ᠰᠢᠨᠬᠤᠸᠠ ᠬᠤᠷᠢᠶ᠎ᠠ ᠶᠢᠨ ᠤᠷᠤᠰ ᠤᠨ ᠺᠠᠽᠠᠨ ᠤ 10 ᠰᠠᠷ᠎ᠠ ᠶᠢᠨ 24 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ |
ᠴᠠᠭ ᠢᠶᠠᠷ 10 ᠰᠠᠷ᠎ᠠ ᠶᠢᠨ 24 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠽᠠᠨ ᠤ ᠬᠤᠷᠠᠯ |
ᠦᠵᠡᠰᠭᠦᠯᠡᠩ ᠤᠨ ᠲᠥᠪ ᠲᠤ ︽ᠠᠯᠳᠠᠨ ᠲᠣᠭᠤᠰᠭ᠋᠎ᠠ +︾ ᠤᠳᠤᠷᠢᠳᠬᠤ ᠬᠥᠮᠥᠰ ᠤᠨ ᠶᠠᠷᠢᠯᠴᠠᠭᠠᠨ ᠤ ᠬᠤᠷᠠᠯ ᠳᠤ |
ᠣᠷᠣᠯᠴᠠᠬᠰᠠᠨ ᠪᠥᠭᠡᠳ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠰᠦᠷ ᠳᠠᠯᠠᠶᠢᠴᠠᠲᠠᠢ ᠬᠦᠴᠦᠨ ᠢ |
ᠨᠢᠭᠲᠠᠷᠠᠭᠤᠯᠵᠤ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠠᠮᠲᠤ ᠪᠠᠷ |
ᠠᠬᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃ |
|
ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 24 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ |
ᠰᠢ ᠶᠢᠨ ᠫᠢᠩ ᠺᠠᠽᠠᠨ ᠤ ᠬᠤᠷᠠᠯ ᠦᠵᠡᠰᠭᠦᠯᠡᠩ ᠤᠨ ᠲᠥᠪ ᠲᠤ ︽ᠠᠯᠳᠠᠨ ᠲᠣᠭᠤᠰᠭ᠋᠎ᠠ +︾ ᠤᠳᠤᠷᠢᠳᠬᠤ ᠬᠥᠮᠥᠰ |
ᠤᠨ ᠶᠠᠷᠢᠯᠴᠠᠭᠠᠨ ᠤ ᠬᠤᠷᠠᠯ ᠳᠤ ᠣᠷᠣᠯᠴᠠᠬᠰᠠᠨ ᠪᠥᠭᠡᠳ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ |
ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ |
ᠪᠠᠶᠢᠭᠤᠯᠬᠤ ᠶᠢ ᠬᠠᠮᠲᠤ ᠪᠠᠷ ᠠᠬᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃ |
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ |
|
ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 24 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ |
ᠰᠢ ᠶᠢᠨ ᠫᠢᠩ ᠺᠠᠽᠠᠨ ᠤ ᠬᠤᠷᠠᠯ ᠦᠵᠡᠰᠭᠦᠯᠡᠩ ᠤᠨ ᠲᠥᠪ ᠲᠤ ︽ᠠᠯᠳᠠᠨ ᠲᠣᠭᠤᠰᠭ᠋᠎ᠠ +︾ ᠤᠳᠤᠷᠢᠳᠬᠤ ᠬᠥᠮᠥᠰ |
ᠤᠨ ᠶᠠᠷᠢᠯᠴᠠᠭᠠᠨ ᠤ ᠬᠤᠷᠠᠯ ᠳᠤ ᠣᠷᠣᠯᠴᠠᠬᠰᠠᠨ ᠪᠥᠭᠡᠳ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ |
ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ |
ᠪᠠᠶᠢᠭᠤᠯᠬᠤ ᠶᠢ ᠬᠠᠮᠲᠤ ᠪᠠᠷ ᠠᠬᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃ ᠵᠢᠷᠤᠭ ᠪᠣᠯ |
ᠶᠠᠷᠢᠯᠴᠠᠭᠠᠨ ᠤ ᠬᠤᠷᠠᠯ ᠳᠤ ᠤᠷᠤᠯᠴᠠᠬᠰᠠᠨ ᠠᠯᠳᠠᠨ ᠲᠤᠭᠤᠰᠭ᠋᠎ᠠ ᠤᠯᠤᠰ ᠵᠢᠴᠢ ᠤᠷᠢᠭᠳᠠᠭᠰᠠᠨ ᠵᠣᠴᠢᠮᠠᠳ ᠤᠯᠤᠰ ᠤᠨ |
ᠤᠳᠤᠷᠢᠳᠬᠤ ᠬᠥᠮᠥᠨ ᠪᠤᠶᠤ ᠲᠥᠯᠥᠭᠡᠯᠡᠭᠴᠢ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ |
ᠬᠠᠮᠲᠤ ᠭᠡᠷᠡᠯ ᠵᠢᠷᠤᠭ ᠲᠠᠲᠠᠭᠤᠯᠪᠠ᠃ |
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠣᠣ ᠳ᠋ᠠ ᠸᠧᠢ ᠰᠡᠭᠦᠳᠡᠷᠯᠡᠪᠡ |
ᠰᠢ ᠶᠢᠨ ᠫᠢᠩ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠦᠭᠵᠢᠯ ᠤᠨ ᠴᠢᠨᠠᠷᠲᠠᠢ ᠰᠡᠷᠭᠦᠨ |
ᠮᠠᠨᠳᠤᠯᠲᠠ ᠪᠣᠯ ᠳᠡᠯᠡᠬᠡᠢ ᠶᠢᠨ ᠶᠡᠭᠡ ᠬᠤᠪᠢᠰᠤᠯᠲᠠ ᠶᠢᠨ ᠢᠯᠡ ᠲᠣᠳᠣ ᠪᠡᠯᠭᠡ ᠲᠡᠮᠳᠡᠭ ᠮᠥᠨ᠃ ᠪᠦᠭᠦ ᠪᠥᠮᠪᠥᠷᠴᠡᠭ ᠤᠨ |
ᠬᠥᠭᠵᠢᠵᠦ ᠪᠠᠶᠢᠭ᠎ᠠ ᠤᠯᠤᠰ ᠤᠳ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠠᠪᠤᠳᠠᠯ ᠪᠣᠯ ᠳᠡᠯᠡᠬᠡᠢ ᠶᠢᠨ |
ᠲᠡᠦᠬᠡᠨ ᠳᠡᠭᠡᠷᠡᠬᠢ ᠨᠢᠭᠡᠨ ᠲᠣᠮᠣ ᠶᠠᠪᠤᠳᠠᠯ ᠮᠥᠨ᠂ ᠪᠠᠰᠠ ᠴᠤ ᠬᠥᠮᠥᠨ ᠲᠥᠷᠥᠯᠬᠢᠲᠡᠨ ᠤ ᠪᠣᠯᠪᠠᠰᠤᠨ ᠤ ᠠᠬᠢᠴᠠ ᠳᠠᠬᠢ |
ᠲᠡᠦᠬᠡᠨ ᠳᠤ ᠭᠠᠷᠤᠭ᠎ᠠ ᠦᠭᠡᠢ ᠠᠤᠭ᠎ᠠ ᠠᠵᠢᠯᠯᠠᠭ᠎ᠠ ᠪᠣᠯᠣᠨ᠎ᠠ᠃ ᠡᠭᠦᠨ ᠤ ᠬᠠᠮᠲᠤ ᠳᠡᠯᠡᠬᠡᠢ ᠶᠢᠨ ᠡᠩᠬᠡ ᠲᠠᠶᠢᠪᠤᠩ ᠪᠠ |
ᠬᠥᠭᠵᠢᠯᠲᠡ ᠮᠥᠨ ᠬᠦ ᠬᠦᠨᠳᠦ ᠬᠡᠴᠡᠭᠦᠦ ᠥᠷᠢᠰᠦᠯᠳᠦᠭᠡᠨ ᠳᠤ ᠲᠤᠯᠭᠠᠷᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ |
ᠤᠯᠤᠰ ᠤᠳ ᠤᠨ ᠬᠥᠭᠵᠢᠯ ᠮᠠᠨᠳᠤᠯ ᠤᠨ ᠵᠠᠮ ᠯᠠᠪᠲᠠᠢ ᠲᠡᠭᠰᠢ ᠳᠠᠷᠳᠠᠩ ᠪᠢᠰᠢ ᠶᠤᠮ᠃ ᠪᠦᠭᠦ ᠪᠥᠮᠪᠥᠷᠴᠡᠭ ᠤᠨ ᠬᠥᠭᠵᠢᠵᠦ |
ᠪᠠᠶᠢᠭ᠎ᠠ ᠤᠯᠤᠰ ᠤᠳ ᠤᠨ ᠨᠢᠭᠡᠳᠦᠭᠡᠷ ᠵᠢᠭᠰᠠᠯ ᠪᠣᠯᠤᠭᠰᠠᠨ ᠤ ᠬᠤᠪᠢ ᠳᠤ᠂ ᠪᠢᠳᠡ ᠬᠠᠮᠲᠤ ᠶᠢᠨ ᠤᠶᠤᠨ ᠤᠬᠠᠭᠠᠨ ᠪᠠ |
ᠬᠦᠴᠦᠨ ᠴᠢᠳᠠᠯ ᠢᠶᠠᠨ ᠢᠯᠡᠷᠡᠭᠦᠯᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ |
ᠪᠠᠶᠢᠭᠤᠯᠬᠤ ᠳᠤ ᠬᠦᠨᠳᠦ ᠴᠢᠬᠤᠯᠠ ᠬᠠᠷᠢᠭᠤᠴᠠᠯᠭ᠎ᠠ ᠲᠠᠢ ᠶᠤᠮ᠃ |
— ᠡᠩᠬᠡ ᠲᠠᠶᠢᠪᠤᠩ ᠢ ᠪᠠᠲᠤ ᠰᠠᠬᠢᠵᠤ᠂ ᠬᠠᠮᠲᠤ ᠶᠢᠨ ᠠᠮᠤᠷ ᠲᠦᠪᠰᠢᠨ ᠢ ᠪᠡᠶᠡᠯᠡᠭᠦᠯᠦᠶ᠎ᠡ᠃ ᠪᠢᠳᠡ ᠡᠩᠬᠡ |
ᠲᠠᠶᠢᠪᠤᠩ ᠢ ᠬᠠᠮᠠᠭᠠᠯᠠᠬᠤ ᠲᠣᠭᠲᠠᠭᠤᠨ ᠬᠦᠴᠦᠨ ᠪᠣᠯᠵᠤ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠵᠠᠰᠠᠯᠲᠠ ᠶᠢ |
ᠴᠢᠩᠭᠠᠳᠬᠠᠨ᠂ ᠦᠡᠭᠭᠡᠨ ᠲᠠᠯ᠎ᠠ ᠪᠠ ᠦᠨᠳᠦᠰᠦ ᠠᠴᠠ ᠨᠢ ᠵᠡᠷᠭᠡ ᠪᠠᠷ ᠵᠠᠰᠠᠬᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ |
ᠠᠷᠭ᠎ᠠ ᠵᠠᠮ ᠢ ᠰᠦᠪᠡᠭᠴᠢᠯᠡᠶ᠎ᠡ᠃ ᠪᠢ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠳᠤᠷᠠᠳᠴᠤ᠂ ᠡᠯ᠎ᠡ |
ᠲᠠᠯ᠎ᠠ ᠶᠢᠨ ᠬᠢᠨ ᠢᠳᠡᠪᠬᠢᠲᠡᠢ ᠴᠤᠤᠷᠢᠶᠠᠲᠤᠵᠤ᠂ ᠭᠠᠵᠠᠷ ᠣᠷᠣᠨ ᠤ ᠲᠣᠭᠲᠠᠭᠤᠨ ᠢ ᠬᠠᠮᠠᠭᠠᠯᠠᠬᠤ ᠵᠡᠷᠭᠡ ᠤᠯᠠᠨ |
ᠬᠦᠷᠢᠶᠡᠨ ᠳᠤ ᠴᠢᠬᠤᠯᠠ ᠠᠮᠵᠢᠯᠲᠠ ᠣᠯᠵᠠᠢ᠃ ᠪᠢᠳᠡ ᠦᠺᠷᠠᠶᠢᠨ ᠤ ᠬᠢᠮᠤᠷᠠᠯ ᠤᠨ ᠪᠠᠶᠢᠳᠠᠯ ᠢ ᠲᠦᠷᠭᠡᠬᠡᠨ ᠨᠠᠮᠳᠠᠭᠤᠯᠬᠤ ᠶᠢ |
ᠠᠬᠢᠭᠤᠯᠵᠤ᠂ ᠤᠯᠤᠰ ᠲᠥᠷᠥ ᠶᠢᠨ ᠠᠷᠭ᠎ᠠ ᠪᠠᠷ ᠰᠢᠢᠳᠪᠦᠷᠢᠯᠡᠬᠦ ᠶᠢ ᠪᠡᠶᠡᠯᠡᠭᠦᠯᠬᠦ ᠳᠤ ᠵᠠᠮ ᠳᠡᠪᠢᠰᠴᠦ ᠦᠭᠭᠦᠶ᠎ᠡ᠃ ᠭᠠᠽᠠ |
ᠣᠷᠣᠨ ᠤ ᠪᠦᠭᠦ ᠲᠠᠯ᠎ᠠ ᠪᠠᠷ ᠳᠠᠶᠢᠨ ᠵᠣᠬᠰᠣᠬᠤ ᠶᠢ ᠦᠷᠭᠦᠯᠵᠢᠯᠡᠨ ᠠᠬᠢᠭᠤᠯᠵᠤ᠂ ︽ᠬᠤᠶᠠᠷ ᠤᠯᠤᠰ ᠤᠨ ᠲᠥᠰᠥᠯ︾ ᠢ |
ᠲᠠᠭᠢᠨ ᠡᠬᠢᠯᠡᠭᠦᠯᠬᠦ ᠶᠢᠨ ᠵᠡᠷᠭᠡ ᠪᠠᠷ ᠲᠠᠶᠢᠨ ᠤ ᠭᠠᠯ ᠯᠧᠪᠠᠨᠣᠨ ᠳᠤ ᠦᠷᠪᠢᠰᠬᠦ ᠶᠢ ᠬᠤᠷᠢᠭᠯᠠᠶ᠎ᠠ᠃ |
— ᠬᠥᠭᠵᠢᠯᠲᠡ ᠶᠢ ᠳᠠᠭᠢᠨ ᠰᠡᠷᠭᠦᠭᠡᠵᠦ᠂ ᠨᠡᠶᠢᠳᠡᠮ ᠤᠨ ᠴᠡᠴᠡᠭᠯᠡᠯ ᠬᠥᠭᠵᠢᠯ ᠢ ᠪᠡᠶᠡᠯᠡᠭᠦᠯᠦᠶ᠎ᠡ᠃ ᠪᠢᠳᠡ |
ᠬᠠᠮᠲᠤ ᠪᠠᠷ ᠬᠥᠭᠵᠢᠬᠦ ᠲᠤᠯᠭᠠᠭᠤᠷᠢ ᠬᠦᠴᠦᠨ ᠪᠣᠯᠵᠤ᠂ ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠢᠨ |
ᠰᠢᠰᠲ᠋ᠧᠮ ᠤᠨ ᠥᠭᠡᠷᠡᠴᠢᠯᠡᠯᠲᠡ ᠳᠤ ᠢᠳᠡᠪᠬᠢᠲᠡᠢ ᠣᠷᠤᠯᠴᠠᠬᠤ ᠪᠠ ᠲᠡᠭᠦᠨ ᠢ ᠬᠥᠲᠥᠯᠥᠨ ᠳᠠᠭᠠᠭᠤᠯᠵᠤ᠂ ᠬᠥᠭᠵᠢᠯᠲᠡ ᠶᠢ |
ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠵᠥᠪᠯᠡᠬᠦ ᠵᠦᠢᠯ ᠤᠨ ᠭᠤᠣᠯ ᠪᠠᠶᠢᠷᠢᠨ ᠳᠤ ᠲᠠᠯᠪᠢᠬᠤ ᠶᠢ ᠠᠬᠢᠭᠤᠯᠤᠶ᠎ᠠ᠃ |
ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠤᠭᠰᠠᠨ 3 ᠵᠢᠯ ᠤᠨ ᠲᠤᠷᠰᠢ ᠨᠢᠭᠡᠨᠲᠡ 200 |
ᠳ᠋ᠦᠩᠰᠢᠭᠤᠷ ᠳ᠋ᠣᠯᠯᠠᠷ ᠤᠨ ᠬᠥᠭᠵᠢᠯᠲᠡ ᠶᠢᠨ ᠪᠡᠯᠡ ᠮᠥᠩᠭᠦ ᠶᠢ ᠲᠠᠶᠢᠴᠢᠯᠠᠵᠥ᠂ 1100 ᠭᠠᠷᠤᠢ ᠲᠦᠷᠦᠯ ᠵᠦᠢᠯ ᠢ |
ᠥᠷᠨᠢᠭᠦᠯᠵᠡᠢ᠃ ᠪᠦᠭᠦ ᠪᠥᠮᠪᠥᠷᠴᠡᠭ ᠤᠨ ᠠᠵᠤ ᠦᠢᠯᠡᠳᠪᠦᠷᠢ ᠶᠢᠨ ᠵᠣᠬᠢᠶᠠᠮᠠᠯ ᠤᠶᠤᠨ ᠴᠢᠳᠠᠪᠤᠷᠢ ᠶᠢᠨ ᠬᠤᠯᠪᠤᠭ᠎ᠠ ᠶᠢᠨ |
ᠭᠠᠷᠮᠠᠭᠠᠢ ᠲᠥᠪ ᠣᠶᠢᠷ᠎ᠠ ᠳᠤ ᠱᠠᠩᠬᠠᠢ ᠳᠤ ᠨᠤᠲᠤᠭᠰᠢᠪᠠ᠂ ᠳᠤᠮᠳᠠᠳᠤ ᠤᠯᠤᠰ ᠪᠠᠰᠠ ᠪᠦᠭᠦ ᠪᠥᠮᠪᠥᠷᠴᠡᠭ ᠤᠨ ︽ᠣᠶᠤᠨᠲᠤ |
ᠪᠣᠭᠤᠮᠲᠠ︾ ᠶᠢᠨ ᠰᠦᠯᠵᠢᠶᠡᠨ ᠳᠡᠭᠡᠷᠡᠬᠢ ᠬᠠᠮᠲᠤᠷᠠᠯᠴᠠᠭᠠᠨ ᠤ ᠲᠠᠪᠴᠠᠩ ᠪᠣᠯᠣᠨ ᠠᠯᠳᠠᠨ ᠲᠣᠭᠤᠰᠭ᠋᠎ᠠ ᠤᠯᠤᠰ ᠤᠳ ᠤᠨ |
ᠪᠣᠭᠤᠮᠲᠠ ᠶᠢᠨ ᠵᠢᠱᠢᠶ᠎ᠡ ᠦᠵᠡᠭᠦᠯᠭᠦ ᠲᠥᠪ ᠢ ᠪᠠᠶᠢᠭᠤᠯᠬᠤ ᠪᠣᠯᠣᠨ᠎ᠠ᠂ ᠡᠯ᠎ᠡ ᠤᠯᠤᠰ ᠤᠨ ᠬᠢᠨ ᠤ ᠢᠳᠡᠪᠬᠢᠲᠡᠢ |
ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ |
— ᠪᠣᠯᠪᠠᠰᠤᠨ ᠢ ᠬᠠᠮᠲᠤ ᠪᠠᠷ ᠮᠠᠨᠳᠤᠭᠤᠯᠵᠤ᠂ ᠣᠯᠠᠨ ᠡᠰᠢᠲᠦ ᠡᠶ᠎ᠡ ᠵᠣᠬᠢᠴᠠᠯ ᠢ ᠪᠡᠶᠡᠯᠡᠭᠦᠯᠦᠶ᠎ᠡ᠃ ᠪᠢᠳᠡ |
ᠪᠣᠯᠪᠠᠰᠤᠨ ᠢᠶᠠᠨ ᠬᠠᠷᠢᠯᠴᠠᠨ ᠲᠣᠯᠢᠳᠠᠬᠤ ᠶᠢ ᠠᠬᠢᠭᠤᠯᠬᠤ ᠬᠦᠴᠦᠨ ᠪᠣᠯᠵᠤ᠂ ᠣᠯᠣᠯᠴᠠᠭ᠎ᠠ ᠶᠠᠷᠢᠯᠴᠠᠭ᠎ᠠ ᠪᠠᠨ ᠨᠡᠮᠡᠭᠳᠡᠭᠦᠯᠵᠦ᠂ |
ᠲᠤᠰ ᠲᠤᠰ ᠤᠨ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠬᠤ ᠶᠢ ᠳᠡᠮᠵᠢᠶ᠎ᠠ᠃ |
ᠳᠤᠮᠳᠠᠳᠤ ᠤᠯᠤᠰ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠤᠶᠤᠨ ᠤ ᠬᠥᠮᠥᠷᠭᠡ ᠶᠢᠨ |
ᠬᠠᠮᠲᠤᠷᠠᠯᠴᠠᠭᠠᠨ ᠤ ᠬᠤᠯᠪᠤᠭ᠎ᠠ ᠶᠢ ᠲᠦᠷᠦᠭᠦᠯᠡᠨ ᠪᠠᠶᠢᠭᠤᠯᠵᠤ᠂ ᠡᠯ᠎ᠡ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ |
ᠪᠣᠯᠣᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ ᠶᠢ ᠠᠬᠢᠭᠤᠯᠤᠨ᠎ᠠ |
ᠭᠡᠵᠦ ᠵᠢᠭᠠᠵᠤ ᠭᠠᠷᠭᠠᠪᠠ᠃ |
ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ |
ᠭᠤᠷᠪᠠᠳᠤᠭᠠᠷ ᠪᠦᠭᠦᠲᠠ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ |
ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ |
ᠬᠢᠭᠰᠡᠨ ᠨᠢ ᠯᠠᠪᠲᠠᠢ ᠳᠡᠯᠡᠬᠡᠢ ᠳ᠋ᠠᠬᠢᠨ ᠳᠤ ᠨᠡᠩ ᠤᠯᠠᠠ ᠠᠵᠠ ᠲᠣᠭᠢᠶᠠᠯ ᠬᠠᠩᠭᠠᠬᠤ ᠶᠤᠮ᠃ ᠳᠡᠯᠡᠬᠡᠢ ᠶᠢᠨ ᠪᠠᠶᠢᠳᠠᠯ |
ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠢᠮᠠᠭᠲᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ |
ᠤᠯᠤᠰ ᠤᠳ ᠲᠠᠢ ᠰᠡᠳᠬᠢᠯ ᠢᠶᠠᠨ ᠬᠤᠯᠪᠣᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠤ |
ᠦᠨᠳᠦᠰᠦᠯᠡᠵᠦ᠂ ᠨᠡᠩ ᠤᠯᠠᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠠᠯᠳᠠᠨ ᠲᠣᠭᠤᠰᠭ᠋᠎ᠠ |
ᠤᠯᠤᠰ ᠤᠳ ᠤᠨ ᠦᠢᠯᠡᠰ ᠲᠤ ᠣᠷᠤᠯᠴᠠᠬᠤ ᠶᠢ ᠲᠡᠮᠵᠢᠵᠥ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ |
ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ |
ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠤᠨ᠎ᠠ ᠭᠡᠵᠦ ᠴᠢᠬᠤᠯᠠᠴᠢᠯᠠᠪᠠ᠃ |
ᠤᠷᠤᠰ ᠤᠨ ᠶᠡᠷᠦᠩᠬᠡᠶᠢᠯᠡᠭᠴᠢ ᠫᠦᠲ᠋ᠢᠨ ᠬᠤᠷᠠᠯ ᠢ ᠡᠷᠭᠢᠯᠡᠵᠦ᠂ ᠶᠧᠵᠢᠫᠲ ᠤᠨ ᠶᠡᠷᠦᠩᠬᠡᠶᠢᠯᠡᠭᠴᠢ ᠰᠠᠶᠢᠰᠢ᠂ ᠢᠷᠠᠨ ᠤ |
ᠶᠡᠷᠦᠩᠬᠡᠶᠢᠯᠡᠭᠴᠢ ᠫᠧᠽᠧᠱᠺᠢᠶᠠᠨ᠂ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠪᠣᠯᠣᠨ ᠪᠷᠠᠽᠢᠯ᠂ ᠡᠨᠡᠳᠬᠡᠭ᠂ |
ᠠᠷᠠᠪ ᠤᠨ ᠬᠤᠯᠪᠣᠭᠠᠲᠤ ᠠᠬᠠᠮᠠᠳᠲᠤ ᠤᠯᠤᠰ᠂ ᠰᠠᠦ᠋ᠳᠢ ᠠᠷᠠᠪ᠂ ᠡᠸ᠋ᠽᠢᠤᠫᠢᠶ᠎ᠠ ᠶᠢᠨ ᠲᠥᠯᠥᠭᠡᠯᠡᠭᠴᠢ᠂ ᠤᠷᠢᠭᠳᠠᠭᠰᠠᠨ |
ᠵᠣᠴᠢᠮᠠᠳ ᠤᠯᠤᠰ ᠤᠨ 25 ᠤᠳᠤᠷᠢᠳᠬᠤ ᠬᠥᠮᠥᠨ ᠪᠤᠶᠤ ᠲᠥᠯᠥᠭᠡᠯᠡᠭᠴᠢ ᠵᠢᠴᠢ ᠤᠯᠠᠨ ᠤᠯᠤᠰ ᠤᠨ ᠬᠤᠯᠪᠣᠭᠠᠲᠤ |
ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠦ᠋ᠢᠰ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ |
ᠳᠠᠷᠤᠭ᠎ᠠ ᠯᠦᠸᠧᠰᠠᠶᠢᠹᠦ᠋ ᠵᠡᠷᠭᠡ 6 ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠣᠷᠣᠯᠴᠠᠵᠠᠢ᠃ |
23 ᠤ ᠣᠷᠣᠢ᠂ ᠰᠢ ᠶᠢᠨ ᠫᠢᠩ ᠫᠦᠲ᠋ᠢᠨ ᠤ ᠠᠯᠳᠠᠨ ᠲᠣᠭᠤᠰᠭ᠋᠎ᠠ ᠤᠯᠤᠰ ᠤᠳ ᠵᠢᠴᠢ ᠵᠣᠴᠢᠨ ᠤᠯᠤᠰ ᠤᠨ |
ᠤᠳᠤᠷᠢᠳᠬᠤ ᠬᠥᠮᠥᠰ ᠲᠤ ᠬᠢᠭᠰᠡᠨ ᠤᠭᠲᠤᠬᠤ ᠳᠠᠶᠢᠯᠠᠯᠭ᠎ᠠ ᠳᠤ ᠣᠷᠣᠯᠴᠠᠪᠠ᠃ |
ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ |