|
7 ᠰᠠᠷ᠎ᠠ ᠶᠢᠨ 8 ᠤ ᠤᠷᠤᠢ ᠥᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠴᠥᠭᠡᠨ |
ᠲᠣᠭᠠᠲᠤ ᠦᠨᠳᠦᠰᠦᠳᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤᠯᠠᠭᠠᠨᠴᠠᠪ ᠲᠤ ᠡᠬᠢᠯᠡᠪᠡ᠃ |
ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠤᠷᠤᠨ ᠤ |
ᠲᠡᠷᠢᠭᠦᠯᠡᠭᠴᠢ ᠸᠠᠩ ᠯᠢ ᠰᠢᠶᠠ ᠴᠤᠭᠯᠠᠭᠠᠨ ᠡᠬᠢᠯᠡᠭᠰᠡᠨ ᠢ ᠵᠠᠷᠯᠠᠪᠠ᠃ ᠥᠪᠡᠷᠲᠡᠭᠡᠨ ᠵᠠᠰᠠᠬᠤ ᠤᠷᠤᠨ ᠤ ᠨᠠᠮ ᠤᠨ |
ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠤᠨᠲ ᠤᠨ ᠬᠡᠯᠲᠡᠰ ᠤᠨ ᠲᠠᠷᠤᠭ᠎ᠠ ᠬᠦᠤᠳᠠᠭᠤᠯᠠ᠂ |
ᠥᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠴᠢ᠊᠂ ᠪᠠᠲᠤ᠂ ᠥᠪᠡᠷᠲᠡᠭᠡᠨ ᠵᠠᠰᠠᠬᠤ ᠤᠷᠤᠨ ᠤ ᠤᠯᠤᠰ |
ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠤ᠋ ᠣᠷᠣᠯᠴᠠᠪᠠ᠃ |
20 ᠴᠠᠭ 30 ᠮᠢᠨᠦ᠋ᠲ ᠲᠤ ᠡᠬᠢᠯᠡᠯᠳᠡ ᠶᠢᠨ ᠶᠣᠰᠣᠯᠠᠯ ᠡᠬᠢᠯᠡᠵᠦ᠂ 12 ᠠᠶᠢᠮᠠᠭ ᠬᠤᠳᠠ ᠶᠢᠨ ᠪᠡᠶ᠎ᠡ ᠶᠢᠨ |
ᠲᠠᠮᠢᠷ ᠤᠨ ᠲᠦᠯᠦᠭᠡᠯᠡᠭᠴᠢᠳ ᠤᠨ ᠪᠦᠯᠬᠦᠮ ᠳᠠᠭᠤᠯᠠᠨ ᠪᠦᠵᠢᠭᠯᠡᠵᠦ ᠬᠤᠷᠠᠯ ᠤᠨ ᠲᠠᠯᠠᠪᠠᠢ ᠳᠤ ᠠᠯᠬᠤᠨ ᠣᠷᠣᠵᠤ |
ᠢᠷᠡᠬᠦ ᠳᠤ ᠠᠯᠠᠭ᠎ᠠ ᠲᠠᠰᠢᠯᠳᠠ ᠶᠢᠨ ᠲᠠᠭᠤᠨ ᠪᠠ ᠤᠤᠬᠠᠢᠯᠠᠯ ᠬᠠᠰᠭᠢᠷᠤᠯ ᠲᠠᠯᠠᠪᠠᠢ ᠲᠦᠭᠦᠷᠡᠩ ᠴᠠᠯᠭᠢᠯᠠᠯ᠎ᠠ᠃ |
ᠳᠠᠷᠠᠭ᠎ᠠ ᠨᠢ ᠨᠢᠭᠡᠨ ᠲᠠᠯᠠᠪᠠᠢ ᠭᠤᠶᠢᠳᠠ ᠰᠠᠢᠬᠠᠨ ᠰᠣᠶᠣᠯ ᠪᠡᠶ᠎ᠡ ᠶᠢᠨ ᠲᠠᠮᠢᠷ ᠤᠨ ᠲᠤᠭᠯᠠᠯᠳᠠ ᠪᠠᠷ ᠴᠤᠭᠯᠠᠭᠠᠨ ᠤ |
ᠬᠦᠰᠢᠭᠡ ᠶᠢ ᠰᠡᠬᠦᠵᠦ᠂ ︽ᠮᠠᠭᠳᠠᠭᠠᠯ ᠲᠠᠭᠤᠤ ᠪᠠᠨ ᠲᠠᠬᠢᠨᠲᠠ ᠳᠠᠭᠤᠯᠠᠵᠤ ᠨᠠᠮ ᠳᠠᠭᠠᠨ ᠡᠷᠭᠦᠨᠠᠮ︾᠂ ︽ᠮᠢᠩᠭᠠᠨ |
ᠭᠠᠵᠠᠷ ᠤᠨ ᠲᠠᠯ᠎ᠠ ᠨᠤᠲᠤᠭ ᠦᠵᠡᠰᠭᠦᠯᠡᠩ ᠰᠠᠶᠢᠬᠠᠨ︾᠂ ︽ᠲᠠᠩᠰᠤᠭ ᠰᠠᠶᠢᠬᠠᠨ ᠦᠨᠳᠦᠰᠦᠳᠡᠨ ᠤ |
ᠵᠠᠩ ᠵᠠᠩᠰᠢᠯ︾᠂ ︽ᠴᠠᠭ ᠦᠶ᠎ᠡ ᠳᠤ ᠣᠰᠣᠯᠳᠠᠯ ᠥᠬᠡᠶ ᠳᠠᠷᠪᠠᠭᠤᠯ ᠬᠡᠶᠢᠰᠭᠡᠨ ᠤᠷᠤᠭᠰᠢᠯᠠᠨᠠᠮ︾᠂ |
︽ᠪᠦᠯᠬᠦᠮᠳᠡᠨ ᠲᠡᠮᠡᠴᠡᠵᠦ ᠢᠷᠡᠭᠡᠳᠦᠶ ᠵᠦᠭ ᠤᠷᠤᠭᠰᠢᠯᠠᠨᠠᠮ︾ ᠭᠡᠬᠦ ᠲᠠᠪᠤᠨ ᠪᠦᠯᠦᠭ ᠢᠶᠠᠷ ᠲᠠᠮᠵᠢᠭᠤᠯᠤᠨ |
ᠰᠦᠷᠯᠢᠭ ᠰᠠᠶᠢᠬᠠᠨ᠂ ᠡᠶᠡᠪᠡᠷᠬᠦᠦ ᠰᠠᠶᠢᠬᠠᠨ᠂ ᠰᠠᠶᠢᠨ ᠰᠠᠶᠢᠬᠠᠨ ᠥᠪᠥᠷ ᠮᠣᠩᠭᠤᠯ ᠢ ᠬᠠᠷᠠᠭᠤᠯᠵᠦ᠂ ᠪᠥᠬᠦ ᠤᠷᠤᠨ |
ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠨᠢᠭᠡ ᠰᠡᠳᠭᠢᠯ ᠨᠢᠭᠡ ᠵᠤᠷᠢᠭ ᠢᠶᠠᠷ ᠰᠢᠷᠭᠠᠭᠤ ᠬᠠᠲᠠᠭᠤᠵᠢᠯᠲᠠᠶ |
ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ |
ᠬᠠᠭᠤᠳᠠᠰᠦ ᠪᠠᠷ ᠴᠢᠷᠮᠠᠢᠨ ᠪᠢᠴᠢᠭᠯᠡᠬᠦ ᠠᠤᠭ᠎ᠠ ᠰᠠᠨᠠᠭ᠎ᠠ ᠡᠷᠡᠯᠬᠡᠭ ᠵᠤᠷᠢᠭ ᠢ ᠢᠯᠡᠳᠭᠡᠪᠡ᠃ |
ᠥᠪᠡᠷᠲᠡᠭᠡᠨ ᠵᠠᠰᠠᠬᠤ ᠤᠷᠤᠨ ᠤ ᠴᠥᠭᠡᠨ ᠲᠣᠭᠠᠲᠤ ᠦᠨᠳᠦᠰᠦᠳᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ |
ᠴᠤᠭᠯᠠᠭᠠᠨ ᠢ 1985 ᠤᠨ ᠠᠴᠠ ᠣᠳᠣ ᠪᠣᠯᠲᠠᠯ᠎ᠠ ᠨᠢᠭᠡᠨᠲᠡ 9 ᠬᠤᠭᠤᠴᠠᠭ᠎ᠠ ᠠᠮᠵᠢᠯᠳᠠ ᠲᠠᠢ ᠡᠷᠬᠢᠯᠡᠪᠡ᠃ |
ᠲᠣᠰ ᠬᠤᠭᠤᠴᠠᠭᠠᠨ ᠤ ᠴᠤᠭᠯᠠᠭᠠᠨ ᠨᠢ ︽ᠦᠵᠡᠰᠭᠦᠯᠡᠩᠲᠤ ᠰᠠᠶᠢᠬᠠᠨ ᠦᠨᠢᠷ ᠪᠠᠶᠠᠯᠢᠭ ᠤᠯᠠᠭᠠᠨᠴᠠᠪ · ᠡᠶ᠎ᠡ |
ᠵᠤᠬᠢᠴᠠᠯᠲᠤ ᠦᠨᠳᠦᠰᠦᠳᠡᠨ ᠤ ᠦᠪᠡᠳᠡᠭᠰᠢ ᠴᠤᠭᠯᠠᠭᠠᠨ︾ ᠢᠶᠠᠷ ᠭᠤᠤᠯ ᠰᠡᠳᠦᠪ ᠢᠶᠠᠨ ᠪᠣᠯᠭᠠᠵᠤ᠂ 6 ᠡᠳᠦᠷ ᠤᠨ |
ᠬᠤᠭᠤᠴᠠᠭ᠎ᠠ ᠲᠠᠢ ᠶᠠᠪᠤᠭᠳᠠᠨ᠎ᠠ᠃ ᠪᠥᠬᠡ ᠪᠠᠷᠢᠯᠳᠤᠬᠤ᠂ ᠮᠣᠷᠢ ᠤᠷᠤᠯᠳᠤᠬᠤ᠂ ᠲᠡᠮᠡᠭᠡ ᠤᠷᠤᠯᠳᠤᠬᠤ᠂ ᠰᠤᠷ |
ᠬᠠᠷᠪᠤᠯᠳᠠ᠂ ᠪᠢᠯᠠᠭᠤ ᠵᠡᠷᠭᠡ 15 ᠤᠷᠤᠯᠳᠤᠭᠠᠨ ᠤ ᠲᠥᠷᠥᠯ ᠵᠦᠢᠯ ᠪᠠ ᠮᠣᠩᠭᠤᠯ ᠬᠡᠷ ᠪᠠᠷᠢᠬᠤ᠂ ᠲᠡᠮᠡᠭᠡᠨ |
ᠪᠥᠮᠪᠦᠭᠡ᠂ ᠱᠠᠭ᠎ᠠ᠂ ᠪᠦᠬᠡ ᠵᠡᠷᠭᠡ 4 ᠲᠤᠭᠯᠠᠯᠳᠠ ᠶᠢᠨ ᠲᠦᠷᠦᠯ ᠵᠦᠢᠯ ᠢ ᠲᠤᠬᠢᠷᠠᠭᠤᠯᠵᠤ᠂ ᠪᠥᠬᠦ ᠤᠷᠤᠨ ᠤ 12 |
ᠠᠶᠢᠮᠠᠭ ᠬᠤᠳᠠ ᠶᠢᠨ 1700 ᠭᠠᠷᠤᠶ ᠲᠠᠮᠢᠷᠴᠢᠨ ᠤᠷᠤᠯᠳᠤᠭᠠᠨ ᠳᠤ ᠣᠷᠣᠯᠴᠠᠪᠠ᠃ ᠡᠨᠡ ᠬᠤᠭᠤᠴᠠᠭᠠᠨ ᠳᠤ |
ᠪᠠᠰᠠ ᠦᠨᠳᠦᠰᠦᠳᠡᠨ ᠤ ᠬᠠᠮᠳᠦ ᠶᠢᠨ ᠨᠠᠶᠢᠷ ᠪᠠ ᠵᠢᠭᠤᠯᠴᠢᠯᠠᠯ ᠤᠨ ᠨᠠᠭᠠᠳᠤᠮ ᠤᠨ ᠠᠵᠢᠯᠯᠠᠭ᠎ᠠ ᠥᠷᠨᠢᠭᠦᠯᠬᠦ |
ᠪᠣᠯᠤᠨ᠎ᠠ᠃ |