1982 ᠤᠨ ᠤ 9 ᠰᠠᠷ᠎ᠠ ᠶᠢᠨ 2 ᠠᠴᠠ 8 ᠤ ᠡᠳᠦᠷ ᠪᠤᠯᠳᠠᠯ᠎ᠠ᠂ ᠤᠯᠤᠰ ᠤᠨ ᠲᠠᠮᠢᠷ ᠤᠨ ᠵᠦᠪᠯᠡᠯ᠂ |
ᠤᠯᠤᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠭᠤᠤᠯᠯᠠᠨ ᠡᠷᠬᠢᠯᠡᠵᠦ᠂ ᠦᠪᠦᠷ ᠮᠤᠩᠭᠤᠯ ᠤᠨ |
ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠲᠠᠭᠠᠭᠠᠴᠢᠯᠠᠨ ᠡᠷᠬᠢᠯᠡᠭᠰᠡᠨ ᠪᠦᠬᠦ |
ᠤᠯᠤᠰ ᠤᠨ ᠴᠦᠬᠡᠨ ᠲᠤᠭᠠᠳᠦ ᠦᠨᠳᠦᠰᠦᠳᠡᠨ ᠤ ᠤᠯᠠᠮᠵᠢᠯᠠᠯᠳᠦ ᠪᠡᠶ᠎ᠡ ᠶᠢᠨ ᠲᠠᠮᠢᠷ ᠤᠨ ᠴᠤᠭᠯᠠᠭᠠᠨ ᠬᠦᠭᠡᠬᠤᠳᠠ |
ᠳᠤ ᠶᠠᠪᠤᠭᠳᠠᠪᠠ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠪᠦᠬᠦ ᠤᠯᠤᠰ |
ᠤᠨ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶᠠᠨ ᠤ ᠲᠡᠳ᠋ ᠬᠤᠷᠢᠶᠠᠨ ᠲᠠᠷᠤᠭ᠎ᠠ ᠤᠯᠠᠭᠠᠨᠬᠦᠦ᠂ |
ᠨᠠᠮ ᠤᠨ ᠲᠦᠪ ᠬᠤᠷᠢᠶᠠᠨ ᠤ ᠱᠦᠵᠢ ᠨᠠᠷ ᠤᠨ ᠭᠠᠵᠠᠷ ᠤᠨ ᠱᠦᠵᠢ᠂ ᠲᠦᠷᠦ ᠶᠢᠨ ᠶᠠᠪᠤᠳᠠᠯ ᠤᠨ ᠬᠤᠷᠢᠶᠠᠨ ᠤ |
ᠲᠡᠳ᠋ ᠶᠠᠷᠦᠩᠬᠡᠢ ᠰᠠᠶᠢᠳ ᠪᠢᠴᠢᠭᠡᠰᠦ ᠪᠡᠯᠡᠭᠯᠡᠪᠡ᠃ |
ᠲᠤᠰ ᠤᠳᠠᠭᠠᠨ ᠤ ᠲᠠᠮᠢᠷ ᠤᠨ ᠴᠤᠭᠯᠠᠭᠠᠨ ᠳᠤ ᠠᠩᠬ᠎ᠠ ᠤᠳᠠᠭ᠎ᠠ ᠬᠤᠷᠠᠯ ᠤᠨ ᠰᠦᠯᠳᠡ ᠲᠦᠰᠦᠪᠯᠡᠵᠡᠢ᠃ |
ᠲᠤᠰ ᠤᠳᠠᠭᠠᠨ ᠤ ᠲᠠᠮᠢᠷ ᠤᠨ ᠴᠤᠭᠯᠠᠭᠠᠨ 7 ᠡᠳᠦᠷ ᠶᠠᠪᠤᠭᠳᠠᠵᠦ᠂ ᠪᠦᠬᠦ ᠤᠯᠤᠰ ᠤᠨ 29 ᠮᠤᠵᠢ᠂ |
ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ 56 ᠦᠨᠳᠦᠰᠦᠳᠡᠨ ᠤ 863 ᠲᠠᠮᠢᠷᠴᠢᠨ᠂ |
ᠲᠠᠰᠬᠠᠯᠵᠢᠭᠤᠯᠤᠭᠴᠢ ᠤᠷᠤᠯᠴᠠᠪᠠ᠃ |
ᠲᠠᠮᠢᠷ ᠤᠨ ᠴᠤᠭᠯᠠᠭᠠᠨ ᠢ 80 ᠭᠠᠷᠤᠢ ᠲᠦᠮᠡᠨ ᠬᠦᠮᠦᠨ ᠤᠳᠠᠭ᠎ᠠ ᠦᠵᠡᠵᠦ ᠰᠤᠨᠢᠷᠬᠠᠪᠠ᠃ |
|