ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 3 ᠤ ᠴᠠᠭᠢᠯᠭᠠᠨ ᠮᠡᠳᠡᠭᠡ ᠲᠠᠪᠤᠨ ᠰᠠᠷ᠎ᠠ ᠶᠢᠨ |
ᠳᠥᠷᠪᠡᠨ ᠤ ᠵᠠᠯᠠᠭᠤᠴᠤᠳ ᠤᠨ ᠪᠠᠶᠠᠷ ᠬᠦᠷᠴᠦ ᠢᠷᠡᠬᠦ ᠲᠠᠰᠢᠷᠠᠮ ᠳᠤ᠂ ᠳᠤᠮᠳᠠᠳᠤ ᠤᠯᠤᠰ ᠤᠨ ᠡᠪ ᠬᠠᠮᠲᠤ |
ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ |
ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠢᠨᠵᠢᠶᠠᠩ ᠤᠨ ᠺᠢᠽᠢᠯᠰᠦ᠋ ᠶᠢᠨ ᠭᠢᠷᠭᠢᠰ ᠤᠨ |
ᠥᠪᠡᠷᠲᠡᠭᠡᠨ ᠵᠠᠰᠠᠬᠤ ᠵᠧᠦ ᠶᠢᠨ ᠠᠲ᠋ᠦ᠋ᠱ ᠬᠤᠳᠠ ᠶᠢᠨ ᠺᠠᠷᠠ ᠵᠢᠶᠦ᠋ᠨ ᠰᠢᠶᠠᠩ ᠤᠨ ᠰᠢᠶ᠋ᠸᠶ᠋ᠢᠲ᠋ᠧ ᠪᠠᠭ᠎ᠠ |
ᠰᠤᠷᠭᠠᠭᠤᠯᠢ ᠶᠢᠨ ᠬᠢᠯᠢ ᠶᠢ ᠰᠠᠬᠢᠨ ᠬᠠᠮᠠᠭᠠᠯᠠᠵᠤ ᠰᠤᠷᠭᠠᠨ ᠬᠥᠮᠦᠵᠢᠯ ᠢ ᠳᠡᠮᠵᠢᠬᠦ ᠪᠠᠷᠠᠭᠤᠨ ᠣᠷᠣᠨ ᠤ |
ᠲᠥᠯᠥᠪᠯᠡᠭᠡ ᠶᠢᠨ ᠰᠠᠶᠢᠨ ᠲᠤᠷᠠᠴᠤᠳ ᠤᠨ ᠦᠢᠯᠡᠴᠢᠯᠡᠭᠡᠨ ᠤ ᠠᠩᠭᠢ ᠶᠢᠨ ᠪᠦᠭᠦ ᠭᠡᠰᠢᠭᠦᠳ ᠲᠤ ᠬᠠᠷᠢᠭᠤ ᠵᠠᠬᠢᠳᠠᠯ |
ᠢᠯᠡᠭᠡᠵᠦ᠂ ᠪᠦᠭᠦ ᠤᠯᠤᠰ ᠤᠨ ᠥᠷᠭᠡᠨ ᠣᠯᠠᠨ ᠵᠠᠯᠠᠭᠤᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ |
ᠬᠦᠷᠭᠡᠬᠦ ᠶᠢᠨ ᠬᠠᠮᠲᠤ ᠨᠠᠨᠳᠢᠨ ᠬᠦᠰᠡᠯ ᠳᠤᠷᠠᠳᠴᠠᠢ᠃ |
ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠ ᠨᠠᠷ ᠨᠠᠮ ᠤᠨ ᠤᠷᠢᠶᠠᠯᠠᠭ᠎ᠠ ᠶᠢ ᠳᠠᠭᠠᠵᠤ ᠪᠠᠷᠠᠭᠤᠨᠳᠡᠬᠢ ᠬᠢᠯᠢ |
ᠬᠢᠵᠠᠭᠠᠷ ᠣᠷᠣᠨ ᠳᠤ ᠬᠦᠷᠴᠦ ᠪᠢᠴᠢᠭ ᠵᠢᠭᠠᠵᠤ ᠬᠥᠮᠥᠨ ᠬᠥᠮᠥᠵᠢᠭᠦᠯᠵᠦ᠂ ᠲᠤᠬᠠᠢ ᠶᠢᠨ ᠭᠠᠵᠠᠷ ᠤᠨ ᠰᠤᠷᠭᠠᠨ |
ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ |
ᠠᠬᠢᠭᠤᠯᠬᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠪᠠ ᠬᠢᠯᠢ ᠬᠢᠵᠠᠭᠠᠷ ᠢ |
ᠲᠣᠭᠲᠠᠪᠤᠷᠢᠵᠢᠭᠤᠯᠬᠤ ᠳᠤ ᠢᠳᠡᠪᠬᠢᠲᠡᠢ ᠦᠢᠯᠡᠳᠦᠯ ᠪᠠᠳᠠᠷᠠᠭᠤᠯᠵᠤ᠂ ᠥᠪᠡᠷ ᠢᠶᠠᠨ ᠴᠦ ᠳᠠᠪᠲᠠᠭᠳᠠᠨ ᠪᠣᠯᠪᠠᠰᠤᠷᠠᠵᠤ |
ᠦᠰᠦᠨ ᠪᠣᠶᠢᠵᠢᠭᠰᠠᠨ ᠪᠠᠶᠢᠨ᠎ᠠ ᠭᠡᠵᠦ ᠬᠡᠯᠡᠪᠡ᠃ |
ᠰᠢ ᠶᠢᠨ ᠫᠢᠩ᠂ ᠡᠳᠡᠭᠡᠷ ᠵᠢᠯ ᠤᠳ ᠲᠤ ᠨᠡᠩ ᠤᠯᠠᠨ ᠵᠠᠯᠠᠭᠤᠴᠤᠳ ᠪᠠᠷᠠᠭᠤᠨ ᠣᠷᠣᠨ ᠳᠤ ᠣᠴᠢᠵᠤ᠂ |
ᠬᠥᠳᠡᠭᠡ ᠲᠣᠰᠬᠤᠨ ᠳᠤ ᠣᠴᠢᠵᠤ᠂ ᠦᠨᠳᠦᠰᠦᠨ ᠱᠠᠲᠤᠨ ᠳᠤ ᠣᠴᠢᠵᠤ ᠰᠠᠶᠢᠨ ᠳᠤᠷ᠎ᠠ ᠠᠴᠠ ᠪᠠᠨ ᠦᠢᠯᠡᠴᠢᠯᠡᠬᠦ |
ᠵᠠᠮ ᠢ ᠰᠣᠩᠭᠤᠵᠤ᠂ ᠬᠠᠷᠠᠮ ᠦᠭᠡᠢ ᠵᠣᠷᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ |
ᠵᠠᠯᠠᠭᠤᠴᠤᠳ ᠤᠨ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ |
ᠤᠯᠤᠰ ᠢᠶᠠᠨ ᠬᠦᠴᠦᠷᠬᠡᠭᠵᠢᠭᠦᠯᠬᠦ ᠳᠤ ᠮᠢᠨᠤ ᠬᠠᠷᠢᠭᠤᠴᠠᠯᠭ᠎ᠠ ᠡᠭᠦᠷᠭᠡᠯᠡᠯ ᠪᠠᠶᠢᠬᠤ ᠶᠢ ᠢᠯᠡᠷᠡᠭᠦᠯᠪᠡ᠃ ᠥᠷᠭᠡᠨ |
ᠣᠯᠠᠨ ᠵᠠᠯᠠᠭᠤᠴᠤᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠡᠬᠡ ᠤᠯᠤᠰ ᠤᠨ ᠬᠠᠶᠢᠷ᠎ᠠ |
ᠰᠡᠳᠬᠢᠯᠭᠡ ᠪᠠᠨ ᠵᠤᠵᠠᠭᠠᠳᠬᠠᠵᠤ᠂ ᠴᠠᠭᠠᠷᠠᠭᠰᠠᠨ ᠡᠷᠳᠡᠮ ᠴᠢᠳᠠᠪᠤᠷᠢ ᠶᠢ ᠳᠠᠪᠲᠠᠨ ᠪᠤᠯᠪᠠᠰᠤᠷᠠᠭᠤᠯᠵᠤ᠂ ᠲᠡᠮᠡᠴᠡᠯ ᠤᠨ |
ᠵᠣᠷᠢᠭ ᠰᠠᠨᠠᠭ᠎ᠠ ᠶᠢ ᠪᠠᠳᠠᠷᠠᠭᠤᠯᠵᠤ᠂ ᠡᠬᠡ ᠤᠯᠤᠰ ᠪᠣᠯᠣᠨ ᠠᠷᠠᠳ ᠲᠦᠮᠡᠨ ᠤ ᠬᠠᠮᠤᠭ ᠤᠨ ᠬᠡᠷᠡᠭᠴᠡᠭᠡ ᠲᠠᠢ |
ᠭᠠᠵᠠᠷ ᠲᠤ ᠬᠦᠷᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ |
ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ |
ᠰᠢᠶ᠋ᠸᠶ᠋ᠢᠲ᠋ᠧ ᠪᠠᠭ᠎ᠠ ᠰᠤᠷᠭᠠᠭᠤᠯᠢ ᠪᠣᠯ ᠬᠢᠯᠢ ᠶᠢᠨ ᠱᠤᠭᠤᠮ ᠠᠴᠠ 47 ᠺᠢᠯᠣᠮᠧᠲᠷ ᠵᠠᠶᠢᠲᠠᠢ᠂ ᠭᠤᠣᠯᠳᠠᠭᠤ |
ᠭᠢᠷᠭᠢᠰ ᠦᠨᠳᠦᠰᠦᠲᠡᠨ ᠤ ᠰᠤᠷᠤᠬᠴᠢᠳ ᠢᠶᠠᠷ ᠪᠦᠷᠢᠯᠳᠦᠭᠰᠡᠨ ᠲᠣᠰᠬᠤᠨ ᠤ ᠲᠠᠰ ᠤᠨ ᠪᠠᠭ᠎ᠠ ᠰᠤᠷᠭᠠᠭᠤᠯᠢ |
ᠪᠠᠶᠢᠵᠤ᠂ 2022 ᠣᠨ ᠤ 8 ᠰᠠᠷ᠎ᠠ ᠳᠤ ᠺᠢᠽᠢᠯᠰᠦ᠋ ᠵᠧᠦ ᠶᠢᠨ ᠠᠩᠬᠠᠳᠠᠭᠴᠢ ᠪᠠᠷᠠᠭᠤᠨ ᠣᠷᠣᠨ ᠤ |
ᠲᠥᠯᠥᠪᠯᠡᠭᠡ ᠶᠢᠨ ᠰᠠᠶᠢᠨ ᠳᠤᠷᠠᠴᠤᠳ ᠠᠴᠠ ᠰᠤᠷᠭᠠᠭᠤᠯᠢ ᠶᠢ ᠳᠠᠭᠠᠭᠠᠴᠢᠯᠠᠨ ᠰᠤᠷᠭᠠᠨ ᠬᠥᠮᠦᠵᠢᠯ ᠢ ᠳᠡᠮᠵᠢᠬᠦ |
ᠲᠤᠷᠰᠢᠯᠲᠠ ᠶᠢᠨ ᠰᠤᠷᠭᠠᠭᠤᠯᠢ ᠪᠣᠯᠵᠠᠢ᠃ ᠣᠶᠢᠷ᠎ᠠ ᠳᠤ᠂ ᠰᠢᠶ᠋ᠸᠶ᠋ᠢᠲ᠋ᠧ ᠪᠠᠭ᠎ᠠ ᠰᠤᠷᠭᠠᠭᠤᠯᠢ ᠶᠢᠨ ᠬᠢᠯᠢ ᠶᠢ ᠰᠠᠬᠢᠨ |
ᠬᠠᠮᠠᠭᠠᠯᠠᠵᠤ ᠰᠤᠷᠭᠠᠨ ᠬᠥᠮᠦᠵᠢᠯ ᠢ ᠳᠡᠮᠵᠢᠬᠦ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷᠠᠴᠤᠤᠨ ᠤᠨ |
ᠦᠢᠯᠡᠴᠢᠯᠡᠭᠡᠨ ᠤ ᠠᠩᠭᠢ ᠶᠢᠨ ᠭᠡᠰᠢᠭᠦᠳ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠬᠢᠯᠢ ᠶᠢ |
ᠰᠠᠬᠢᠨ ᠬᠠᠮᠠᠭᠠᠯᠠᠵᠤ ᠰᠤᠷᠭᠠᠨ ᠬᠥᠮᠦᠵᠢᠯ ᠢ ᠳᠡᠮᠵᠢᠭᠰᠡᠨ ᠪᠠᠶᠢᠳᠠᠯ ᠪᠠ ᠲᠥᠷᠥᠭᠳᠡᠯ ᠢᠶᠠᠨ ᠬᠠᠷᠢᠭᠤ ᠮᠡᠳᠡᠭᠦᠯᠵᠦ᠂ |
ᠪᠠᠷᠠᠭᠤᠨ ᠣᠷᠣᠨ ᠳᠤ ᠦᠨᠳᠦᠰᠦᠯᠡᠵᠦ᠂ ᠬᠢᠯᠢ ᠬᠢᠵᠠᠭᠠᠷ ᠣᠷᠣᠨ ᠳᠤ ᠦᠢᠯᠡᠴᠢᠯᠡᠬᠦ ᠵᠣᠷᠢᠭ ᠢᠶᠠᠨ ᠢᠯᠡᠳᠬᠡᠵᠡᠢ᠃ |
|