ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
2026 ᠣᠨ ᠎ᠤ ᠬᠥᠬᠡᠬᠣᠲᠠ᠎ᠶ᠋ᠢᠨ ᠨᠡᠢᠭᠡᠮ ᠲᠣᠭᠣᠷᠢᠭ᠎ᠤᠨ ᠪᠡᠶ᠎ᠡ᠎ᠶ᠋ᠢᠨ ᠲᠠᠮᠢᠷ ᠎ᠤᠨ ᠴᠤᠭ᠍ᠯᠠᠭᠠᠨ ᠵᠢᠴᠢ 《ᠡᠷᠡᠭᠦᠯ ᠮᠡᠨᠳᠦ᠍᠎ᠶ᠋ᠢᠨ ᠲᠦᠷᠭᠡᠨ ᠲᠡᠷᠭᠡ》᠎ᠶ᠋ᠢ ᠨᠡᠢᠭᠡᠮ ᠲᠣᠭᠣᠷᠢᠭ ᠎ᠲᠤ ᠣᠷᠣᠭᠤᠯᠬᠤ ᠠᠵᠢᠯᠯᠠᠭ᠎ᠠ ᠶᠠᠪᠤᠭ᠍ᠳᠠᠪᠠ
ᠨᠡᠶ᠋ᠢᠲᠡᠯᠡᠭᠰᠡᠨ ᠴᠠᠭ᠄ 2026-06-25

     ᠲᠦᠷᠦᠬᠦᠬᠡᠨ᠂ 2026 ᠣᠨ᠎ᠤ ᠬᠥᠬᠡᠬᠣᠲᠠ᠎ᠶ᠋ᠢᠨ ᠨᠡᠢᠭᠡᠮ ᠲᠣᠭᠣᠷᠢᠭ ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠵᠢᠴᠢ 《ᠡᠷᠡᠭᠦᠯ ᠮᠡᠨᠳᠦ᠍᠎ᠶ᠋ᠢᠨ ᠲᠦᠷᠭᠡᠨ ᠲᠡᠷᠭᠡ》᠎ᠶ᠋ᠢ ᠨᠡᠢᠭᠡᠮ ᠲᠣᠭᠣᠷᠢᠭ᠎ᠲᠤ ᠣᠷᠣᠭᠤᠯᠬᠤ ᠠᠵᠢᠯᠯᠠᠭ᠎ᠠ ᠬᠦᠬᠡᠬᠤᠲᠠ᠎ᠶᠢᠨ ᠰᠠᠢᠬᠠᠨ ᠲᠣᠭᠣᠷᠢᠭ᠎ᠤᠨ ᠲᠣᠷᠭᠠᠨ ᠵᠠᠮ ᠎ᠤᠨ ᠴᠡᠴᠡᠷᠯᠢᠭ ᠎ᠦᠨ ᠰᠠᠭ᠍ᠰᠤᠨ ᠪᠥᠮᠪᠥᠭᠡ᠎ᠶ᠋ᠢᠨ ᠲᠠᠯᠠᠪᠤᠷ᠎ᠲᠦ  ᠶᠠᠪᠤᠭ᠍ᠳᠠᠪᠠ᠃

ᠲᠣᠰ ᠤᠳᠠᠭᠠᠨ ᠎ᠤ ᠠᠵᠢᠯᠯᠠᠭ᠎ᠠ ᠎ᠶ᠋ᠢ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠠᠴᠠ ᠭᠤᠤᠯᠯᠠᠨ ᠡᠷᠭᠢᠯᠡᠵᠦ᠍᠂ ᠰᠠᠢᠬᠠᠨ ᠲᠣᠭᠣᠷᠢᠭ ᠎ᠤᠨ  ᠰᠣᠶᠣᠯ  ᠪᠡᠶ᠎ᠡ᠎ᠶ᠋ᠢᠨ  ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ ᠳᠠᠭᠠᠭᠠᠴᠢᠯᠠᠨ ᠡᠷᠭᠢᠯᠡᠵᠦ᠍᠂ 《ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ ᠎ᠢ ᠬᠥᠭ᠌ᠵᠢᠭᠦᠯᠵᠦ᠍ ᠠᠷᠠᠳ ᠲᠦᠮᠡᠨ ᠎ᠦ ᠪᠡᠶ᠎ᠡ ᠮᠠᠬᠠᠪᠣᠳ᠎ᠢ ᠴᠢᠭᠢᠷᠠᠭ᠍ᠵᠢᠭᠤᠯᠬᠤ》 ᠵᠣᠷᠢᠯᠲᠠ ᠎ᠶ᠋ᠢ ᠭᠦᠨᠵᠡᠭᠡᠶ ᠲᠤᠭᠤᠰᠢᠯᠠᠭᠤᠯᠵᠦ᠂ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠪᠡᠶ᠎ᠡ᠎ᠶ᠋ᠢᠨ ᠲᠠᠮᠢᠷ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠨ  ᠪᠥᠬᠥ᠌ ᠠᠷᠠᠳ ᠎ᠤᠨ ᠡᠷᠡᠭᠦᠯ ᠮᠡᠨᠳᠦ᠍᠎ᠶ᠋ᠢᠨ ᠤᠬᠠᠮᠰᠠᠷ᠎ᠢ  ᠳᠡᠭᠡᠭ᠌ᠰᠢᠯᠡᠭᠦᠯᠬᠦ᠌᠎ᠪᠡᠷ  ᠵᠣᠷᠢᠯᠭ᠎ᠠ ᠎ᠪᠠᠨ ᠪᠣᠯᠭᠠᠵᠠᠶ᠃ ᠲᠤᠰ ᠠᠵᠢᠯᠯᠠᠭ᠎ᠠ ᠳ᠋ᠤ  ᠨᠡᠢᠭᠡᠮ ᠲᠣᠭᠣᠷᠢᠭ ᠎ᠤᠨ ᠰᠠᠭᠤᠭᠠᠯᠢ ᠠᠷᠠᠳ᠂ ᠪᠡᠶ᠎ᠡ ᠎ᠶ᠋ᠢᠨ ᠲᠠᠮᠢᠷ ᠎ᠤᠨ ᠨᠡᠢᠭᠡᠮᠯᠢᠭ ᠎ᠤᠨ ᠠᠵᠢᠯᠲᠠᠨ᠂ ᠰᠠᠢᠨ ᠳᠤᠷᠠᠴᠤᠳ ᠎ᠢ  ᠪᠠᠭ᠍ᠲᠠᠭᠠᠭ᠍ᠰᠠᠨ 300 ᠱᠢᠬᠠᠮ ᠬᠥᠮᠦᠨ ᠣᠷᠣᠯᠴᠠᠵᠠᠶ᠃

     ᠨᠡᠢᠭᠡᠮ ᠲᠣᠭᠣᠷᠢᠭ᠎ᠤᠨ ᠪᠡᠶ᠎ᠡ᠎ᠶ᠋ᠢᠨ ᠲᠠᠮᠢᠷ ᠎ᠤᠨ ᠴᠤᠭ᠍ᠯᠠᠭᠠᠨ᠎ᠤ ᠲᠤᠬᠠᠶ᠎ᠶ᠋ᠢᠨ ᠲᠠᠯᠠᠪᠠᠶ᠎ᠳᠤ ᠡᠬᠢᠯᠡᠯᠲᠠ᠎ᠶᠢᠨ ᠶᠤᠰᠤᠯᠠᠯ᠂ ᠲᠣᠭ᠍ᠯᠠᠯᠲᠠ᠂ ᠰᠣᠨᠢᠷᠬᠠᠯᠲᠠᠶ ᠲᠣᠭ᠍ᠯᠠᠭᠠᠮ᠂ ᠨᠡᠢᠭᠡᠮ᠎ᠦᠨ ᠪᠡᠶ᠎ᠡ᠎ᠶ᠋ᠢᠨ ᠲᠠᠮᠢᠷ᠎ᠤᠨ ᠵᠢᠭᠠᠨ ᠵᠢᠯᠣᠭᠣᠳᠣᠭ᠍ᠴᠢ᠎ᠶ᠋ᠢᠨ ᠬᠢᠴᠢᠶᠡᠯ  ᠵᠡᠷᠭᠡ ᠭᠣᠭ᠍ᠴᠣᠭ᠎ᠠ ᠲᠣᠬᠢᠷᠠᠭᠤᠯᠪᠠ᠃ ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠶ᠋ᠢᠨ ᠠᠭᠤᠷ ᠠᠮᠢᠰᠭᠤᠯ ᠬᠥᠷ ᠬᠥᠭ᠌ᠵᠢᠶᠡᠨ᠎ᠶ᠋ᠢᠡᠷ ᠪᠢᠯᠬᠠᠵᠦ᠂ ᠬᠥᠬᠡᠬᠣᠲᠠ᠎ᠶ᠋ᠢᠨ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠢᠳᠡᠪᠬᠢᠲᠡᠶ ᠥᠭᠡᠳᠡᠯᠡᠨ ᠳᠠᠪᠱᠢᠬᠤ ᠣᠶᠤᠨ ᠰᠠᠨᠠᠭᠠᠨ ᠎ᠤ  ᠳᠦᠷᠰᠦ  ᠪᠠᠢᠳᠠᠯ᠎ᠢ  ᠭᠦᠶ᠋ᠴᠡᠳ  ᠢᠯᠡᠷᠡᠭᠦᠯᠪᠡ᠃

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
          
ᠬᠠᠮᠢᠶ᠎ᠡ ᠪᠦᠬᠦᠢ ᠰᠣᠨᠢᠨ
 
            
Baidu
map