2 ᠰᠠᠷ᠎ᠠ᠎ᠶᠢᠨ 4᠎ᠦ ᠦᠳᠡ᠎ᠶᠢᠨ ᠡᠮᠦᠨᠡᠬᠢ 9 ᠴᠠᠭ᠎ᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠬᠥᠬᠡᠬᠣᠲᠠ᠎ᠳᠤ ᠡᠬᠢᠯᠡᠪᠡ᠃

ᠲᠣᠰ ᠤᠳᠠᠭᠠᠨ᠎ᠤ ᠶᠡᠬᠡ ᠬᠤᠷᠠᠯ᠎ᠤᠨ ᠵᠢᠩᠬᠢᠨᠢ ᠬᠤᠷᠠᠯ᠎ᠤᠨ ᠬᠤᠭᠤᠴᠠᠭ᠎ᠠ ᠨᠢ 4 ᠡᠳᠦᠷ᠂ ᠨᠡᠶ᠋ᠢᠲᠡ 4 ᠤᠳᠠᠭᠠᠨ᠎ᠤ ᠪᠥᠬᠥᠳᠡ ᠬᠤᠷᠠᠯ᠂ 3 ᠤᠳᠠᠭᠠᠨ᠎ᠤ ᠲᠡᠷᠢᠭᠦᠯᠡᠭᠴᠢᠳ᠎ᠦᠨ ᠪᠦᠯᠬᠦᠮ᠎ᠦᠨ ᠬᠤᠷᠠᠯ᠂ 5 ᠤᠳᠠᠭᠠᠨ᠎ᠤ ᠲᠥᠯᠥᠭᠡᠯᠡᠭᠴᠢᠳ᠎ᠦᠨ ᠪᠦᠯᠬᠦᠮ᠎ᠦᠨ ᠪᠥᠬᠥᠳᠡ ᠬᠤᠷᠠᠯ᠎ᠢ ᠲᠣᠬᠢᠷᠠᠭᠤᠯᠵᠤ᠂ 8 ᠵᠥᠪᠯᠡᠬᠦ ᠵᠦᠢᠯ᠎ᠲᠠᠢ᠃ ᠡᠭᠦᠨ᠎ᠳᠦ ᠭᠣᠣᠯᠳᠠᠭᠤ᠄ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠂ ᠲᠥᠯᠥᠪᠯᠡᠭᠡ᠎ᠶᠢᠨ ᠮᠡᠳᠡᠭᠦᠯᠦᠯᠲᠡ᠂ ᠲᠥᠰᠥᠪ᠎ᠦᠨ ᠮᠡᠳᠡᠭᠦᠯᠦᠯᠲᠡ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠵᠢᠯ᠎ᠤᠨ ᠮᠡᠳᠡᠭᠦᠯᠦᠯᠲᠡ ᠪᠣᠯᠣᠨ ᠰᠢᠭᠦᠬᠦ ᠬᠣᠷᠢᠶ᠎ᠠ ᠪᠠᠢᠴᠠᠭᠠᠬᠤ ᠬᠣᠷᠢᠶ᠎ᠠ ᠬᠣᠶᠠᠷ ᠬᠣᠷᠢᠶᠠᠨ᠎ᠤ ᠠᠵᠢᠯ᠎ᠤᠨ ᠮᠡᠳᠡᠭᠦᠯᠦᠯᠲᠡ᠎ᠶᠢ ᠬᠢᠨᠠᠨ ᠵᠥᠪᠯᠡᠬᠦ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠥᠲᠥᠯᠪᠦᠷᠢ᠎ᠶᠢ ᠬᠢᠨᠠᠨ ᠪᠠᠢᠴᠠᠭᠠᠬᠤ ᠪᠠ ᠵᠥᠪᠰᠢᠶᠡᠷᠡᠬᠦ ᠵᠢᠴᠢ ᠰᠣᠩᠭᠣᠭᠤᠯᠢ᠎ᠶᠢᠨ ᠵᠦᠢᠯ᠎ᠦᠳ ᠪᠠᠭᠲᠠᠨ᠎ᠠ᠃