠠᠷᠭᠠᠴᠠᠭᠠᠨ |
ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ ᠃ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ |
ᠲᠥᠬᠦᠭᠡᠷᠦᠮᠵᠢ ᠶᠢ ᠥᠭᠡᠷᠡᠴᠢᠯᠡᠨ ᠲᠡᠰ ᠳᠡᠪᠰᠢᠭᠦᠯᠬᠦ ᠶᠢ ᠠᠬᠢᠭᠤᠯᠤᠨ᠎ᠠ ᠃ ᠣᠯᠠᠨ ᠨᠡᠶᠢᠲᠡ ᠶᠢᠨ ᠭᠠᠯ ᠰᠡᠷᠭᠡᠶᠢᠯᠡᠬᠦ |
ᠭᠠᠯ ᠤᠨᠲᠠᠷᠠᠭᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠭᠠᠮᠰᠢᠭ ᠢ ᠰᠡᠷᠭᠡᠶᠢᠯᠡᠬᠦ |
ᠢᠨᠵᠧᠨᠧᠷᠢᠩ ᠢ ᠵᠣᠬᠢᠬᠤ ᠬᠡᠮᠵᠢᠶ᠎ᠡ ᠪᠠᠷ ᠤᠷᠢᠳᠴᠢᠯᠠᠨ ᠪᠦᠲᠦᠭᠡᠨ ᠪᠠᠶᠢᠭᠤᠯᠤᠨ᠎ᠠ ᠃ ᠬᠤᠲᠠ ᠶᠢᠨ ᠵᠠᠮ |
ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ ᠂ ᠲᠦᠷᠭᠡᠨ ᠬᠤᠷᠳᠤᠴᠠᠲᠤ ᠭᠤᠣᠯ ᠵᠠᠮ |
ᠱᠤᠭᠤᠮ ᠤᠨ ᠵᠠᠮ ᠬᠠᠷᠢᠯᠴᠠᠭ᠎ᠠ ᠂ ᠠᠮᠢᠳᠤᠷᠠᠯ ᠤᠨ ᠴᠢᠨᠠᠷᠲᠠᠢ ᠲᠥᠪᠯᠡᠷᠡᠭᠦᠯᠵᠦ ᠲᠠᠷᠬᠠᠭᠠᠬᠤ ᠵᠠᠮ ᠬᠠᠷᠢᠯᠴᠠᠭ᠎ᠠ ᠪᠣᠯᠣᠨ |
ᠪᠣᠬᠢᠷᠳᠤᠯ ᠦᠭᠡᠢ ᠤᠳᠠᠭᠠᠨ ᠶᠠᠪᠤᠬᠤ ᠵᠠᠮ ᠬᠠᠷᠢᠯᠴᠠᠭ᠎ᠠ ᠶᠢ ᠬᠥᠭᠵᠢᠭᠦᠯᠵᠦ ᠂ ᠲᠡᠷᠭᠡ ᠵᠣᠭᠰᠤᠭᠠᠬᠤ |
ᠲᠥᠬᠦᠭᠡᠷᠦᠮᠵᠢ ᠶᠢ ᠲᠦᠷᠭᠡᠨ ᠪᠦᠲᠦᠭᠡᠨ ᠪᠠᠶᠢᠭᠤᠯᠤᠨ᠎ᠠ ᠃ ᠬᠤᠲᠠ ᠶᠢᠨ ᠪᠠᠷᠠᠭ᠎ᠠ ᠲᠡᠭᠡᠭᠡᠪᠦᠷᠢᠯᠡᠬᠦ ᠲᠣᠣᠷ ᠤᠨ |
ᠲᠥᠯᠦᠪᠵᠢᠭᠦᠯᠭᠡ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ ᠂ ᠱᠠᠲᠤ ᠬᠤᠪᠢᠶᠠᠨ ᠲᠣᠬᠢᠷᠠᠭᠤᠯᠤᠨ ᠬᠦᠷᠭᠡᠬᠦ |
ᠲᠥᠬᠦᠭᠡᠷᠦᠮᠵᠢ ᠶᠢᠨ ᠰᠢᠰᠲ᠋ᠧᠮ ᠢ ᠪᠦᠷᠢᠨᠰᠢᠭᠦᠯᠦᠨ᠎ᠡ ᠃ ᠰᠢᠨ᠎ᠡ ᠭᠡᠯᠪᠡᠷᠢ ᠶᠢᠨ ᠬᠤᠲᠠ ᠶᠢᠨ ᠰᠠᠭᠤᠷᠢ |
ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵ |
BIM︶ ᠤᠨ ᠮᠡᠷᠭᠡᠵᠢᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠦᠨ ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠠᠮᠢ |
ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ ᠃ |
︵ᠳᠣᠯᠤᠭ᠎ᠠ︶ ᠬᠤᠲᠠ ᠶᠢᠨ ᠠᠮᠢ ᠠᠬᠤᠢ ᠶᠢᠨ ᠰᠢᠰᠲ᠋ᠧᠮ ᠢ ᠰᠡᠷᠭᠦᠭᠡᠨ᠎ᠡ ᠃ ᠠᠭᠤᠯᠠ ᠶᠢ ᠵᠠᠰᠠᠬᠤ ᠂ |
ᠤᠰᠤ ᠶᠢ ᠵᠠᠰᠠᠬᠤ ᠂ ᠬᠤᠲᠠ ᠶᠢ ᠵᠠᠰᠠᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ ᠂ ᠬᠤᠲᠠ ᠶᠢᠨ |
ᠠᠮᠢ ᠠᠬᠤᠢ ᠶᠢᠨ ᠰᠠᠭᠤᠷᠢ ᠲᠥᠬᠦᠭᠡᠷᠦᠮᠵᠢ ᠶᠢᠨ ᠦᠷᠭᠦᠯᠵᠢᠯᠡᠭᠰᠡᠨ ᠪᠦᠷᠢᠨ ᠪᠦᠲᠦᠨ ᠰᠢᠰᠲ᠋ᠧᠮ ᠢ ᠪᠠᠶᠢᠭᠤᠯᠤᠨ᠎ᠠ ᠃ |
ᠡᠪᠳᠡᠭᠳᠡᠭᠰᠡᠨ ᠠᠭᠤᠯᠠᠨ ᠴᠣᠭᠴᠠ ᠪᠣᠯᠣᠨ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠢ |
ᠲᠦᠷᠭᠡᠳᠬᠡᠨ ᠰᠡᠷᠭᠦᠭᠡᠨ ᠵᠠᠰᠠᠵᠤ ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠬᠡᠷᠡᠭᠲᠡᠢ ᠃ ᠬᠠᠶᠢᠮᠢᠶᠠᠨ |
ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠬᠤᠲᠠ ᠶᠢᠨ ᠨᠤᠭᠤ ᠭᠠᠵᠠᠷ ᠢ ᠬᠠᠮᠠᠭᠠᠯᠠᠨ ᠰᠡᠷᠭᠦᠭᠡᠵᠦ ᠂ |
ᠬᠤᠲᠠ ᠶᠢᠨ ᠪᠣᠬᠢᠷ ᠦᠮᠡᠬᠡᠢ ᠤᠰᠤᠨ ᠴᠣᠭᠴᠠ ᠶᠢ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠵᠦ ᠂ ᠬᠤᠲᠠ ᠶᠢᠨ |
ᠤᠰᠤ ᠰᠢᠷᠣᠢ ᠶᠢᠨ ᠢᠳᠡᠭᠳᠡᠯ ᠢ ᠵᠠᠰᠠᠬᠤ ᠪᠠ ᠠᠮᠢ ᠠᠬᠤᠢ ᠶᠢ ᠴᠡᠪᠡᠷᠰᠢᠭᠦᠯᠬᠦ ᠵᠢᠵᠢᠭ ᠰᠠᠪᠠ ᠭᠠᠵᠠᠷ ᠤᠨ ᠪᠦᠲᠦᠭᠡᠨ |
ᠪᠠᠶᠢᠭᠤᠯᠤᠯᠲᠠ ᠶᠢ ᠠᠬᠢᠭᠤᠯᠤᠨ᠎ᠠ ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ |
ᠪᠣᠬᠢᠷᠳᠤᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠰᠡᠷᠭᠦᠭᠡᠬᠦ ᠶᠢ ᠴᠢᠩᠭᠠᠳᠬᠠᠵᠤ ᠂ ᠪᠣᠬᠢᠷᠲᠤᠭᠰᠠᠨ |
ᠭᠠᠵᠠᠷ ᠢ ᠠᠮᠤᠷ ᠲᠦᠪᠰᠢᠨ ᠢᠶᠠᠷ ᠳᠠᠭᠢᠨ ᠠᠰᠢᠭᠯᠠᠬᠤ ᠶᠢ ᠦᠨᠡᠨ ᠬᠦ ᠪᠠᠲᠤᠯᠠᠨ᠎ᠠ ᠃ ᠬᠤᠲᠠ ᠶᠢᠨ ᠨᠣᠭᠤᠭᠠᠨ |
ᠬᠦᠷᠢᠶ᠎ᠡ ᠨᠣᠭᠤᠭᠠᠨ ᠬᠤᠩᠭᠢᠯ ᠨᠣᠭᠤᠭᠠᠨ ᠰᠢᠭᠠᠨᠲᠠᠭ ᠨᠣᠭᠤᠭᠠᠨ ᠵᠠᠮ ᠤᠨ ᠪᠦᠲᠦᠭᠡᠨ ᠪᠠᠶᠢᠭᠤᠯᠤᠯᠲᠠ ᠶᠢ |
ᠦᠷᠭᠦᠯᠵᠢᠯᠡᠨ ᠠᠬᠢᠭᠤᠯᠵᠤ ᠂ ᠨᠤᠲᠤᠭ ᠤᠨ ᠤᠷᠭᠤᠮᠠᠯ ᠬᠡᠷᠡᠭᠯᠡᠬᠦ ᠲᠦᠪᠰᠢᠨ ᠢ ᠳᠡᠭᠡᠭᠰᠢᠯᠡᠭᠦᠯᠦᠨ ᠂ ᠬᠤᠲᠠ ᠶᠢᠨ |
ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠵᠤ ᠂ ᠣᠯᠠᠨ ᠲᠦᠮᠡᠨ ᠤ ᠳᠡᠷᠭᠡᠳᠡᠬᠢ ᠨᠡᠶᠢᠭᠡᠮ |
ᠲᠣᠭᠤᠷᠢᠭ ᠤᠨ ᠴᠡᠴᠡᠷᠯᠢᠭ ᠪᠠ ᠬᠠᠷᠮᠠᠨ ᠴᠡᠴᠡᠷᠯᠢᠭ ᠢ ᠨᠡᠮᠡᠭᠳᠡᠭᠦᠯᠦᠨ ᠂ ᠴᠡᠴᠡᠷᠯᠢᠭ ᠤᠨ ᠵᠦᠯᠭᠡ ᠶᠢ ᠨᠡᠭᠡᠭᠡᠨ ᠬᠠᠮᠲᠤ |
ᠪᠠᠷ ᠡᠳ᠋ᠯᠡᠬᠦ ᠶᠢ ᠠᠬᠢᠭᠤᠯᠤᠨ᠎ᠠ ᠃ |
︵ᠨᠠᠢᠮᠠ︶ ᠬᠤᠲᠠ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠨ᠎ᠠ ᠃ ᠪᠦᠭᠦ ᠤᠯᠤᠰ ᠤᠨ ᠲᠡᠦᠬᠡ ᠶᠢᠨ |
ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠵᠣᠯᠭᠠᠭᠤᠯᠵᠤ ᠂ ᠬᠤᠲᠠ ᠶᠢᠨ ᠰᠣᠶᠣᠯ ᠤᠨ ᠥᠪ |
ᠬᠥᠷᠥᠩᠭᠡ ᠶᠢᠨ ᠡᠬᠢ ᠪᠠᠶᠠᠯᠢᠭ ᠤᠨ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ ᠃ ︽ᠬᠠᠭᠤᠴᠢᠨ |
ᠬᠤᠲᠠ ᠶᠢ ᠳᠠᠭᠢᠨ ᠨᠤᠷᠠᠭᠠᠵᠤ ᠪᠤᠯᠬᠤ ᠦᠭᠡᠢ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠂ ᠬᠠᠭᠤᠴᠢᠨ ᠬᠤᠲᠠ |
ᠵᠢᠴᠢ ᠲᠡᠦᠬᠡ ᠰᠣᠶᠣᠯ ᠤᠨ ᠵᠡᠭᠡᠯᠢ ᠲᠣᠭᠤᠷᠢᠭ ᠢ ᠪᠦᠭᠦ ᠲᠠᠯ᠎ᠠ ᠪᠠᠷ ᠪᠠᠶᠢᠴᠠᠭᠠᠵᠤ ᠂ ᠬᠤᠲᠠ ᠪᠠᠯᠭᠠᠰᠤ ᠶᠢᠨ |
ᠬᠠᠭᠤᠴᠢᠨ ᠰᠠᠭᠤᠭᠠᠯᠢ ᠲᠣᠭᠤᠷᠢᠭ ᠂ ᠬᠠᠭᠤᠴᠢᠨ ᠵᠡᠭᠡᠯᠢ ᠲᠣᠭᠤᠷᠢᠭ ᠂ ᠬᠠᠭᠤᠴᠢᠨ ᠦᠢᠯᠡᠳᠪᠦᠷᠢ ᠶᠢᠨ |
ᠲᠣᠭᠤᠷᠢᠭ ᠤᠨ ᠰᠣᠶᠣᠯ ᠤᠨ ᠥᠪ ᠬᠥᠷᠥᠩᠭᠡ ᠶᠢᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠲᠣᠳᠣᠷᠬᠠᠢ |
ᠣᠶᠢᠯᠠᠭᠠᠵᠤ ᠂ ᠬᠠᠮᠤᠭ ᠤᠨ ᠴᠢᠩᠭ᠎ᠠ ᠬᠠᠮᠠᠭᠠᠯᠠᠬᠤ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠨ᠎ᠠ ᠃ |
ᠰᠣᠶᠣᠯ ᠤᠨ ᠥᠪ ᠬᠥᠷᠥᠩᠭᠡ ᠶᠢᠨ ᠨᠥᠯᠥᠭᠡ ᠳᠤ ᠦᠨᠡᠯᠡᠯᠲᠡ ᠬᠢᠬᠦ ᠶᠢ ᠥᠷᠨᠢᠭᠦᠯᠵᠦ ᠂ ︽ᠤᠷᠢᠳ ᠢᠶᠠᠷ |
ᠪᠠᠶᠢᠴᠠᠭᠠᠵᠤ ᠳᠠᠷᠠᠭ᠎ᠠ ᠨᠢ ᠪᠦᠲᠦᠭᠡᠨ ᠪᠠᠶᠢᠭᠤᠯᠬᠤ︾ ᠂ ︽ᠤᠷᠢᠳ ᠢᠶᠠᠷ ᠬᠠᠭᠤᠴᠢ ᠰᠤᠳᠤᠯᠵᠤ ᠳᠠᠷᠠᠭ᠎ᠠ ᠨᠢ |
ᠰᠢᠯᠵᠢᠭᠦᠯᠦᠨ ᠥᠭᠬᠦ︾ ᠬᠠᠮᠠᠭᠠᠯᠠᠯᠲᠠ ᠶᠢᠨ ᠤᠷᠢᠳᠠᠴᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ |
ᠬᠠᠭᠤᠴᠢᠨ ᠭᠡᠷ ᠪᠠᠶᠢᠰᠢᠩ ᠢ ᠨᠤᠷᠠᠭᠠᠬᠤ ᠬᠠᠮᠢᠶᠠᠷᠤᠯᠲᠠ ᠶᠢ ᠴᠢᠩᠭᠠᠳᠬᠠᠨ ᠂ ᠬᠠᠮᠠᠭᠠᠯᠠᠬᠤ ᠦᠨ᠎ᠡ ᠥᠷᠲᠡᠭ ᠲᠠᠢ |
ᠬᠠᠭᠤᠴᠢᠨ ᠪᠠᠷᠢᠯᠭ᠎ᠠ ᠂ ᠡᠷᠲᠡᠨ ᠤ ᠠᠷᠠᠳ ᠤᠨ ᠣᠷᠣᠨ ᠰᠠᠭᠤᠴᠠ ᠶᠢ ᠳᠤᠷ᠎ᠠ ᠪᠠᠷ ᠢᠶᠠᠨ ᠨᠤᠷᠠᠭᠠᠬᠤ ᠦᠭᠡᠢ ᠪᠠᠶᠢᠵᠤ ᠂ |
ᠦᠨᠡᠨ ᠨᠤᠷᠠᠭᠠᠵᠤ ᠬᠠᠭᠤᠷᠮᠠᠭ ᠢᠶᠠᠷ ᠪᠠᠶᠢᠭᠤᠯᠬᠤ ᠶᠢ ᠴᠠᠭᠠᠵᠠᠯᠠᠨ᠎ᠠ ᠃ ᠰᠠᠭᠤᠭᠠᠯᠢ ᠠᠷᠠᠳ ᠢᠶᠠᠷ ᠭᠤᠣᠯ ᠴᠣᠭᠴᠠ |
ᠪᠤᠯᠭᠠᠬᠰᠠᠨ ᠬᠠᠮᠠᠭᠠᠯᠠᠵᠤ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠂ ᠲᠡᠦᠬᠡ ᠰᠣᠶᠣᠯ ᠤᠨ ᠵᠡᠭᠡᠯᠢ ᠲᠣᠭᠤᠷᠢᠭ ᠢ |
ᠰᠡᠷᠭᠦᠭᠡᠬᠦ ᠪᠠ ᠰᠢᠯᠵᠢᠭᠦᠯᠵᠦ ᠪᠤᠯᠬᠤ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠂ ᠲᠡᠦᠬᠡ ᠶᠢᠨ ᠪᠠᠷᠢᠯᠭ᠎ᠠ ᠶᠢ |
ᠰᠡᠯᠪᠢᠨ ᠵᠠᠰᠠᠬᠤ ᠶᠢ ᠠᠬᠢᠭᠤᠯᠵᠤ ᠂ ᠰᠣᠶᠣᠯ ᠤᠨ ᠥᠪ ᠢ ᠵᠦᠢ ᠵᠣᠬᠢᠰᠲᠠᠢ ᠠᠰᠢᠭᠯᠠᠬᠤ ᠠᠷᠭ᠎ᠠ ᠵᠠᠮ ᠢ |
ᠰᠦᠪᠡᠭᠴᠢᠯᠡᠨ᠎ᠡ ᠃ ᠴᠢᠬᠤᠯᠠ ᠲᠡᠦᠬᠡ ᠰᠣᠶᠣᠯ ᠤᠨ ᠦᠨ᠎ᠡ ᠥᠷᠲᠡᠭ ᠲᠠᠢ ᠂ ᠳᠤᠮᠳᠠᠳᠤ ᠶᠢᠨ ᠲᠡᠦᠬᠡ ᠰᠣᠶᠣᠯ ᠤᠨ |
ᠰᠤᠳᠠᠰᠤ ᠶᠢ ᠢᠯᠡᠷᠡᠭᠦᠯᠦᠭᠰᠡᠨ ᠭᠠᠵᠠᠷ ᠤᠨ ᠨᠡᠷ᠎ᠡ ᠶᠢ ᠬᠠᠮᠠᠭᠠᠯᠠᠵᠤ ᠂ ᠵᠢᠷᠤᠮᠵᠢᠯ ᠦᠭᠡᠢ ᠭᠠᠵᠠᠷ ᠤᠨ ᠨᠡᠷ᠎ᠡ ᠶᠢ |
ᠵᠣᠬᠢᠰᠲᠠᠢ ᠪᠠᠷ ᠴᠡᠭᠴᠡᠯᠡᠨ᠎ᠡ ᠃ ᠬᠤᠲᠠ ᠶᠢᠨ ᠰᠢᠨᠡᠳᠬᠡᠭᠰᠡᠨ ᠭᠤᠣᠯᠳᠠᠯᠭ᠎ᠠ ᠲᠠᠢ ᠭᠠᠵᠠᠷ ᠣᠷᠣᠨ ᠂ ᠴᠢᠬᠤᠯᠠ ᠭᠠᠵᠠᠷ |
ᠣᠷᠣᠨ ᠤ ᠳᠦᠷᠰᠦ ᠪᠠᠶᠢᠳᠠᠯ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ ᠂ ᠭᠡᠲᠦ ᠶᠡᠭᠡ ᠬᠡᠮᠵᠢᠶᠡᠨ ᠤ ᠣᠯᠠᠨ |
ᠨᠡᠶᠢᠲᠡ ᠶᠢᠨ ᠪᠠᠷᠢᠯᠭ᠎ᠠ ᠂ ᠭᠡᠲᠦ ᠥᠨᠳᠥᠷ ᠳᠠᠪᠬᠤᠷᠭᠠᠲᠤ ᠪᠠᠷᠢᠯᠭ᠎ᠠ ᠶᠢ ᠴᠢᠩᠭ᠎ᠠ ᠬᠠᠮᠢᠶᠠᠷᠤᠨ᠎ᠠ ᠃ |
ᠭᠤᠷᠪᠠ ᠂ ᠲᠤᠯᠭᠠᠭᠤᠷᠢᠯᠠᠯ ᠪᠠᠲᠤᠯᠠᠭ᠎ᠠ ᠶᠢ ᠴᠢᠩᠭᠠᠳᠬᠠᠨ᠎ᠠ |
︵ᠨᠢᠭᠡ︶ ᠬᠤᠲᠠ ᠶᠢ ᠰᠢᠨᠡᠳᠬᠡᠬᠦ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ |
ᠬᠡᠷᠡᠭᠴᠡᠭᠡ ᠪᠠᠷ ᠤᠳᠤᠷᠢᠳᠤᠮᠵᠢ ᠪᠤᠯᠭᠠᠬᠰᠠᠨ ᠂ ᠲᠥᠷᠥᠯ ᠵᠦᠢᠯ ᠢᠶᠠᠷ ᠬᠥᠲᠥᠯᠥᠮᠵᠢ ᠪᠤᠯᠭᠠᠬᠰᠠᠨ ᠬᠤᠲᠠ ᠶᠢ |
ᠰᠢᠨᠡᠳᠬᠡᠬᠦ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠪᠠ ᠲᠡᠭᠦᠯᠳᠡᠷᠵᠢᠭᠦᠯᠦᠨ᠎ᠡ ᠃ ᠬᠤᠲᠠ ᠶᠢᠨ ᠪᠡᠶ᠎ᠡ ᠶᠢᠨ |
ᠪᠠᠶᠢᠴᠠᠭᠠᠯᠲᠠ ᠶᠢ ᠦᠨᠡᠯᠡᠨ ᠵᠢᠱᠢᠬᠦ ᠶᠢ ᠪᠦᠭᠦ ᠲᠠᠯ᠎ᠠ ᠪᠠᠷ ᠥᠷᠨᠢᠭᠦᠯᠵᠦ ᠂ ᠠᠰᠠᠭᠤᠳᠠᠯ ᠢ ᠢᠯᠡᠷᠡᠭᠦᠯᠬᠦ ᠂ ᠠᠰᠠᠭᠤᠳᠠᠯ ᠢ |
ᠰᠢᠢᠳᠪᠦᠷᠢᠯᠡᠬᠦ ᠂ ᠦᠷ᠎ᠡ ᠪᠦᠲᠦᠮᠵᠢ ᠶᠢ ᠦᠨᠡᠯᠡᠨ ᠵᠢᠱᠢᠬᠦ ᠂ ᠪᠠᠬᠢᠵᠢᠭᠦᠯᠦᠨ ᠳᠡᠭᠡᠭᠰᠢᠯᠡᠭᠦᠯᠭᠦ ᠠᠵᠢᠯ ᠤᠨ ᠠᠷᠭ᠎ᠠ |
ᠵᠠᠮ ᠢ ᠪᠠᠶᠢᠭᠤᠯᠤᠨ᠎ᠠ ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠦᠨᠳᠦᠰᠦᠯᠡᠨ ᠂ |
ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠦᠨᠡᠯᠡᠨ ᠵᠢᠱᠢᠭᠰᠡᠨ ᠦᠷ᠎ᠡ ᠳ᠋ᠦᠩ ᠲᠠᠢ ᠤᠶᠠᠯᠳᠤᠭᠤᠯᠵᠤ ᠂ |
ᠬᠤᠲᠠ ᠶᠢᠨ ᠰᠢᠨᠡᠳᠬᠡᠬᠦ ᠲᠤᠰᠬᠠᠢ ᠲᠦᠷᠦᠯ ᠤᠨ ᠲᠥᠯᠦᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ ᠂ ᠬᠤᠲᠠ ᠶᠢᠨ |
ᠰᠢᠨᠡᠳᠬᠡᠬᠦ ᠠᠵᠢᠯᠯᠠᠭᠠᠨ ᠤ ᠬᠠᠷᠠᠯᠲᠠ ᠂ ᠭᠤᠣᠯᠳᠠᠯᠭ᠎ᠠ ᠲᠠᠢ ᠡᠭᠦᠷᠭᠡ ᠂ ᠪᠦᠲᠦᠭᠡᠨ ᠪᠠᠶᠢᠭᠤᠯᠤᠯᠲᠠ ᠶᠢᠨ ᠲᠥᠷᠥᠯ |
ᠵᠦᠢᠯ ᠪᠣᠯᠣᠨ ᠬᠡᠷᠡᠭᠵᠢᠭᠦᠯᠬᠦ ᠴᠠᠭ ᠤᠨ ᠳᠠᠷᠠᠭᠠᠯᠠᠯ ᠢ ᠲᠣᠭᠲᠠᠭᠠᠨ ᠂ ︽ᠲᠤᠰᠬᠠᠢ ᠲᠦᠷᠦᠯ ᠤᠨ ᠲᠥᠯᠦᠪᠵᠢᠭᠦᠯᠭᠡ — |
ᠬᠡᠰᠡᠭ ᠣᠷᠣᠨ ᠤ ᠤᠬᠠᠭᠠᠯᠠᠯ ᠲᠥᠰᠥᠪᠯᠡᠯ — ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ᠤᠨ |
ᠲᠥᠯᠥᠪᠵᠢᠭᠦᠯᠦᠨ ᠬᠡᠷᠡᠭᠵᠢᠭᠦᠯᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ ᠃ ᠬᠤᠲᠠ ᠶᠢᠨ ᠵᠢᠷᠤᠭ |
ᠲᠥᠯᠥᠪᠯᠡᠭᠡ ᠶᠢᠨ ᠬᠤᠲᠠ ᠶᠢᠨ ᠰᠢᠨᠡᠳᠬᠡᠬᠦ ᠲᠥᠷᠥᠯ ᠵᠦᠢᠯ ᠤᠨ ᠬᠡᠷᠡᠭᠵᠢᠭᠦᠯᠦᠯᠲᠡ ᠳᠠᠬᠢ ᠬᠥᠲᠥᠯᠥᠨ ᠵᠢᠯᠤᠭᠤᠳᠬᠤ |
ᠦᠢᠯᠡᠳᠦᠯ ᠢ ᠴᠢᠩᠭᠠᠷᠠᠭᠤᠯᠵᠤ ᠂ ᠭᠡᠷ ᠪᠠᠶᠢᠰᠢᠩ ᠂ ᠰᠠᠭᠤᠭᠠᠯᠢ ᠠᠷᠠᠳ ᠤᠨ ᠲᠣᠭᠤᠷᠢᠭ ᠂ ᠨᠡᠶᠢᠭᠡᠮ ᠲᠣᠭᠤᠷᠢᠭ ᠂ |
ᠬᠤᠲᠠ ᠶᠢᠨ ᠲᠣᠭᠤᠷᠢᠭ ᠂ ᠬᠤᠲᠠ ᠵᠡᠷᠭᠡ ᠠᠳᠠᠯᠢ ᠪᠤᠰᠤ ᠭᠡᠮᠵᠢᠶᠡᠷᠢᠯᠡᠯ ᠤᠨ ᠵᠢᠷᠤᠭ ᠲᠥᠯᠥᠪᠯᠡᠭᠡ ᠶᠢᠨ |
ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠎ᠠ ᠃ ᠬᠤᠲᠠ ᠶᠢᠨ ᠰᠢᠨᠡᠳᠬᠡᠬᠦ ᠳᠤ ᠵᠣᠬᠢᠴᠠᠭᠰᠠᠨ |
ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠬᠠᠮᠢᠶᠠᠷᠤᠯᠲᠠ ᠶᠢᠨ |
ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ ᠃ |
︵ᠬᠤᠶᠠᠷ︶ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ ᠃ ︽ᠲᠥᠷᠥᠯ ᠵᠦᠢᠯ ᠨᠢ |
ᠲᠥᠯᠦᠪᠵᠢᠭᠦᠯᠭᠡ ᠶᠢ ᠳᠠᠭᠠᠬᠤ ᠂ ᠭᠠᠵᠠᠷ ᠰᠢᠷᠣᠢ ᠶᠢᠨ ᠬᠦᠴᠦᠨ ᠵᠦᠢᠯ ᠨᠢ ᠲᠥᠷᠥᠯ ᠵᠦᠢᠯ ᠢ ᠳᠠᠭᠠᠬᠤ︾ ᠶᠢ |
ᠪᠠᠷᠢᠮᠲᠠᠯᠠᠵᠤ ᠂ ᠭᠠᠵᠠᠷ ᠰᠢᠷᠣᠢ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ ᠂ ᠪᠦᠭᠦ ᠣᠷᠣᠨ ᠪᠦᠰᠡ ᠪᠦᠭᠦ ᠲᠥᠷᠥᠯ |
ᠭᠡᠯᠪᠡᠷᠢ ᠶᠢ ᠬᠠᠮᠤᠷᠤᠭᠰᠠᠨ ᠂ ᠨᠢᠭᠡᠳᠦᠯᠲᠡᠢ ᠵᠣᠯᠭᠠᠭᠤᠯᠤᠭᠰᠠᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ |
ᠬᠡᠷᠡᠭᠴᠡᠭᠡ ᠶᠢᠨ ᠬᠠᠮᠢᠶᠠᠷᠤᠯᠲᠠ ᠪᠠ ᠲᠥᠯᠦᠪᠵᠢᠭᠦᠯᠭᠡ ᠶᠢᠨ ᠵᠥᠪᠰᠢᠶᠡᠷᠡᠯ ᠤᠨ ᠳᠦᠷᠢᠮ ᠢ ᠲᠣᠭᠲᠠᠭᠠᠨ |
ᠪᠦᠷᠢᠨᠰᠢᠭᠦᠯᠵᠦ ᠂ ᠰᠢᠨ᠎ᠡ ᠪᠠᠷ ᠨᠡᠮᠡᠭᠳᠡᠭᠰᠡᠨ ᠪᠠ ᠬᠠᠳᠠᠭᠠᠯᠠᠭᠳᠠᠵᠤ ᠪᠠᠶᠢᠭ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ |
ᠭᠠᠵᠠᠷ ᠢ ᠨᠢᠭᠡᠳᠦᠯᠲᠡᠢ ᠲᠥᠯᠥᠪᠵᠢᠭᠦᠯᠵᠦ ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ |
ᠲᠥᠯᠦᠪᠵᠢᠭᠦᠯᠭᠡ ᠶᠢᠨ ᠲᠣᠬᠢᠷᠠᠭᠤᠯᠤᠯᠲᠠ ᠳᠤ ᠬᠤᠯᠪᠣᠭᠳᠠᠭᠰᠠᠨ ᠪᠠᠶᠢᠪᠠᠯ ᠂ ᠲᠠᠰ ᠳᠠᠷᠠᠭᠠᠯᠠᠯ ᠶᠣᠰᠣᠭᠠᠷ ᠬᠠᠤᠯᠢ |
ᠶᠣᠰᠣᠭᠠᠷ ᠭᠦᠢᠴᠡᠳᠬᠡᠨ᠎ᠡ ᠃ ᠭᠠᠵᠠᠷ ᠰᠢᠷᠣᠢ ᠶᠢ ᠤᠯᠠᠨ ᠵᠦᠢᠯ ᠤᠨ ᠭᠡᠯᠪᠡᠷᠢ ᠪᠠᠷ ᠨᠡᠭᠡᠭᠡᠨ ᠠᠰᠢᠭᠯᠠᠬᠤ ᠪᠠ |
ᠬᠡᠷᠡᠭᠴᠡᠭᠡ ᠶᠢ ᠬᠠᠤᠯᠢ ᠶᠣᠰᠣᠭᠠᠷ ᠵᠦᠢ ᠵᠣᠬᠢᠰᠲᠠᠢ ᠬᠤᠪᠢᠷᠠᠭᠤᠯᠬᠤ ᠶᠢ ᠠᠬᠢᠭᠤᠯᠵᠤ ᠂ ᠬᠡᠷᠡᠭᠴᠡᠭᠡ ᠶᠢ |
ᠬᠤᠪᠢᠷᠠᠭᠤᠯᠬᠤ ᠪᠠ ᠵᠣᠬᠢᠴᠠᠩᠭᠤᠢ ᠪᠠᠷ ᠬᠡᠷᠡᠭᠯᠡᠬᠦ ᠵᠥᠪ ᠲᠠᠯ᠎ᠠ ᠶᠢᠨ ᠨᠠᠷᠢᠨ ᠲᠠᠩᠰᠠ ᠂ ᠨᠠᠵᠠᠭᠠᠢ ᠲᠠᠯ᠎ᠠ ᠶᠢᠨ ᠨᠠᠷᠢᠨ |
ᠲᠠᠩᠰᠠ ᠪᠠ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠲᠣᠳᠣᠷᠬᠠᠶᠢᠯᠠᠵᠤ ᠂ ᠬᠡᠷᠡᠭᠴᠡᠭᠡ ᠶᠢ ᠬᠤᠪᠢᠷᠠᠭᠤᠯᠬᠤ |
ᠰᠢᠯᠵᠢᠯᠲᠡ ᠶᠢᠨ ᠬᠤᠭᠤᠴᠠᠭᠠᠨ ᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ ᠃ ᠦᠷ᠎ᠡ ᠠᠰᠢᠭ ᠢᠶᠠᠷ ᠳᠣᠣᠷ᠎ᠠ |
ᠦᠯᠡᠳᠡᠭᠡᠯ ᠭᠠᠵᠠᠷ ᠰᠢᠷᠣᠢ ᠶᠢ ᠠᠮᠢᠳᠤᠯᠢᠭᠵᠢᠭᠤᠯᠤᠨ ᠠᠰᠢᠭᠯᠠᠵᠤ ᠂ ᠰᠤᠯᠠ ᠲᠠᠯᠪᠢᠭᠳᠠᠵᠤ ᠪᠠᠶᠢᠭ᠎ᠠ ᠭᠠᠵᠠᠷ |
ᠰᠢᠷᠣᠢ ᠶᠢᠨ ᠬᠡᠷᠡᠭᠯᠡᠬᠦ ᠡᠷᠬᠡ ᠶᠢ ᠡᠭᠡᠭᠦᠯᠦᠨ ᠬᠤᠷᠢᠶᠠᠬᠤ ᠲᠣᠭᠲᠠᠴᠠ ᠶᠢ ᠲᠡᠭᠦᠯᠳᠡᠷᠵᠢᠭᠦᠯᠦᠨ ᠂ ᠬᠡᠰᠡᠭ ᠪᠤᠰᠠᠭ |
ᠭᠠᠵᠠᠷ ᠰᠢᠷᠣᠢ ᠶᠢ ᠲᠥᠪᠯᠡᠷᠡᠭᠦᠯᠦᠨ ᠥᠭᠡᠷᠡᠴᠢᠯᠡᠬᠦ ᠂ ᠡᠵᠡᠯᠡᠬᠦᠨ ᠤ ᠨᠣᠷᠮ᠎ᠠ ᠶᠢ ᠰᠢᠯᠵᠢᠭᠦᠯᠬᠦ ᠪᠤᠶᠤ ᠱᠠᠩᠨᠠᠬᠤ |
ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ ᠃ ᠦᠷ᠎ᠡ ᠠᠰᠢᠭ ᠳᠣᠣᠷ᠎ᠠ ᠦᠯᠡᠳᠡᠭᠡᠯ ᠭᠠᠵᠠᠷ ᠢ ᠠᠰᠢᠭᠯᠠᠨ |
ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠦᠲᠦᠭᠡᠨ ᠪᠠᠶᠢᠭᠤᠯᠬᠤ ᠂ ᠠᠵᠤ ᠦᠢᠯᠡᠰ ᠢ ᠬᠥᠭᠵᠢᠭᠦᠯᠬᠦ ᠂ ᠣᠯᠠᠨ |
ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢ ᠲᠡᠮᠵᠢᠨ᠎ᠡ ᠃ ᠤᠯᠤᠰ ᠤᠨ ᠥᠮᠴᠢᠯᠡᠯ ᠤᠨ |
ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠨᠠᠶᠢᠳᠠᠨ ᠰᠢᠯᠵᠢᠭᠦᠯᠬᠦ ᠭᠡᠷ᠎ᠡ ᠳᠤ ᠪᠣᠯᠵᠣᠨ ᠲᠣᠭᠲᠠᠭᠠᠭᠰᠠᠨ ᠪᠤᠶᠤ ᠭᠠᠵᠠᠷ |
ᠰᠢᠷᠣᠢ ᠶᠢ ᠰᠠᠯᠭᠠᠨ ᠥᠭᠬᠦ ᠲᠣᠭᠲᠠᠭᠠᠯ ᠤᠨ ᠪᠢᠴᠢᠭ ᠲᠤ ᠲᠣᠭᠲᠠᠭᠠᠭᠰᠠᠨ ᠵᠠᠰᠠᠭ ᠤᠨ ᠣᠷᠳᠣᠨ ᠠᠴᠠ ᠭᠠᠵᠠᠷ |
ᠰᠢᠷᠣᠢ ᠶᠢᠨ ᠬᠡᠷᠡᠭᠯᠡᠬᠦ ᠡᠷᠬᠡ ᠶᠢ ᠬᠤᠷᠢᠶᠠᠨ ᠠᠪᠬᠤ ᠵᠢᠴᠢ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ |
ᠲᠣᠭᠲᠠᠭᠠᠯ ᠳᠤ ᠳᠤᠷ᠎ᠠ ᠪᠠᠷ ᠢᠶᠠᠨ ᠰᠢᠯᠵᠢᠭᠦᠯᠦᠨ ᠥᠭᠬᠦ ᠶᠢ ᠴᠠᠭᠠᠵᠠᠯᠠᠭᠰᠠᠨ ᠪᠠᠶᠢᠳᠠᠯ ᠠᠴᠠ ᠭᠠᠳᠠᠨ᠎ᠠ ᠂ ᠤᠯᠤᠰ ᠤᠨ |
ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡᠲᠦ ᠬᠥᠮᠥᠨ ᠤ ᠲᠡᠰ ᠳᠠᠷᠠᠭᠠᠯᠠᠯ ᠶᠣᠰᠣᠭᠠᠷ ᠥᠪᠡᠰᠦᠪᠡᠨ |
ᠬᠡᠷᠡᠭᠯᠡᠬᠦ ᠪᠤᠶᠤ ᠰᠢᠯᠵᠢᠭᠦᠯᠦᠨ ᠥᠭᠬᠦ ᠂ ᠬᠤᠪᠢ ᠣᠷᠣᠬᠤ ᠂ ᠬᠤᠯᠪᠤᠭᠠᠯᠠᠨ ᠡᠵᠡᠩᠨᠡᠬᠦ ᠵᠡᠷᠭᠡ ᠠᠷᠭ᠎ᠠ ᠮᠠᠶ᠋ᠢᠭ ᠢᠶᠠᠷ |
ᠦᠷ᠎ᠡ ᠠᠰᠢᠭ ᠢᠶᠠᠷ ᠳᠣᠣᠷ᠎ᠠ ᠭᠠᠵᠠᠷ ᠰᠢᠷᠣᠢ ᠶᠢ ᠰᠢᠨᠡᠳᠬᠡᠨ ᠥᠭᠡᠷᠡᠴᠢᠯᠡᠬᠦ ᠶᠢ ᠵᠣᠷᠢᠭᠵᠢᠭᠤᠯᠤᠨ᠎ᠠ ᠃ ᠭᠠᠵᠠᠷ ᠤᠨ |
ᠦᠨ᠎ᠡ ᠶᠢ ᠪᠤᠳᠤᠵᠤ ᠬᠤᠷᠢᠶᠠᠬᠤ ᠳᠦᠷᠢᠮ ᠢ ᠰᠢᠯᠢᠳᠡᠭᠵᠢᠭᠦᠯᠦᠨ᠎ᠡ ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ |
ᠭᠠᠵᠠᠷ ᠢ ᠬᠡᠷᠡᠭᠯᠡᠬᠦ ᠡᠷᠬᠡ ᠶᠢ ᠭᠠᠵᠠᠷ ᠰᠢᠷᠣᠢ ᠶᠢᠨ ᠭᠠᠵᠠᠷ ᠤᠨ ᠭᠠᠳᠠᠷᠭᠤ ᠂ ᠭᠠᠵᠠᠷ ᠳᠡᠭᠡᠷ᠎ᠡ ᠪᠤᠶᠤ ᠭᠠᠵᠠᠷ ᠳᠣᠣᠷ᠎ᠠ |
ᠲᠤᠰ ᠲᠤᠰ ᠪᠠᠶᠢᠭᠤᠯᠬᠤ ᠶᠢ ᠠᠬᠢᠭᠤᠯᠤᠨ᠎ᠠ ᠃ ᠬᠤᠳᠠ ᠶᠢ ᠰᠢᠨᠡᠳᠬᠡᠬᠦ ᠲᠠᠢ ᠬᠤᠯᠪᠣᠭᠳᠠᠬᠤ ᠦᠯᠦ ᠬᠥᠳᠡᠯᠬᠦ |
ᠬᠥᠷᠥᠩᠭᠡ ᠶᠢ ᠳᠠᠩᠰᠠᠯᠠᠬᠤ ᠳᠦᠷᠢᠮ ᠢ ᠲᠡᠭᠦᠯᠳᠡᠷᠵᠢᠭᠦᠯᠦᠨ᠎ᠡ ᠃ |
︵ᠭᠤᠷᠪᠠ︶ ᠭᠡᠷ ᠪᠠᠶᠢᠰᠢᠩ ᠬᠡᠷᠡᠭᠯᠡᠬᠦ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ |
ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠎ᠠ ᠃ ᠭᠡᠷ ᠪᠠᠶᠢᠰᠢᠩ ᠬᠡᠷᠡᠭᠯᠡᠬᠦ ᠠᠮᠤᠷ ᠲᠦᠪᠰᠢᠨ ᠤ ᠭᠤᠣᠯ |
ᠴᠣᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠭᠡᠷ |
ᠪᠠᠶᠢᠰᠢᠩ ᠤᠨ ᠠᠮᠤᠷ ᠲᠦᠪᠰᠢᠨ ᠤ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠠᠮᠤᠷ ᠲᠦᠪᠰᠢᠨ ᠤ |
ᠪᠡᠶ᠎ᠡ ᠶᠢᠨ ᠪᠠᠶᠢᠴᠠᠭᠠᠯᠲᠠ ᠶᠢ ᠴᠢᠩᠭᠠᠳᠬᠠᠨ ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ |
ᠢᠯᠡᠷᠡᠭᠦᠯᠬᠦ ᠪᠠ ᠰᠢᠢᠳᠪᠦᠷᠢᠯᠡᠬᠦ ᠬᠡᠷᠡᠭᠲᠡᠢ ᠃ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠭᠡᠷ ᠪᠠᠶᠢᠰᠢᠩ ᠤᠨ |
ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠲᠣᠭᠲᠠᠴᠠ ᠳᠤ ᠰᠢᠨ᠎ᠡ ᠶᠢ ᠡᠭᠦᠳᠬᠦ ᠶᠢ ᠰᠦᠪᠡᠭᠴᠢᠯᠡᠬᠦ ᠬᠡᠷᠡᠭᠲᠡᠢ ᠃ |
ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ |
ᠲᠡᠭᠦᠯᠳᠡᠷᠵᠢᠭᠦᠯᠵᠦ ᠂ ᠨᠢᠭᠡᠨᠲᠡ ᠪᠠᠶᠢᠭ᠎ᠠ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠣᠯᠠᠨ |
ᠨᠡᠶᠢᠲᠡ ᠶᠢᠨ ᠪᠡᠯᠡ ᠮᠥᠩᠭᠦ ᠴᠤᠭᠯᠠᠭᠤᠯᠬᠤ ᠂ ᠬᠠᠮᠢᠶᠠᠷᠬᠤ ᠂ ᠬᠡᠷᠡᠭᠯᠡᠬᠦ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠬᠦ ᠶᠢ |
ᠠᠬᠢᠭᠤᠯᠤᠨ᠎ᠠ ᠃ |
︵ᠳᠥᠷᠪᠡ︶ ᠣᠯᠠᠨ ᠡᠰᠢᠵᠢᠭᠰᠡᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠠᠷᠭ᠎ᠠ ᠮᠠᠶ᠋ᠢᠭ ᠢ |
ᠪᠦᠷᠢᠨᠰᠢᠭᠦᠯᠦᠨ᠎ᠡ ᠃ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠵᠡᠷᠭᠡ ᠶᠢ ᠳᠡᠮᠵᠢᠬᠦ ᠡᠷᠴᠢᠮ ᠢᠶᠠᠨ |
ᠴᠢᠩᠭᠠᠷᠠᠭᠤᠯᠵᠤ ᠂ ᠤᠷᠳᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠪᠠᠷ ᠳᠠᠮᠵᠢᠭᠤᠯᠤᠨ ᠨᠥᠬᠦᠴᠡᠯ ᠳᠤ |
ᠨᠡᠶᠢᠴᠡᠬᠦ ᠲᠦᠷᠦᠯ ᠵᠦᠢᠯ ᠳᠤ ᠳᠡᠮᠵᠢᠯᠭᠡ ᠦᠵᠡᠭᠦᠯᠦᠨ᠎ᠡ ᠃ ᠲᠥᠪ ᠤᠨ ᠡᠳ᠋ ᠤᠨ ᠵᠠᠰᠠᠭ ᠠᠴᠠ ᠬᠤᠳᠠ ᠶᠢ |
ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠬᠦ ᠶᠢ ᠳᠡᠮᠵᠢᠬᠦ ᠬᠡᠷᠡᠭᠲᠡᠢ ᠃ ᠣᠷᠣᠨ ᠨᠤᠲᠤᠭ ᠤᠨ ᠵᠠᠰᠠᠭ ᠤᠨ |
ᠣᠷᠳᠣᠨ ᠨᠤᠭᠤᠳ ᠡᠳ᠋ ᠤᠨ ᠵᠠᠰᠠᠭ ᠤᠨ ᠣᠷᠣᠭᠤᠯᠤᠯᠲᠠ ᠪᠠᠨ ᠨᠡᠮᠡᠭᠳᠡᠭᠦᠯᠵᠦ ᠂ ᠬᠠᠮᠢᠶ᠎ᠠ ᠪᠦᠬᠦᠢ ᠪᠡᠯᠡ ᠮᠥᠩᠭᠦ ᠶᠢ |
ᠨᠡᠶᠢᠳᠬᠡᠬᠦ ᠪᠠ ᠨᠢᠭᠡᠳᠦᠯᠲᠡᠢ ᠲᠥᠯᠥᠪᠵᠢᠭᠦᠯᠦᠨ ᠬᠡᠷᠡᠭᠯᠡᠬᠦ ᠶᠢ ᠠᠬᠢᠭᠤᠯᠵᠤ ᠂ ᠥᠷᠢ ᠥᠭᠴᠡᠭᠡ ᠶᠢᠨ ᠲᠦᠭᠰᠢᠭᠦᠷᠢ ᠶᠢ |
ᠡᠵᠡᠮᠳᠡᠵᠦ ᠳᠡᠶᠢᠯᠭᠦ ᠤᠷᠢᠲᠠᠯ ᠳᠣᠣᠷ᠎ᠠ ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ |
ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠪᠠᠷ ᠳᠠᠮᠵᠢᠭᠤᠯᠤᠨ ᠨᠥᠬᠦᠴᠡᠯ ᠳᠤ ᠨᠡᠶᠢᠴᠡᠬᠦ ᠬᠤᠲᠠ ᠶᠢ ᠰᠢᠨᠡᠳᠬᠡᠬᠦ |
ᠲᠥᠷᠥᠯ ᠵᠦᠢᠯ ᠳᠤ ᠳᠡᠮᠵᠢᠯᠭᠡ ᠦᠵᠡᠭᠦᠯᠵᠦ ᠂ ᠬᠠᠤᠯᠢ ᠲᠣᠭᠲᠠᠭᠠᠯ ᠠᠴᠠ ᠵᠥᠷᠢᠴᠡᠨ ᠵᠢᠭᠡᠯᠡᠯᠭᠡ ᠠᠪᠴᠤ ᠪᠡᠯᠡ |
ᠨᠡᠶᠢᠯᠡᠭᠦᠯᠬᠦ ᠶᠢ ᠴᠢᠩᠭ᠎ᠠ ᠴᠠᠭᠠᠵᠠᠯᠠᠬᠤ ᠬᠡᠷᠡᠭᠲᠡᠢ ᠃ ᠬᠤᠲᠠ ᠶᠢᠨ ᠭᠠᠶᠢᠯᠢ ᠰᠦᠢᠳᠬᠡᠯ ᠢ ᠪᠠᠭᠠᠰᠬᠠᠵᠤ ᠬᠡᠯᠲᠦᠷᠢᠭᠦᠯᠬᠦ |
ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠃ ᠡᠯ᠎ᠡ ᠲᠥᠷᠥᠯ ᠤᠨ ᠮᠥᠩᠭᠦᠨ |
ᠭᠦᠢᠯᠭᠡᠭᠡᠨ ᠤ ᠪᠠᠶᠢᠭᠤᠯᠤᠮᠵᠢ ᠶᠢᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠬᠦ ᠂ ᠲᠦᠭᠰᠢᠭᠦᠷᠢ ᠶᠢ ᠡᠵᠡᠮᠳᠡᠵᠦ |
ᠪᠤᠯᠬᠤ ᠂ ᠬᠤᠳᠠᠯᠳᠤᠭ᠎ᠠ ᠶᠢ ᠦᠷᠭᠦᠯᠵᠢᠯᠡᠭᠦᠯᠬᠦ ᠤᠷᠢᠲᠠᠯ ᠳᠣᠣᠷ᠎ᠠ ᠬᠤᠲᠠ ᠶᠢ ᠰᠢᠨᠡᠳᠬᠡᠬᠦ ᠳᠤ ᠢᠳᠡᠪᠬᠢᠲᠡᠢ |
ᠣᠷᠤᠯᠴᠠᠬᠤ ᠶᠢ ᠵᠣᠷᠢᠭᠵᠢᠭᠤᠯᠵᠤ ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠴᠢᠩᠭᠠᠷᠠᠭᠤᠯᠬᠤ ᠬᠡᠷᠡᠭᠲᠡᠢ ᠃ ᠵᠠᠬ᠎ᠠ |
ᠳᠡᠯᠭᠡᠭᠦᠷᠴᠢᠯᠡᠭᠰᠡᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠵᠠᠭᠪᠤᠷ ᠢ ᠲᠡᠭᠦᠯᠳᠡᠷᠵᠢᠭᠦᠯᠵᠦ ᠂ ᠨᠡᠶᠢᠭᠡᠮ ᠤᠨ |
ᠬᠥᠷᠥᠩᠭᠡ ᠶᠢ ᠲᠡᠳᠡᠨ ᠬᠤᠲᠠ ᠶᠢ ᠰᠢᠨᠡᠳᠬᠡᠬᠦ ᠳᠤ ᠣᠷᠣᠯᠴᠠᠭᠤᠯᠵᠤ ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠳᠤ |
ᠰᠠᠭᠤᠷᠢ ᠲᠥᠬᠦᠭᠡᠷᠦᠮᠵᠢ ᠶᠢᠨ ᠬᠦᠷᠢᠶ᠎ᠡ ᠶᠢᠨ ᠥᠯᠥ ᠬᠥᠳᠡᠯᠬᠦ ᠬᠥᠷᠥᠩᠭᠡ ᠶᠢᠨ ᠪᠡᠯᠡ ᠣᠷᠣᠭᠤᠯᠤᠯᠲᠠ ᠶᠢᠨ |
ᠢᠲᠡᠭᠡᠮᠵᠢᠲᠦ ᠰᠠᠭᠤᠷᠢ ᠮᠥᠩᠭᠦ ︵REITs︶ ᠂ ᠡᠳ᠋ ᠬᠥᠷᠥᠩᠭᠡ ᠶᠢᠨ ᠦᠨᠡᠲᠦ ᠲᠡᠮᠳᠡᠭᠴᠢᠯᠡᠭᠰᠡᠨ ᠦᠢᠯᠡᠳᠬᠦᠨ ᠂ |
ᠺᠤᠮᠫᠠᠨᠢ ᠶᠢᠨ ᠢᠲᠡᠭᠡᠮᠵᠢ ᠶᠢᠨ ᠲᠥᠷᠥᠯ ᠤᠨ ᠵᠢᠭᠡᠯᠡᠯᠭᠡ ᠶᠢᠨ ᠲᠡᠮᠳᠡᠭᠲᠦ ᠵᠡᠷᠭᠡ ᠶᠢ ᠲᠠᠷᠬᠠᠭᠠᠬᠤ ᠶᠢ ᠠᠬᠢᠭᠤᠯᠤᠨ᠎ᠠ ᠃ |
︵ᠲᠠᠪᠤ︶ ᠵᠠᠰᠠᠭ ᠤᠨ ᠣᠷᠳᠣᠨ ᠬᠥᠲᠥᠯᠥᠨ ᠵᠢᠯᠣᠭᠤᠳᠤᠭᠰᠠᠨ ᠂ ᠵᠠᠬ᠎ᠠ ᠳᠡᠯᠭᠡᠭᠦᠷ ᠢᠶᠠᠷ ᠠᠵᠢᠯᠯᠠᠭᠤᠯᠤᠭᠰᠠᠨ ᠂ |
ᠣᠯᠠᠨ ᠨᠡᠶᠢᠲᠡ ᠪᠠᠷ ᠢᠶᠠᠨ ᠣᠷᠣᠯᠴᠠᠬᠰᠠᠨ ᠬᠤᠲᠠ ᠶᠢ ᠰᠢᠨᠡᠳᠬᠡᠬᠦ ᠦᠷᠭᠦᠯᠵᠢᠯᠡᠬᠦ ᠵᠠᠭᠪᠤᠷ ᠢ ᠪᠠᠶᠢᠭᠤᠯᠬᠤ ᠬᠡᠷᠡᠭᠲᠡᠢ ᠃ |
ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ ᠂ ᠠᠷᠠᠳ ᠣᠯᠠᠨ ᠤ |
ᠬᠤᠲᠠ ᠶᠢ ᠰᠢᠨᠡᠳᠬᠡᠬᠦ ᠳᠤ ᠣᠷᠤᠯᠴᠠᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ ᠃ ᠬᠤᠲᠠ ᠶᠢᠨ ᠬᠠᠮᠢᠶᠠᠷᠤᠯᠲᠠ ᠶᠢ |
ᠨᠡᠶᠢᠭᠡᠮ ᠲᠣᠭᠤᠷᠢᠭ ᠲᠤ ᠣᠷᠣᠭᠤᠯᠬᠤ ᠠᠵᠢᠯ ᠢ ᠥᠷᠨᠢᠭᠦᠯᠦᠨ᠎ᠡ ᠃ ᠥᠮᠴᠢᠯᠡᠬᠦ ᠡᠷᠬᠡ ᠶᠢᠨ ᠥᠮᠴᠢᠯᠡᠭᠴᠢ ᠶᠢᠨ |
ᠪᠡᠶ᠎ᠡ ᠪᠠᠨ ᠳᠠᠭᠠᠭᠠᠨ ᠰᠢᠨᠡᠳᠬᠡᠬᠦ ᠶᠢ ᠵᠣᠷᠢᠭᠵᠢᠭᠤᠯᠵᠤ ᠂ ᠠᠵᠤ ᠠᠬᠤᠶᠢᠯᠠᠯ ᠤᠨ ᠦᠷ᠎ᠡ ᠠᠰᠢᠭ ᠢᠶᠠᠷ ᠳᠣᠣᠷ᠎ᠠ |
ᠦᠯᠡᠳᠡᠭᠡᠯ ᠬᠥᠷᠥᠩᠭᠡ ᠶᠢ ᠴᠢᠯᠦᠭᠡᠲᠡᠢ ᠪᠤᠯᠭᠠᠵᠤ ᠂ ᠤᠯᠤᠰ ᠤᠨ ᠥᠮᠴᠢᠯᠡᠯ ᠤᠨ ᠬᠥᠷᠥᠩᠭᠡ ᠶᠢᠨ ᠳᠠᠶᠢᠴᠢᠯᠠᠬᠤ |
ᠦᠢᠯᠡᠳᠦᠯ ᠢ ᠨᠠᠩ ᠰᠠᠶᠢᠨ ᠪᠠᠳᠠᠷᠠᠭᠤᠯᠬᠤ ᠬᠡᠷᠡᠭᠲᠡᠢ ᠃ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ |
ᠵᠢᠯᠤᠭᠤᠳᠴᠤ ᠪᠠᠶᠢᠭᠠᠳ ᠣᠯᠠᠨ ᠬᠦᠷᠢᠶ᠎ᠡ ᠶᠢᠨ ᠲᠤᠰᠬᠠᠢ ᠬᠦᠴᠦᠨ ᠪᠠ ᠦᠢᠯᠡᠴᠢᠯᠡᠭᠡᠨ ᠤ ᠪᠠᠶᠢᠭᠤᠯᠤᠮᠵᠢ ᠶᠢ |
ᠬᠤᠲᠠ ᠶᠢ ᠰᠢᠨᠡᠳᠬᠡᠬᠦ ᠳᠤ ᠣᠷᠣᠯᠴᠠᠭᠤᠯᠬᠤ ᠶᠢ ᠳᠡᠮᠵᠢᠵᠦ ᠂ ᠲᠤᠰᠬᠠᠢ ᠮᠡᠷᠭᠡᠵᠢᠯᠲᠡᠨ ᠤ ᠣᠯᠠᠨ ᠨᠡᠶᠢᠲᠡ ᠶᠢᠨ |
ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠳᠦᠷᠢᠮ ᠢ ᠪᠦᠷᠢᠨᠰᠢᠭᠦᠯᠦᠨ᠎ᠡ ᠃ ᠬᠤᠲᠠ ᠶᠢ ᠰᠢᠨᠡᠳᠬᠡᠬᠦ |
ᠳᠤ ᠵᠣᠬᠢᠴᠠᠭᠰᠠᠨ ᠪᠦᠲᠦᠭᠡᠨ ᠪᠠᠶᠢᠭᠤᠯᠤᠯᠲᠠ ᠂ ᠡᠵᠡᠩᠨᠡᠯᠲᠡ ᠂ ᠵᠠᠰᠠᠯᠲᠠ ᠶᠢᠨ ᠪᠠᠶᠢᠭᠤᠯᠤᠯ ᠲᠣᠭᠲᠠᠴᠠ ᠶᠢ |
ᠪᠠᠶᠢᠭᠤᠯᠤᠨ ᠪᠦᠷᠢᠨᠰᠢᠭᠦᠯᠦᠨ᠎ᠡ ᠃ ᠬᠤᠳᠠ ᠶᠢ ᠰᠢᠨᠡᠳᠬᠡᠬᠦ ᠨᠡᠶᠢᠭᠡᠮ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠂ |
ᠵᠥᠷᠢᠴᠡᠯ ᠢ ᠠᠷᠢᠯᠭᠠᠨ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠎ᠠ ᠃ |
︵ᠵᠢᠷᠭᠤᠭ᠎ᠠ︶ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠪᠦᠷᠢᠨᠰᠢᠭᠦᠯᠦᠨ᠎ᠡ ᠃ ᠬᠤᠲᠠ ᠶᠢ ᠰᠢᠨᠡᠳᠬᠡᠬᠦ ᠲᠠᠢ |
ᠬᠤᠯᠪᠣᠭᠳᠠᠬᠤ ᠬᠠᠤᠯᠢ ᠲᠣᠭᠲᠠᠭᠠᠬᠤ ᠠᠵᠢᠯ ᠢ ᠲᠦᠷᠭᠡᠳᠬᠡᠨ ᠠᠬᠢᠭᠤᠯᠵᠤ ᠂ ᠬᠤᠲᠠ ᠶᠢᠨ ᠲᠥᠯᠦᠪᠵᠢᠭᠦᠯᠭᠡ ᠶᠢᠨ |
ᠪᠦᠲᠦᠭᠡᠨ ᠪᠠᠶᠢᠭᠤᠯᠤᠯᠲᠠ ᠡᠵᠡᠩᠨᠡᠯᠲᠡ ᠵᠠᠰᠠᠯᠲᠠ ᠪᠣᠯᠣᠨ ᠭᠡᠷ ᠪᠠᠶᠢᠰᠢᠩ ᠤᠨ ᠬᠠᠮᠢᠶᠠᠷᠤᠯᠲᠠ ᠶᠢᠨ ᠬᠠᠤᠯᠢ ᠴᠠᠭᠠᠵᠠ |
ᠬᠠᠤᠯᠢ ᠲᠣᠭᠲᠠᠭᠠᠯ ᠢ ᠪᠦᠷᠢᠨᠰᠢᠭᠦᠯᠦᠨ᠎ᠡ ᠃ ᠬᠤᠲᠠ ᠶᠢ ᠰᠢᠨᠡᠳᠬᠡᠬᠦ ᠳᠤ ᠲᠣᠬᠢᠷᠠᠬᠤ ᠮᠡᠷᠭᠡᠵᠢᠯ ᠤᠨ ᠪᠠᠷᠢᠮᠵᠢᠶ᠎ᠠ ᠶᠢ |
ᠲᠡᠭᠦᠯᠳᠡᠷᠵᠢᠭᠦᠯᠵᠦ ᠂ ᠲᠥᠷᠥᠯ ᠬᠤᠪᠢᠶᠠᠭᠰᠠᠨ ᠲᠣᠬᠢᠷᠠᠮᠵᠢᠲᠠᠢ ᠭᠠᠯ ᠤᠨᠲᠠᠷᠠᠭᠠᠬᠤ ᠂ ᠢᠵᠢ ᠪᠦᠷᠢᠳᠦᠭᠦᠯᠬᠦ ᠣᠯᠠᠨ |
ᠨᠡᠶᠢᠲᠡ ᠶᠢᠨ ᠲᠥᠬᠦᠭᠡᠷᠦᠮᠵᠢ ᠵᠡᠷᠭᠡ ᠪᠠᠷᠢᠮᠵᠢᠶ᠎ᠠ ᠶᠢ ᠲᠣᠭᠲᠠᠭᠠᠨ ᠵᠠᠰᠠᠪᠤᠷᠢ ᠣᠷᠣᠭᠤᠯᠤᠨ᠎ᠠ ᠃ ᠬᠤᠳᠠ ᠶᠢᠨ |
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ |
ᠴᠢᠩᠭᠠᠳᠬᠠᠵᠤ ᠂ ᠰᠢᠨ᠎ᠡ ᠮᠡᠷᠭᠡᠵᠢᠯ ᠂ ᠰᠢᠨ᠎ᠡ ᠤᠷ᠎ᠠ ᠮᠡᠷᠭᠡᠰᠢᠯ ᠰᠢᠨ᠎ᠡ ᠮᠠᠲ᠋ᠧᠷᠢᠶᠠᠯ ᠢ ᠶᠡᠭᠡ ᠪᠠᠷ ᠰᠤᠳᠤᠯᠤᠨ |
ᠨᠡᠭᠡᠭᠡᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ |
ᠲᠦᠷᠭᠡᠳᠬᠡᠨ᠎ᠡ ᠃ |
ᠳᠥᠷᠪᠡ ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠨ᠎ᠠ |
ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ ᠂ ᠡᠯ᠎ᠡ ᠭᠠᠵᠠᠷ |
ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠣᠳᠠᠲᠠᠢ ᠲᠠᠢ ᠪᠠᠨ ᠤᠶᠠᠯᠳᠤᠭᠤᠯᠤᠨ ᠲᠣᠰ ᠰᠠᠨᠠᠯ ᠢ |
ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠃ ᠮᠤᠵᠢ ᠶᠢᠨ ᠱᠠᠲᠤᠨ ᠤ ᠨᠠᠮ ᠤᠨ |
ᠬᠤᠷᠢᠶ᠎ᠠ ᠪᠣᠯᠣᠨ ᠵᠠᠰᠠᠭ ᠤᠨ ᠣᠷᠳᠣᠨ ᠨᠤᠭᠤᠳ ᠲᠤᠰ ᠭᠠᠵᠠᠷ ᠣᠷᠣᠨ ᠤ ᠪᠠᠨ ᠬᠤᠲᠠ ᠶᠢ ᠰᠢᠨᠡᠳᠬᠡᠬᠦ |
ᠠᠵᠢᠯᠯᠠᠭ᠎ᠠ ᠶᠢᠨ ᠬᠠᠷᠠᠯᠲᠠ ᠡᠭᠦᠷᠭᠡ ᠪᠠᠨ ᠲᠣᠭᠲᠠᠭᠠᠵᠤ ᠂ ᠳᠡᠭᠡᠷ᠎ᠡ ᠳᠣᠣᠷ᠎ᠠ ᠱᠠᠲᠤ ᠪᠠᠨ ᠵᠣᠯᠭᠠᠭᠤᠯᠬᠤ ᠠᠵᠢᠯ ᠢ |
ᠰᠠᠶᠢᠲᠤᠷ ᠬᠢᠬᠦ ᠬᠡᠷᠡᠭᠲᠡᠢ ᠃ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠬᠠᠷᠢᠭᠤᠴᠠᠯᠭ᠎ᠠ ᠪᠠᠨ ᠦᠨᠡᠨ |
ᠬᠦ ᠭᠦᠢᠴᠡᠳᠬᠡᠵᠦ ᠂ ᠬᠤᠲᠠ ᠶᠢᠨ ᠱᠠᠲᠤᠨ ᠤ ᠨᠢᠭᠡᠳᠦᠯᠲᠡᠢ ᠲᠥᠯᠥᠪᠵᠢᠭᠦᠯᠬᠦ ᠂ ᠰᠠᠯᠠᠭ᠎ᠠ ᠮᠥᠴᠢᠷ ᠬᠤᠯᠪᠤᠭᠠᠯᠠᠨ |
ᠬᠥᠳᠡᠯᠦᠯᠴᠡᠬᠦ ᠂ ᠱᠠᠲᠤ ᠬᠤᠪᠢᠶᠠᠨ ᠨᠠᠶᠢᠳᠠᠪᠤᠷᠢᠵᠢᠭᠤᠯᠬᠤ ᠠᠵᠢᠯ ᠤᠨ ᠪᠠᠶᠢᠷᠢᠰᠢᠯ ᠢ ᠪᠠᠶᠢᠭᠤᠯᠵᠤ ᠂ ᠲᠥᠷᠥ ᠶᠢᠨ |
ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ ᠪᠡᠯᠡ ᠮᠥᠩᠭᠦ ᠵᠡᠷᠭᠡ ᠪᠠᠲᠤᠯᠠᠭ᠎ᠠ ᠶᠢ |
ᠴᠢᠩᠭᠠᠳᠬᠠᠵᠤ ᠂ ᠬᠤᠲᠠ ᠶᠢ ᠰᠢᠨᠡᠳᠬᠡᠬᠦ ᠠᠵᠢᠯᠯᠠᠭ᠎ᠠ ᠶᠢ ᠯᠠᠪᠳᠠᠭᠤᠨ ᠡᠮᠬᠢ ᠵᠢᠷᠤᠮ ᠲᠠᠢ ᠬᠡᠷᠡᠭᠵᠢᠭᠦᠯᠵᠦ ᠂ |
ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ ᠂ ︽ᠯᠠᠷᠵᠢᠶ᠎ᠠ ᠶᠠᠩᠪᠠ ᠲᠠᠲᠠᠬᠤ︾ ᠶᠢ ᠡᠷᠡᠰ ᠬᠤᠷᠢᠭᠯᠠᠬᠤ ᠬᠡᠷᠡᠭᠲᠡᠢ ᠃ |
ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠲᠦᠷᠦᠭᠦᠯᠡᠨ ᠬᠢᠬᠦ |
ᠦᠢᠯᠡᠳᠦᠯ ᠢᠶᠠᠨ ᠪᠠᠳᠠᠷᠠᠭᠤᠯᠵᠤ ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠢᠭᠡᠳᠦᠯᠲᠡᠢ |
ᠲᠥᠯᠥᠪᠵᠢᠭᠦᠯᠦᠨ ᠵᠢᠯᠤᠭᠤᠳᠬᠤ ᠪᠠ ᠵᠣᠬᠢᠴᠠᠭᠤᠯᠤᠨ ᠳᠡᠮᠵᠢᠬᠦ ᠪᠠᠨ ᠴᠢᠩᠭᠠᠳᠬᠠᠵᠤ ᠂ ᠳᠦᠷᠢᠮ ᠲᠥᠷᠥ ᠶᠢᠨ |
ᠪᠣᠳᠣᠯᠭ᠎ᠠ ᠶᠢ ᠲᠡᠭᠦᠯᠳᠡᠷᠵᠢᠭᠦᠯᠬᠦ ᠬᠡᠷᠡᠭᠲᠡᠢ ᠃ ᠣᠷᠣᠨ ᠨᠤᠲᠤᠭ ᠤᠨ ᠬᠢᠨ ᠤ ᠭᠠᠵᠠᠷ ᠣᠷᠣᠨ ᠤ ᠪᠠᠶᠢᠳᠠᠯ ᠳᠠᠭᠠᠨ |
ᠲᠣᠬᠢᠷᠠᠭᠤᠯᠤᠨ ᠰᠦᠪᠡᠭᠴᠢᠯᠡᠵᠦ ᠰᠢᠨ᠎ᠡ ᠶᠢ ᠡᠭᠦᠳᠴᠦ ᠂ ᠦᠷᠭᠦᠯᠵᠢᠯᠡᠬᠦ ᠴᠢᠨᠠᠷᠲᠠᠢ ᠬᠤᠳᠠ ᠶᠢ ᠰᠢᠨᠡᠳᠬᠡᠬᠦ |
ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠳᠡᠮᠵᠢᠨ᠎ᠡ ᠃ |
|
|