ᠯᠢ ᠴᠢᠶᠠᠩ ᠮᠦᠸᠧᠽᠢ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠠᠢ |
|
ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 6 ᠤ ᠴᠠᠭᠢᠯᠭᠠᠨ ᠮᠡᠳᠡᠭᠡ 5 ᠰᠠᠷ᠎ᠠ ᠶᠢᠨ 6 ᠤ |
ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠹᠷᠢᠳ᠋ᠷᠢᠰᠢ · ᠮᠦᠸᠧᠽᠢ ᠳᠤ ᠴᠠᠭᠢᠯᠭᠠᠨ ᠴᠢᠮᠡᠭᠡ ᠶᠠᠪᠤᠭᠤᠯᠵᠤ᠂ |
ᠲᠡᠭᠦᠨ ᠤ ᠪᠦᠭᠦᠳᠠ ᠨᠠᠶᠢᠷᠠᠮᠳᠠᠬᠤ ᠬᠤᠯᠪᠣᠭᠠᠨ ᠤ ᠭᠧᠷᠮᠠᠨ ᠤᠯᠤᠰ ᠤᠨ ᠶᠡᠷᠦᠩᠬᠡᠢ ᠰᠠᠶᠢᠳ ᠢᠶᠠᠷ |
ᠰᠣᠩᠭᠤᠭᠳᠠᠭᠰᠠᠨ ᠳᠤ ᠪᠠᠶᠠᠷ ᠬᠦᠷᠭᠡᠪᠡ᠃ |
ᠰᠢ ᠶᠢᠨ ᠫᠢᠩ᠂ ᠳᠤᠮᠳᠠᠳᠤ ᠭᠧᠷᠮᠠᠨ ᠪᠣᠯ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠃ |
ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 53 ᠵᠢᠯ ᠤᠨ ᠲᠤᠷᠰᠢ᠂ ᠬᠤᠶᠠᠷ ᠤᠯᠤᠰ ᠢᠶᠠᠷ ᠢᠶᠠᠨ ᠬᠠᠷᠢᠯᠴᠠᠨ |
ᠭᠦᠨᠳᠦᠳᠭᠡᠵᠦ ᠬᠠᠷᠢᠯᠴᠠᠨ ᠢᠲᠡᠭᠡᠯᠴᠡᠬᠦ᠂ ᠡᠷᠬᠡ ᠲᠡᠭᠰᠢ ᠪᠠᠷ ᠬᠠᠨᠳᠤᠬᠤ ᠬᠠᠷᠢᠯᠴᠠᠭᠠᠨ ᠤ ᠵᠠᠮ ᠢ ᠪᠠᠷᠢᠮᠲᠠᠯᠠᠵᠤ᠂ |
ᠢᠮᠠᠭᠲᠠ ᠬᠠᠷᠢᠯᠴᠠᠨ ᠠᠰᠢᠭᠲᠠᠢ ᠬᠠᠷᠢᠯᠴᠠᠨ ᠬᠠᠷᠠᠭᠠᠯᠵᠠᠬᠤ᠂ ᠬᠠᠮᠲᠤ ᠪᠠᠷ ᠠᠰᠢᠭ ᠬᠦᠷᠲᠡᠵᠦ ᠬᠥᠭᠵᠢᠬᠦ |
ᠬᠠᠮᠲᠤᠷᠠᠯᠴᠠᠭᠠᠨ ᠤ ᠵᠠᠮ ᠢᠶᠠᠷ ᠵᠠᠮᠨᠠᠵᠤ᠂ ᠭᠠᠷ ᠬᠤᠯᠪᠣᠨ ᠵᠡᠷᠭᠡ ᠪᠠᠷ ᠤᠷᠤᠭᠰᠢᠯᠠᠬᠤ᠂ ᠬᠠᠷᠢᠯᠴᠠᠨ ᠠᠮᠵᠢᠯᠲᠠ |
ᠣᠯᠬᠤ ᠰᠠᠶᠢᠨ ᠬᠠᠨᠢᠲᠠᠨ ᠪᠣᠯᠵᠤ᠂ ᠥᠨᠳᠥᠷ ᠲᠦᠪᠰᠢᠨ ᠪᠦᠬᠦᠢ ᠬᠠᠮᠲᠤᠷᠠᠯᠴᠠᠭ᠎ᠠ ᠪᠠᠷ ᠬᠤᠶᠠᠷ ᠲᠠᠯ᠎ᠠ ᠶᠢᠨ |
ᠬᠠᠷᠢᠯᠴᠠᠭ᠎ᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ ᠣᠳᠣᠬᠠᠨ ᠤ ᠳᠡᠯᠡᠬᠡᠢ ᠶᠢᠷᠲᠢᠨᠴᠦ |
ᠤᠷᠪᠠᠭᠠᠨ ᠬᠥᠷᠪᠡᠭᠡᠨ ᠬᠤᠪᠢᠷᠠᠯᠲᠠ ᠰᠤᠯᠪᠢᠴᠠᠨ ᠣᠷᠣᠰᠢᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ |
ᠤᠷᠤᠰᠬᠠᠯ ᠰᠥᠷᠦᠨ ᠥᠨᠳᠡᠯᠵᠡᠵᠦ ᠪᠠᠶᠢᠭ᠎ᠠ ᠪᠤᠯᠪᠠᠴᠤ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ |
ᠬᠠᠮᠲᠤ ᠪᠠᠷ ᠠᠰᠢᠭ ᠭᠦᠷᠳᠡᠭᠦ ᠪᠣᠯ ᠮᠥᠨ ᠬᠦ ᠬᠥᠮᠥᠨ ᠤ ᠶᠢᠷᠲᠢᠨᠴᠦ ᠶᠢᠨ ᠵᠥᠪ ᠵᠠᠮ ᠪᠠ ᠬᠤᠷᠢᠭᠯᠠᠭᠳᠠᠰᠢ ᠦᠭᠡᠢ |
ᠴᠠᠭ ᠦᠶ᠎ᠡ ᠶᠢᠨ ᠤᠷᠤᠰᠬᠠᠯ ᠪᠣᠯᠣᠨ᠎ᠠ᠃ ᠳᠡᠯᠡᠬᠡᠢ ᠶᠢᠨ ᠬᠤᠶᠠᠳᠤᠭᠠᠷ᠂ ᠭᠤᠷᠪᠠᠳᠤᠭᠠᠷ ᠶᠡᠭᠡ ᠠᠵᠤ ᠠᠬᠤᠢ ᠶᠢᠨ |
ᠴᠣᠭᠴᠠ ᠪᠣᠯᠣᠨ ᠪᠦᠭᠦ ᠪᠥᠮᠪᠥᠷᠴᠡᠭ ᠲᠤ ᠨᠥᠯᠥᠭᠡ ᠲᠠᠢ ᠲᠣᠮᠣ ᠤᠯᠤᠰ ᠪᠣᠯᠤᠭᠰᠠᠨ ᠤ ᠬᠤᠪᠢ ᠳᠤ᠂ ᠳᠤᠮᠳᠠᠳᠤ |
ᠭᠧᠷᠮᠠᠨ ᠬᠤᠶᠠᠷ ᠤᠯᠤᠰ ᠲᠡᠦᠬᠡ ᠶᠢᠨ ᠶᠡᠭᠡ ᠬᠠᠨᠳᠤᠰᠢ ᠳᠤ ᠵᠣᠬᠢᠴᠠᠵᠤ᠂ ᠲᠥᠪ ᠭᠤᠣᠯᠴᠢ ᠰᠢᠳᠤᠷᠭᠤ ᠶᠣᠰᠣ ᠶᠢ |
ᠪᠠᠲᠤ ᠰᠠᠬᠢᠵᠤ᠂ ᠰᠣᠯᠢᠯᠴᠠᠯ ᠲᠣᠯᠢᠳᠠᠯ ᠢᠶᠠᠨ ᠭᠦᠨᠵᠡᠭᠡᠶᠢᠷᠡᠭᠦᠯᠵᠦ᠂ ᠪᠦᠯᠬᠦᠮᠳᠡᠯ ᠬᠠᠮᠲᠤᠷᠠᠯᠴᠠᠭ᠎ᠠ ᠪᠠᠨ |
ᠴᠢᠩᠭᠠᠳᠬᠠᠵᠤ᠂ ᠲᠤᠬᠰᠢᠨ ᠰᠠᠯᠬᠢ ᠰᠢᠷᠦᠭᠦᠨ ᠪᠣᠷᠣᠭᠠᠨ ᠢ ᠭᠠᠷ ᠬᠤᠯᠪᠣᠨ ᠬᠠᠮᠲᠤ ᠪᠠᠷ ᠲᠤᠭᠤᠯᠵᠤ᠂ ᠬᠤᠶᠠᠷ |
ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠵᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ |
ᠤᠯᠠᠨ ᠲᠤᠶᠢᠯᠵᠢᠯᠲᠠ ᠪᠣᠯᠣᠨ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ |
ᠬᠠᠮᠲᠤ ᠪᠠᠷ ᠠᠬᠢᠭᠤᠯᠪᠠᠯ ᠵᠣᠬᠢᠨ᠎ᠠ᠃ ᠪᠢ ᠳᠤᠮᠳᠠᠳᠤ ᠭᠧᠷᠮᠠᠨ ᠤ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ |
ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠶᠡᠷᠦᠩᠬᠡᠢ ᠰᠠᠶᠢᠳ ᠠᠪᠤᠭᠠᠢ ᠲᠠᠢ ᠬᠠᠮᠲᠤ ᠪᠠᠷ ᠴᠢᠷᠮᠠᠶᠢᠵᠤ᠂ |
ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠪᠠᠷᠢᠮᠲᠠᠯᠠᠵᠤ᠂ ᠤᠯᠤᠰ ᠲᠦᠷᠦ ᠶᠢᠨ |
ᠢᠲᠡᠭᠡᠯᠴᠡᠭᠡ ᠪᠠᠨ ᠪᠠᠬᠢᠵᠢᠭᠦᠯᠵᠦ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠭᠧᠷᠮᠠᠨ ᠤ |
ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠰᠢᠨ᠎ᠡ ᠪᠠᠶᠢᠳᠠᠯ ᠢ ᠡᠭᠦᠳᠴᠦ᠂ |
ᠳᠤᠮᠳᠠᠳᠤ ᠡᠸᠦ᠋ᠷᠦᠫᠡ ᠶᠢᠨ ᠬᠠᠮᠲᠤᠷᠠᠯᠴᠠᠭᠠᠨ ᠤ ᠵᠥᠪ ᠴᠢᠭᠯᠡᠯ ᠢ ᠬᠥᠲᠥᠯᠥᠨ ᠳᠠᠭᠠᠭᠤᠯᠵᠤ᠂ ᠳᠡᠯᠡᠬᠡᠢ ᠶᠢᠨ ᠡᠩᠬᠡ |
ᠲᠠᠶᠢᠪᠤᠩ ᠲᠣᠭᠲᠠᠭᠤᠨ ᠪᠠ ᠬᠥᠭᠵᠢᠯ ᠴᠡᠴᠡᠭᠯᠡᠯ ᠢ ᠬᠠᠮᠲᠤ ᠪᠠᠷ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ |
ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠠᠭᠢᠯᠭᠠᠨ ᠴᠢᠮᠡᠭᠡ |
ᠶᠠᠪᠤᠭᠤᠯᠵᠤ᠂ ᠮᠦᠸᠧᠽᠢ ᠶᠢᠨ ᠭᠧᠷᠮᠠᠨ ᠤ ᠶᠡᠷᠦᠩᠬᠡᠢ ᠰᠠᠶᠢᠳ ᠢᠶᠠᠷ ᠰᠣᠩᠭᠤᠭᠳᠠᠭᠰᠠᠨ ᠳᠤ ᠪᠠᠶᠠᠷ ᠬᠦᠷᠭᠡᠵᠦ᠂ |
ᠳᠤᠮᠳᠠᠳᠤ ᠭᠧᠷᠮᠠᠨ ᠪᠣᠯ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠂ ᠬᠤᠶᠠᠷ ᠲᠠᠯ᠎ᠠ ᠶᠢᠨ ᠡᠯ᠎ᠡ |
ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠦᠷ᠎ᠡ ᠪᠦᠲᠦᠭᠡᠯ ᠦᠯᠡᠮᠵᠢ᠂ ᠭᠡᠭᠡᠨ ᠰᠠᠷᠠᠭᠤᠯ |
ᠠᠯᠤᠰ ᠢᠷᠡᠭᠡᠳᠦᠢ ᠲᠠᠢ᠃ ᠡᠷᠬᠡ ᠲᠡᠭᠰᠢ ᠬᠠᠷᠢᠯᠴᠠᠨ ᠠᠰᠢᠭᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ |
ᠪᠣᠯ ᠬᠤᠶᠠᠷ ᠤᠯᠤᠰ ᠤᠨ ᠬᠠᠮᠲᠤ ᠶᠢᠨ ᠲᠡᠦᠬᠡ ᠶᠢᠨ ᠰᠣᠩᠭᠤᠯᠲᠠ ᠮᠥᠨ᠂ ᠪᠠᠰᠠ ᠴᠤ ᠳᠤᠮᠳᠠᠳᠤ ᠭᠧᠷᠮᠠᠨ ᠤ |
ᠬᠠᠷᠢᠯᠴᠠᠭ᠎ᠠ ᠶᠢᠨ ᠬᠠᠮᠤᠭ ᠤᠨ ᠢᠯᠡ ᠲᠣᠳᠣ ᠣᠨᠴᠠᠯᠢᠭ ᠪᠠᠶᠢᠵᠤ᠂ ᠬᠤᠶᠠᠷ ᠲᠠᠯ᠎ᠠ ᠪᠠᠷ ᠢᠶᠠᠨ ᠨᠠᠷᠢᠨ ᠨᠢᠮᠪᠠᠢ |
ᠬᠥᠭᠵᠢᠭᠦᠯᠦᠨ ᠬᠠᠮᠠᠭᠠᠯᠠᠵᠤ ᠤᠯᠠᠮᠵᠢᠯᠠᠨ ᠪᠠᠳᠠᠷᠠᠭᠤᠯᠤᠭᠤᠰᠢᠲᠠᠢ ᠶᠤᠮ᠃ ᠪᠢ ᠲᠠᠨ ᠲᠠᠢ ᠬᠠᠮᠲᠤ ᠰᠠᠶᠢᠨ ᠰᠠᠶᠢᠬᠠᠨ |
ᠠᠵᠢᠯ ᠤᠨ ᠬᠠᠷᠢᠯᠴᠠᠭ᠎ᠠ ᠪᠠᠶᠢᠭᠤᠯᠵᠤ᠂ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠬᠥᠭᠵᠢᠯᠲᠡ ᠶᠢ ᠠᠬᠢᠭᠤᠯᠵᠤ᠂ |
ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠳᠤᠮᠳᠠᠳᠤ ᠭᠧᠷᠮᠠᠨ ᠤ ᠪᠦᠭᠦ |
ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠠᠭᠤᠯᠬᠤᠨ ᠢ ᠲᠠᠰᠤᠷᠠᠯᠳᠠ ᠦᠭᠡᠢ |
ᠲᠡᠭᠦᠯᠳᠡᠷᠵᠢᠭᠦᠯᠵᠦ᠂ ᠳᠤᠮᠳᠠᠳᠤ ᠭᠧᠷᠮᠠᠨ᠂ ᠳᠤᠮᠳᠠᠳᠤ ᠡᠸᠦ᠋ᠷᠦᠫᠡ ᠶᠢᠨ ᠬᠠᠮᠲᠤᠷᠠᠯᠴᠠᠭᠠᠨ ᠤ ᠵᠥᠪ ᠴᠢᠭᠯᠡᠯ ᠢ |
ᠬᠥᠲᠥᠯᠥᠨ ᠳᠠᠭᠠᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ |
|