|
6 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ |
ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ |
ᠲᠠᠮᠢᠷ ᠤᠨ ᠴᠤᠭᠯᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠤᠯᠠᠭᠠᠨᠴᠠᠪ ᠬᠤᠳᠠ ᠳᠤ ᠶᠠᠪᠤᠠᠠᠳᠠᠪᠠ᠃ |
ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠳᠡᠳ᠋ ᠡᠷᠬᠢᠯᠡᠭᠴᠢ ᠶᠦᠨ ᠭᠦᠸᠧ |
ᠱᠧᠩ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᡁᠢ᠂ |
ᠤᠯᠠᠭᠠᠨᠴᠠᠪ ᠬᠤᠲᠠ ᠶᠢᠨ ᠳᠡᠳ᠋ ᠳᠠᠷᠤᠭ᠎ᠠ ᠹᠠᠩ ᠽᠧ ᠲᠣᠰ ᠬᠤᠭᠤᠴᠠᠭᠠᠨ ᠤ ᠦᠨᠳᠦᠰᠦᠲᠡᠨ ᠤ ᠪᠡᠶ᠎ᠡ ᠶᠢᠨ |
ᠲᠠᠮᠢᠷ ᠤᠨ ᠴᠤᠭᠯᠠᠭᠠᠨ ᠢ ᠡᠷᠭᠢᠯᠡᠭᠰᠡᠨ ᠠᠬᠤᠢ ᠪᠠᠶᠢᠳᠠᠯ᠂ ᠤᠷᠤᠯᠳᠤᠭᠠᠨ ᠤ ᠪᠠᠶᠢᠷᠢᠯᠠᠭᠤᠯᠤᠯᠲᠠ ᠵᠢᠴᠢ ᠵᠣᠬᠢᠶᠠᠨ |
ᠪᠠᠶᠢᠭᠤᠯᠵᠤ ᠪᠡᠯᠡᠳᠬᠡᠭᠰᠡᠨ ᠵᠡᠷᠭᠡ ᠪᠠᠶᠢᠳᠠᠯ ᠤᠨ ᠲᠤᠬᠠᠢ ᠲᠣᠰ ᠲᠣᠰ ᠮᠡᠳᠡᠭᠡ ᠨᠡᠶᠢᠲᠡᠯᠡᠵᠦ᠂ ᠤᠯᠠᠭᠠᠨᠴᠠᠪ |
ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠤᠸᠠᠢ ᠶᠠᠨ |
ᠮᠧᠶ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠭᠢᠯᠡᠪᠡ᠃ |
ᠠᠷᠪᠠᠳᠤᠭᠠᠷ ᠬᠤᠭᠤᠴᠠᠭᠠᠨ ᠤ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ |
ᠪᠡᠶ᠎ᠡ ᠶᠢᠨ ᠲᠠᠮᠢᠷ ᠤᠨ ᠴᠤᠭᠯᠠᠭᠠᠨ ᠨᠢ ︽ᠥᠩᠭᠡ ᠢᠯᠭᠠᠷᠠᠭᠰᠠᠨ ᠤᠯᠠᠭᠠᠨᠴᠠᠪ · ᠡᠶ᠎ᠡ ᠵᠣᠬᠢᠴᠠᠯ ᠲᠠᠢ |
ᠦᠨᠳᠦᠰᠦᠲᠡᠨ ᠤ ᠦᠪᠡᠳᠡᠭᠰᠢ ᠴᠤᠭᠯᠠᠭᠠᠨ︾ ᠢᠶᠠᠷ ᠭᠤᠣᠯ ᠰᠡᠳᠦᠪ ᠪᠣᠯᠭᠠᠵᠤ᠂ ᠦᠨᠳᠦᠰᠦᠲᠡᠨ ᠨᠦᠭᠦᠳ ᠤᠨ |
ᠠᠷᠠᠳ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠦᠨᠳᠦᠰᠦᠲᠡᠨ ᠨᠦᠭᠦᠳ ᠤᠨ |
ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ |
ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ |
ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠬᠤ ᠶᠢᠨ ᠲᠥᠯᠥᠭᠡ ᠶᠤᠮ᠃ ᠲᠣᠰ ᠬᠤᠭᠤᠴᠠᠭᠠᠨ ᠤ |
ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠨᠡ ᠵᠢᠯ ᠤᠨ 7 ᠰᠠᠷ᠎ᠠ ᠶᠢᠨ 8 ᠤ ᠡᠳᠦᠷ ᠠᠴᠠ 13 ᠤ |
ᠡᠳᠦᠷ ᠪᠣᠯᠲᠠᠯ᠎ᠠ ᠤᠯᠠᠭᠠᠨᠴᠠᠪ ᠬᠤᠲᠠ ᠳᠤ ᠶᠠᠪᠤᠭᠳᠠᠭᠤᠯᠤᠨ᠎ᠠ᠃ |
ᠣᠶᠢᠯᠠᠭᠠᠭᠰᠠᠨ ᠢᠶᠠᠷ᠂ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ |
ᠲᠠᠮᠢᠷ ᠤᠨ ᠴᠤᠭᠯᠠᠭᠠᠨ ᠢ 4 ᠵᠢᠯ ᠳᠤ ᠨᠢᠭᠡ ᠤᠳᠠᠭ᠎ᠠ ᠡᠷᠭᠢᠯᠡᠵᠦ᠂ 1985 ᠣᠨ ᠠᠴᠠ ᠡᠬᠢᠯᠡᠨ ᠨᠢᠭᠡᠨᠲᠡ ᠶᠢᠰᠦᠨ |
ᠬᠤᠭᠤᠴᠠᠭ᠎ᠠ ᠶᠢ ᠠᠮᠵᠢᠯᠲᠠ ᠲᠠᠢ ᠡᠷᠭᠢᠯᠡᠵᠦ ᠥᠩᠭᠡᠷᠡᠵᠡᠢ᠂ ᠡᠨᠡ ᠪᠣᠯ ᠪᠥᠬᠦ ᠣᠷᠣᠨ ᠤ ᠴᠢᠨᠠᠷᠲᠠᠢ᠂ |
ᠶᠡᠷᠦᠩᠬᠡᠶᠢᠯᠡᠭᠰᠡᠨ ᠴᠢᠨᠠᠷᠲᠠᠢ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠤᠷᠤᠯᠳᠤᠭᠠᠨ ᠮᠥᠨ᠂ ᠦᠨᠳᠦᠰᠦᠲᠡᠨ ᠤ |
ᠪᠦᠯᠬᠦᠮᠳᠡᠯ ᠢ ᠳᠡᠯᠭᠡᠨ ᠦᠵᠡᠭᠦᠯᠵᠦ᠂ ᠴᠠᠭ ᠦᠶ᠎ᠡ ᠶᠢᠨ ᠳᠦᠷᠰᠦ ᠪᠠᠶᠢᠳᠠᠯ ᠢ ᠬᠥᠲᠥᠯᠥᠨ ᠳᠠᠭᠠᠭᠤᠯᠬᠤ ᠦᠪᠡᠳᠡᠭᠰᠢ |
ᠴᠤᠭᠯᠠᠭᠠᠨ ᠮᠥᠨ᠂ ᠪᠠᠰᠠ ᠴᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ |
ᠨᠡᠮᠡᠭᠳᠡᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ |
ᠪᠦᠲᠦᠮᠵᠢᠲᠡᠶ ᠲᠠᠪᠴᠠᠩ ᠮᠥᠨ᠃ |