|
ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ |
ᠲᠣᠪᠴᠢᠶ᠎ᠠ ᠪᠣᠯᠤᠨ ᠬᠠᠢᠨᠠᠨ ᠮᠣᠵᠢ᠂ ᠰᠠᠨᠶᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠡᠭᠡᠵᠢᠩ ᠳᠤ |
ᠪᠣᠯᠤᠭᠰᠠᠨ ᠰᠣᠨᠢᠨ ᠮᠡᠳᠡᠭᠡ ᠨᠡᠢᠲᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ᠠᠷᠪᠠᠨ ᠬᠤᠶᠠᠳᠤᠭᠠᠷ |
ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ |
ᠴᠤᠭᠯᠠᠭᠠᠨ 2024 ᠣᠨ ᠤ 11 ᠰᠠᠷ᠎ᠠ ᠶᠢᠨ 22 ᠤ ᠡᠳᠦᠷ ᠠᠴᠠ 30 ᠤ ᠡᠳᠦᠷ ᠪᠣᠯᠲᠠᠯ᠎ᠠ ᠬᠠᠢᠨᠠᠨ ᠮᠣᠵᠢ ᠶᠢᠨ |
ᠰᠠᠨᠶᠠ ᠬᠤᠲᠠ ᠳᠤ ᠶᠠᠪᠤᠭᠳᠠᠬᠤ ᠪᠣᠯᠤᠨ᠎ᠠ᠂ ᠮᠤᠷᠢᠨ ᠤᠷᠤᠯᠳᠤᠭᠠᠨ 2024 ᠣᠨ ᠤ 7 ᠰᠠᠷ᠎ᠠ ᠶᠢᠨ 8 ᠤ |
ᠡᠳᠦᠷ ᠠᠴᠠ 13 ᠤ ᠡᠳᠦᠷ ᠪᠣᠯᠲᠠᠯ᠎ᠠ ᠰᠢᠨᠵᠢᠶᠠᠩ ᠤᠨ ᠤᠢᠭᠤᠷ ᠦᠨᠳᠦᠰᠦᠳᠡᠨ ᠤ ᠦᠪᠡᠷᠳᠡᠭᠡᠨ ᠵᠠᠰᠠᠬᠤ ᠤᠷᠤᠨ |
ᠳᠤ ᠶᠠᠪᠤᠭᠳᠠᠨ᠎ᠠ᠃ |
|
ᠬᠤᠷᠠᠯ ᠳᠡᠭᠡᠷ᠎ᠡ ᠲᠤᠰ ᠬᠤᠭᠤᠴᠠᠭᠠᠨ ᠤ ᠲᠠᠮᠢᠷ ᠤᠨ ᠴᠤᠭᠯᠠᠭᠠᠨ ᠤ ᠰᠦᠯᠳᠡ᠂ ᠥᠯᠵᠡᠶᠢᠲᠦ ᠠᠮᠢᠳᠠᠨ᠂ |
ᠤᠬᠠᠭᠤᠯᠭ᠎ᠠ ᠶᠢᠨ ᠵᠢᠷᠤᠭ ᠪᠣᠯᠤᠨ ᠲᠠᠮᠢᠷ ᠤᠨ ᠴᠤᠭᠯᠠᠭᠠᠨ ᠤ ᠳᠠᠭᠤᠤ ᠶᠢ ᠨᠡᠶᠢᠲᠡᠯᠡᠪᠡ᠃ ᠲᠤᠰ ᠬᠤᠭᠤᠴᠠᠭᠠᠨ ᠤ |
ᠪᠡᠶ᠎ᠡ ᠶᠢᠨ ᠲᠠᠮᠢᠷ ᠤᠨ ᠴᠤᠭᠯᠠᠭᠠᠨ ᠤ ᠰᠦᠯᠳᠡ ᠪᠣᠯᠤᠨ ᠥᠯᠵᠡᠢᠲᠦ ᠠᠮᠢᠲᠠᠨ ᠢ ᠴᠢᠩᠬᠤᠸᠠ ᠶᠡᠭᠡ ᠰᠤᠷᠭᠠᠭᠤᠯᠢ ᠶᠢᠨ |
ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠵᠢᠷᠤᠵᠤ ᠲᠥᠯᠥᠪᠯᠡᠬᠦ ᠪᠦᠯᠬᠦᠮ ᠠᠴᠠ ᠵᠢᠷᠤᠭ ᠲᠥᠯᠥᠪᠯᠡᠭᠡ ᠬᠢᠵᠦ᠂ |
ᠬᠤᠷᠠᠯ ᠤᠨ ᠰᠦᠯᠳᠡ ᠶᠢ ᠭᠤᠷᠪᠠᠯᠵᠢᠨ ᠲᠠᠷᠢᠭᠦᠯᠡᠭᠴᠢ ᠴᠡᠴᠡᠭ᠂ ᠡᠷᠬᠢᠵᠦ ᠬᠠᠷᠠᠭᠰᠠᠨ ᠪᠤᠭᠤ ᠵᠢᠴᠢ ︽12︾ ᠭᠡᠬᠦ |
ᠲᠤᠭ᠎ᠠ ᠪᠠᠷ ᠪᠦᠷᠢᠯᠳᠤᠪᠡ᠃ ᠭᠤᠷᠪᠠᠯᠵᠢᠨ ᠲᠡᠷᠢᠭᠦᠯᠡᠭᠴᠢ ᠴᠡᠴᠡᠭ ᠪᠣᠯ ᠬᠠᠢᠨᠠᠨ ᠤ ᠮᠣᠵᠢ ᠶᠢᠨ ᠴᠡᠴᠡᠭ᠂ |
ᠬᠠᠯᠠᠭᠤᠨ ᠰᠡᠳᠭᠢᠯᠭᠡ᠂ ᠡᠷᠡᠰ ᠬᠠᠲᠠᠭᠤ ᠡᠷᠡᠯᠭᠡᠭᠯᠡᠨ ᠤᠷᠤᠭᠰᠢᠯᠠᠬᠤ ᠵᠤᠷᠢᠭ ᠰᠠᠨᠠᠭ᠎ᠠ ᠶᠢ ᠲᠦᠯᠦᠭᠡᠯᠡᠳᠡᠭ᠃ |
ᠡᠷᠬᠢᠵᠦ ᠬᠠᠷᠠᠭᠰᠠᠨ ᠪᠤᠭᠤ ᠪᠤᠯ ᠰᠠᠨᠶᠠ ᠬᠤᠳᠠ ᠶᠢᠨ ᠰᠤᠶᠤᠯ ᠤᠨ ᠲᠦᠯᠦᠭᠡᠯᠡᠯ ᠪᠤᠯᠤᠨ᠎ᠡ᠃ 8 ᠬᠤᠪᠢ |
ᠤᠬᠠᠭᠤᠯᠭ᠎ᠠ ᠶᠢᠨ ᠵᠢᠷᠤᠭ ᠢ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠠᠴᠠ ᠵᠢᠷᠤᠵᠤ ᠲᠥᠯᠥᠪᠯᠡᠨ᠂ |
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ |
ᠤᠢᠢᠯᠠᠭᠠᠭᠳᠠᠬᠤᠨ ᠪᠣᠯᠭᠠᠨ ᠵᠣᠬᠢᠶᠠᠨ ᠪᠦᠲᠦᠭᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ |
ᠡᠯᠧᠮᠧᠨ᠋ᠲ ᠪᠣᠯᠤᠨ ᠬᠠᠶᠢᠨᠠᠨ ᠤ ᠬᠥᠮᠦᠨ ᠰᠣᠶᠣᠯ ᠤᠨ ᠭᠠᠵᠠᠷ ᠤᠨ ᠲᠡᠮᠳᠡᠭ᠂ ᠪᠠᠶᠢᠭᠠᠯᠢ ᠶᠢᠨ ᠦᠵᠡᠮᠵᠢ ᠳᠤ |
ᠠᠭᠤᠰᠤᠯᠴᠠᠭᠤᠯᠵᠤ᠂ ︽ᠪᠦᠯᠬᠦᠮᠳᠡᠨ ᠲᠡᠮᠡᠴᠡᠵᠦ᠂ ᠳᠠᠷᠪᠠᠭᠤᠯ ᠬᠡᠶᠢᠰᠬᠡᠨ ᠠᠶᠠᠨ ᠵᠠᠮ ᠳᠠᠭᠠᠨ ᠤᠷᠤᠭᠰᠢᠯᠠᠬᠤ︾ |
ᠴᠢᠬᠤᠯᠠ ᠠᠭᠤᠯᠤᠭᠳᠠᠬᠤᠨ ᠢ ᠠᠮᠢᠳᠤᠯᠢᠭ ᠢᠶᠠᠷ ᠢᠯᠡᠷᠡᠭᠦᠯᠪᠡ᠃ ᠰᠤᠨᠢᠨ ᠮᠡᠳᠡᠭᠡ ᠨᠡᠶᠢᠳᠡᠯᠡᠬᠦ ᠬᠤᠷᠠᠯ ᠲᠡᠭᠡᠷ᠎ᠡ |
ᠪᠠᠰᠠ ᠲᠤᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠶᠠᠷ ᠭᠤᠤᠯ ᠲᠠᠭᠤᠤ ᠶᠢ ᠨᠡᠶᠢᠳᠡᠯᠡᠪᠡ᠃ |
|
ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ |
ᠪᠡᠶ᠎ᠡ ᠶᠢᠨ ᠲᠠᠮᠢᠷ ᠤᠨ ᠴᠤᠭᠯᠠᠭᠠᠨ ᠢ ︽ᠪᠦᠬᠦ ᠤᠯᠤᠰ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ︾ |
ᠭᠡᠵᠦ ᠲᠣᠪᠴᠢᠯᠠᠵᠤ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠤᠯᠤᠰ ᠤᠨ ᠪᠡᠶ᠎ᠡ ᠶᠢᠨ |
ᠲᠠᠮᠢᠷ ᠤᠨ ᠶᠡᠷᠦᠩᠬᠡᠶ ᠲᠣᠪᠴᠢᠶ᠎ᠠ ᠠᠴᠠ ᠭᠤᠤᠯᠯᠠᠨ ᠡᠷᠬᠢᠯᠡᠵᠦ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ |
ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠠᠭᠠᠭᠠᠴᠢᠯᠠᠨ ᠡᠷᠬᠢᠯᠡᠵᠦ᠂ 4 ᠵᠢᠯ ᠳᠤ ᠨᠢᠭᠡ |
ᠬᠤᠭᠤᠴᠠᠭ᠎ᠠ ᠶᠠᠪᠤᠭᠳᠠᠨ᠎ᠠ᠃ |