|
6 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ |
ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠠᠩᠬᠠᠨ ᠤ ᠤᠷᠤᠯᠳᠤᠭᠠᠨ ︱ |
ᠬᠢᠳᠡᠳ ᠮᠠᠶ᠋ᠢᠭ ᠤᠨ ᠪᠥᠬᠡ ᠶᠢᠨ ᠤᠷᠤᠯᠳᠤᠭᠠᠨ ᠤᠯᠠᠭᠠᠨᠴᠠᠪ ᠬᠤᠲᠠ ᠶᠢᠨ ᠪᠡᠶ᠎ᠡ ᠶᠢᠨ ᠲᠠᠮᠢᠷ ᠤᠨ ᠣᠷᠳᠣᠨ ᠳᠤ |
ᠡᠬᠢᠯᠡᠪᠡ᠂ 4 ᠡᠳᠦᠷ ᠶᠠᠪᠤᠭᠳᠠᠬᠤ ᠲᠤᠰ ᠤᠷᠤᠯᠳᠤᠭᠠᠨ ᠳᠤ ᠪᠥᠬᠦ ᠣᠷᠣᠨ ᠤ 12 ᠠᠶᠢᠮᠠᠭ ᠬᠤᠲᠠ ᠶᠢᠨ 193 |
ᠲᠠᠮᠢᠷᠴᠢᠨ ᠤᠷᠤᠯᠴᠠᠪᠠ᠃ |
ᠤᠷᠤᠯᠳᠤᠭᠠᠨ ᠳᠤ ᠡᠷᠡᠭᠲᠡᠢ ᠶᠢᠨ 52 ᠺᠢᠯᠣᠭ᠍ᠷᠠᠮ ᠤᠨ ᠲᠠᠰ᠂ 62 ᠺᠢᠯᠣᠭ᠍ᠷᠠᠮ ᠤᠨ ᠲᠠᠰ᠂ 74 |
ᠺᠢᠯᠣᠭ᠍ᠷᠠᠮ ᠤᠨ ᠲᠠᠰ᠂ 87 ᠺᠢᠯᠣᠭ᠍ᠷᠠᠮ ᠤᠨ ᠲᠠᠰ᠂ 97 ᠺᠢᠯᠣᠭ᠍ᠷᠠᠮ ᠤᠨ ᠲᠠᠰ᠂ 110 ᠺᠢᠯᠣᠭ᠍ᠷᠠᠮ ᠤᠨ ᠲᠠᠰ ᠪᠠ |
110 ᠺᠢᠯᠣᠭ᠍ᠷᠠᠮ ᠠᠴᠠ ᠳᠡᠭᠡᠭᠰᠢ ᠲᠠᠰ ᠤᠨ ᠤᠷᠤᠯᠳᠤᠭᠠᠨ ᠲᠣᠬᠢᠷᠠᠭᠤᠯᠵᠤ᠂ ᠲᠣᠰ ᠲᠣᠰ ᠨᠢᠭᠡᠳᠦᠭᠡᠷ᠂ |
ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠲᠤᠳᠤᠷᠠᠭᠤᠯᠤᠨᠡ᠃ |
ᠲᠤᠰ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ |
ᠤᠷᠤᠯᠳᠤᠭᠠᠨ ᠤ ᠲᠦᠷᠦᠯ ᠵᠦᠢᠯ ᠪᠠ ᠲᠣᠭᠯᠠᠯᠲᠠ ᠶᠢᠨ ᠲᠦᠷᠦᠯ ᠵᠦᠢᠯ ᠳᠤ 19 ᠶᠡᠭᠡ ᠲᠦᠷᠦᠯ ᠵᠦᠢᠯ ᠢ |
ᠲᠣᠬᠢᠷᠠᠭᠤᠯᠪᠠ᠃ ᠣᠶᠢᠯᠠᠭᠠᠭᠰᠠᠨ ᠢᠶᠠᠷ᠂ ᠡᠬᠢᠯᠡᠯᠲᠡ ᠶᠢᠨ ᠶᠣᠰᠣᠯᠠᠯ 7 ᠰᠠᠷ᠎ᠠ ᠶᠢᠨ 8 ᠤ ᠡᠳᠦᠷ ᠤᠯᠠᠭᠠᠨᠴᠠᠪ |
ᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠶ ᠳᠤ ᠶᠠᠪᠤᠭᠳᠠᠨ᠎ᠠ᠃ |
|