ᠰᠢᠨᠬᠤᠸᠠ ᠬᠤᠷᠢᠶ᠎ᠠ ᠶᠢᠨ ᠷᠢᠦ᠋ ᠳ᠋ᠢ ᠿᠧᠨᠦ᠋ᠢᠷᠦ᠋ ᠶᠢᠨ 11 ᠰᠠᠷ᠎ᠠ ᠶᠢᠨ 18 ᠤ ᠴᠠᠭᠢᠯᠭᠠᠨ ᠮᠡᠳᠡᠭᠡ ᠲᠤᠬᠠᠢ ᠶᠢᠨ |
ᠭᠠᠵᠠᠷ ᠤᠨ ᠴᠠᠭ ᠢᠶᠠᠷ 11 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ |
ᠪᠷᠠᠽᠢᠯ ᠤᠨ ᠷᠢᠦ᠋ ᠳ᠋ᠢ ᠿᠧᠨᠦ᠋ᠢᠷᠦ᠋ ᠳᠤ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠠᠷᠪᠠ |
ᠶᠢᠰᠦᠳᠦᠭᠡᠷ ᠤᠳᠠᠭ᠎ᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠪᠠ᠃ |
|
ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ |
ᠰᠢ ᠶᠢᠨ ᠫᠢᠩ ᠪᠷᠠᠽᠢᠯ ᠤᠨ ᠷᠢᠦ᠋ ᠳ᠋ᠢ ᠿᠧᠨᠦ᠋ᠢᠷᠦ᠋ ᠳᠤ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ |
ᠠᠷᠪᠠ ᠶᠢᠰᠦᠳᠦᠭᠡᠷ ᠤᠳᠠᠭ᠎ᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠪᠠ᠃ ᠵᠢᠷᠤᠭ ᠪᠣᠯ ᠲᠦᠷᠦᠭᠦᠴᠦᠳ ᠤᠨ |
ᠬᠤᠷᠠᠯ ᠡᠬᠢᠯᠡᠬᠦ ᠠᠴᠠ ᠡᠮᠦᠨ᠎ᠡ᠂ ᠰᠢ ᠶᠢᠨ ᠫᠢᠩ ᠪᠷᠠᠽᠢᠯ ᠤᠨ ᠶᠡᠷᠦᠩᠬᠡᠶᠢᠯᠡᠭᠴᠢ ᠯᠦᠯᠠ ᠬᠠᠯᠠᠭᠤᠨ ᠤᠭᠲᠤᠯᠭ᠎ᠠ ᠶᠢ |
ᠬᠦᠯᠢᠶᠡᠪᠡ᠃ |
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ |
ᠲᠦᠷᠦᠭᠦᠴᠦᠳ ᠤᠨ ᠬᠤᠷᠠᠯ ᠤᠨ ᠨᠢᠭᠡᠳᠦᠭᠡᠷ ᠱᠠᠲᠤᠨ ᠳᠤ ︽ᠥᠯᠥᠰᠬᠦᠯᠡᠩ ᠭᠠᠴᠢᠭ ᠬᠢᠭᠡᠳ ᠶᠠᠳᠠᠭᠤ |
ᠬᠦᠴᠢᠷᠳᠡᠯ ᠲᠠᠢ ᠲᠡᠮᠡᠴᠡᠬᠦ︾ ᠵᠥᠪᠯᠡᠬᠦ ᠰᠡᠳᠦᠪ ᠤᠨ ᠲᠣᠭᠤᠷᠢᠨ ᠳᠤ ᠶᠠᠷᠢᠯᠴᠠᠬᠤ ᠳᠠᠭᠠᠨ ᠰᠢ ᠶᠢᠨ ᠫᠢᠩ ︽ᠬᠠᠮᠲᠤ ᠪᠠᠷ |
ᠬᠥᠭᠵᠢᠭᠰᠡᠨ ᠲᠥᠪ ᠭᠤᠣᠯᠴᠢ ᠳᠡᠯᠡᠬᠡᠢ ᠶᠢᠷᠲᠢᠨᠴᠦ ᠶᠢ ᠪᠠᠶᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃ |
|
ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ |
ᠰᠢ ᠶᠢᠨ ᠫᠢᠩ ᠪᠷᠠᠽᠢᠯ ᠤᠨ ᠷᠢᠦ᠋ ᠳ᠋ᠢ ᠿᠧᠨᠦ᠋ᠢᠷᠦ᠋ ᠳᠤ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ |
ᠠᠷᠪᠠ ᠶᠢᠰᠦᠳᠦᠭᠡᠷ ᠤᠳᠠᠭ᠎ᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠪᠠ᠃ ᠲᠦᠷᠦᠭᠦᠴᠦᠳ ᠤᠨ ᠬᠤᠷᠠᠯ ᠳᠤ ︽ |
ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠦᠷᠭᠦᠯᠵᠢᠯᠡᠬᠦ᠋ᠢᠴᠡ ᠪᠥᠮᠪᠥᠷᠴᠡᠭ ᠢ ᠪᠠᠶᠢᠭᠤᠯᠤᠶ᠎ᠠ︾ ᠭᠡᠬᠦ ᠭᠤᠣᠯ ᠰᠡᠳᠦᠪ ᠢ |
ᠲᠣᠭᠲᠠᠭᠠᠭᠰᠠᠨ ᠪᠥᠭᠡᠳ ︽ᠥᠯᠥᠰᠬᠦᠯᠡᠩ ᠭᠠᠴᠢᠭ ᠪᠣᠯᠣᠨ ᠶᠠᠳᠠᠭᠤ ᠬᠦᠴᠢᠷᠳᠡᠯ ᠲᠠᠢ ᠲᠡᠮᠡᠴᠡᠬᠦ ᠪᠦᠭᠦ ᠪᠥᠮᠪᠥᠷᠴᠡᠭ ᠤᠨ |
ᠬᠤᠯᠪᠤᠭ᠎ᠠ︾ ᠶᠢ ᠪᠠᠶᠢᠭᠤᠯᠬᠤ ᠪᠠᠷ ᠲᠣᠭᠲᠠᠪᠠ᠃ ᠵᠢᠷᠤᠭ ᠪᠣᠯ ᠰᠢ ᠶᠢᠨ ᠫᠢᠩ ᠬᠤᠷᠠᠯ ᠳᠤ ᠣᠷᠣᠯᠴᠠᠬᠰᠠᠨ ᠤᠳᠤᠷᠢᠳᠬᠤ |
ᠬᠥᠮᠥᠰ ᠲᠠᠢ ᠬᠠᠮᠲᠤ ᠪᠷᠠᠽᠢᠯ ᠤᠨ ᠰᠠᠨᠠᠭᠠᠴᠢᠯᠠᠭᠰᠠᠨ ︽ᠥᠯᠥᠰᠬᠦᠯᠡᠩ ᠭᠠᠴᠢᠭ ᠬᠢᠭᠡᠳ ᠶᠠᠳᠠᠭᠤ ᠬᠦᠴᠢᠷᠳᠡᠯ ᠲᠠᠢ |
ᠲᠡᠮᠡᠴᠡᠬᠦ ᠪᠦᠭᠦ ᠪᠥᠮᠪᠥᠷᠴᠡᠭ ᠤᠨ ᠬᠤᠯᠪᠤᠭ᠎ᠠ︾ ᠶᠢᠨ ᠬᠠᠮᠲᠤ ᠶᠢᠨ ᠰᠡᠭᠦᠳᠡᠷ ᠲᠠᠲᠠᠬᠤ ᠳᠤ ᠤᠷᠤᠯᠴᠠᠵᠤ ᠪᠠᠶᠢᠭ᠎ᠠ ᠨᠢ᠃ |
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ |
|
|
ᠰᠢ ᠶᠢᠨ ᠫᠢᠩ᠂ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ |
ᠲᠦᠷᠭᠡᠰᠦᠨ ᠤᠯᠠᠷᠢᠵᠤ᠂ ᠬᠥᠮᠥᠨ ᠲᠥᠷᠥᠯᠬᠢᠲᠡᠨ ᠤ ᠬᠥᠭᠵᠢᠯᠲᠡ ᠳᠤ ᠤᠷᠢᠳ ᠡᠮᠦᠨ᠎ᠡ ᠪᠠᠶᠢᠭ᠎ᠠ ᠦᠭᠡᠢ ᠠᠵᠠ ᠲᠣᠭᠢᠶᠠᠯ |
ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ᠃ ᠳᠡᠯᠡᠬᠡᠢ ᠶᠢᠨ ᠭᠤᠣᠯ ᠪᠤᠯᠬᠤ ᠲᠣᠮᠣ ᠤᠯᠤᠰ ᠤᠨ ᠤᠳᠤᠷᠢᠳᠬᠤ ᠬᠥᠮᠥᠨ |
ᠪᠣᠯᠤᠭᠰᠠᠨ ᠤ ᠬᠤᠪᠢ ᠳᠤ ᠪᠢᠳᠡ ᠪᠠᠷᠠᠭᠠᠨ ᠡᠭᠦᠯᠡ ᠬᠠᠷᠠᠭ᠎ᠠ ᠶᠢ ᠬᠠᠯᠬᠠᠯᠠᠬᠤ ᠠᠴᠠ ᠦᠯᠦ ᠠᠶᠤᠵᠤ᠂ ᠬᠤᠪᠢ ᠵᠠᠶᠠᠭᠠᠨ ᠤ |
ᠬᠠᠮᠲᠤ ᠶᠢᠨ ᠴᠣᠭᠴᠠ ᠶᠢᠨ ᠤᠬᠠᠮᠰᠠᠷ ᠢ ᠪᠠᠷᠢᠮᠲᠠᠯᠠᠵᠤ᠂ ᠲᠡᠦᠬᠡ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠡᠦᠬᠡ ᠶᠢᠨ |
ᠰᠠᠨᠠᠭᠠᠴᠢᠯᠠᠭᠠᠲᠤ ᠡᠷᠬᠡ ᠶᠢ ᠢᠯᠡᠷᠡᠭᠦᠯᠵᠦ᠂ ᠲᠡᠦᠬᠡ ᠶᠢᠨ ᠲᠠᠪᠰᠢᠯᠳᠠ ᠶᠢ ᠠᠬᠢᠭᠤᠯᠪᠠᠯ ᠵᠣᠬᠢᠨ᠎ᠠ᠃ ᠳᠤᠮᠳᠠᠳᠤ ᠤᠯᠤᠰ |
ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠬᠠᠩᠵᠧᠦ ᠳᠠᠬᠢ ᠲᠦᠷᠦᠭᠦᠴᠦᠳ ᠤᠨ ᠬᠤᠷᠠᠯ ᠢ |
ᠭᠤᠣᠯᠯᠠᠨ ᠡᠷᠭᠢᠯᠡᠭᠦ ᠦᠶ᠎ᠡ ᠳᠤ ᠠᠩᠬ᠎ᠠ ᠤᠳᠠᠭ᠎ᠠ ᠬᠥᠭᠵᠢᠯᠲᠡ ᠶᠢᠨ ᠵᠥᠪᠯᠡᠬᠦ ᠰᠡᠳᠦᠪ ᠢ ᠬᠤᠷᠸ᠎ᠠ ᠠᠵᠤ ᠠᠬᠤᠢ ᠶᠢᠨ |
ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢᠨ ᠭᠤᠣᠯ ᠪᠠᠶᠢᠷᠢᠨ ᠳᠤ ᠲᠠᠯᠪᠢᠪᠠ᠂ ᠡᠨᠡ ᠤᠳᠠᠭ᠎ᠠ ᠶᠢᠨ ᠷᠢᠦ᠋ ᠳ᠋ᠢ |
ᠿᠧᠨᠦ᠋ᠢᠷᠦ᠋ ᠶᠢᠨ ᠲᠦᠷᠦᠭᠦᠴᠦᠳ ᠤᠨ ᠬᠤᠷᠠᠯ ᠳᠤ ︽ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠦᠷᠭᠦᠯᠵᠢᠯᠡᠬᠦ᠋ᠢᠴᠡ |
ᠪᠥᠮᠪᠥᠷᠴᠡᠭ ᠢ ᠪᠠᠶᠢᠭᠤᠯᠤᠶ᠎ᠠ︾ ᠭᠡᠬᠦ ᠭᠤᠣᠯ ᠰᠡᠳᠦᠪ ᠢ ᠲᠣᠭᠲᠠᠭᠠᠭᠰᠠᠨ ᠪᠥᠭᠡᠳ ︽ᠥᠯᠥᠰᠬᠦᠯᠡᠩ ᠭᠠᠴᠢᠭ ᠪᠣᠯᠣᠨ |
ᠶᠠᠳᠠᠭᠤ ᠬᠦᠴᠢᠷᠳᠡᠯ ᠲᠠᠢ ᠲᠡᠮᠡᠴᠡᠬᠦ ᠪᠦᠭᠦ ᠪᠥᠮᠪᠥᠷᠴᠡᠭ ᠤᠨ ᠬᠤᠯᠪᠤᠭ᠎ᠠ︾ ᠶᠢ ᠪᠠᠶᠢᠭᠤᠯᠬᠤ ᠪᠠᠷ ᠲᠣᠭᠲᠠᠪᠠ᠃ |
ᠬᠠᠩᠵᠧᠦ ᠠᠴᠠ ᠷᠢᠦ᠋ ᠳ᠋ᠢ ᠿᠧᠨᠦ᠋ᠢᠷᠦ᠋ ᠭᠦᠷᠲᠡᠯ᠎ᠡ ᠪᠢᠳᠡ ᠴᠥᠮ ᠠᠳᠠᠯᠢᠬᠠᠨ ᠨᠢᠭᠡ ᠬᠠᠷᠠᠯᠲᠠ ᠵᠦᠭ ᠴᠢᠷᠮᠠᠶᠢᠵᠤ ᠪᠠᠶᠢᠨ᠎ᠠ᠂ |
ᠳᠠᠷᠤᠢ ᠬᠠᠮᠲᠤ ᠪᠠᠷ ᠬᠥᠭᠵᠢᠬᠦ ᠲᠥᠪ ᠭᠤᠣᠯᠴᠢ ᠳᠡᠯᠡᠬᠡᠢ ᠶᠢᠷᠲᠢᠨᠴᠦ ᠶᠢ ᠪᠠᠶᠢᠭᠤᠯᠤᠨ᠎ᠠ᠃ |
ᠡᠶᠢᠮᠦᠷᠬᠦᠦ ᠳᠡᠯᠡᠬᠡᠢ ᠶᠢᠷᠲᠢᠨᠴᠦ ᠶᠢ ᠪᠠᠶᠢᠭᠤᠯᠬᠤ ᠶᠢᠨ ᠲᠥᠯᠥᠭᠡ ᠪᠢᠳᠡ ᠠᠷᠠᠯᠵᠢᠶᠠᠨ ᠤ ᠪᠡᠯᠡ ᠣᠷᠣᠭᠤᠯᠤᠯᠲᠠ᠂ |
ᠬᠥᠭᠵᠢᠯᠲᠡ ᠶᠢᠨ ᠬᠠᠮᠲᠤᠷᠠᠯᠴᠠᠭ᠎ᠠ ᠵᠡᠷᠭᠡ ᠬᠦᠷᠢᠶᠡᠨ ᠳᠠᠬᠢ ᠡᠬᠢ ᠪᠠᠶᠠᠯᠢᠭ ᠤᠨ ᠣᠷᠣᠭᠤᠯᠤᠯᠲᠠ ᠪᠠᠨ ᠨᠡᠮᠡᠭᠳᠡᠭᠦᠯᠵᠦ᠂ |
ᠬᠥᠭᠵᠢᠯᠲᠡ ᠶᠢᠨ ᠪᠠᠶᠢᠭᠤᠯᠤᠮᠵᠢ ᠪᠠᠨ ᠬᠦᠴᠦᠷᠬᠡᠭᠵᠢᠭᠦᠯᠵᠦ᠂ ᠬᠠᠮᠲᠤᠷᠠᠯᠴᠠᠭᠠᠨ ᠤ ᠬᠥᠭᠦᠷᠭᠡ ᠶᠢ ᠢᠯᠡᠭᠦᠬᠡᠨ ᠲᠠᠯᠪᠢᠵᠤ᠂ |
︽ᠵᠢᠵᠢᠭ ᠬᠦᠷᠢᠶ᠎ᠡ ᠥᠨᠳᠥᠷ ᠬᠡᠷᠡᠮ︾ ᠢ ᠴᠥᠭᠡᠳᠬᠡᠵᠦ᠂ ᠨᠠᠩ ᠤᠯᠠᠨ ᠬᠥᠭᠵᠢᠵᠦ ᠪᠠᠶᠢᠭ᠎ᠠ ᠤᠯᠤᠰ ᠤᠳ ᠢ ᠰᠠᠶᠢᠨ |
ᠰᠠᠶᠢᠬᠠᠨ ᠠᠮᠢᠳᠤᠷᠠᠭᠤᠯᠵᠤ᠂ ᠣᠳᠣᠬᠢᠴᠢᠯᠠᠯᠲᠠ ᠶᠢ ᠪᠡᠶᠡᠯᠡᠭᠦᠯᠦᠶ᠎ᠡ︔ ᠬᠥᠭᠵᠢᠵᠦ ᠪᠠᠶᠢᠭ᠎ᠠ ᠤᠯᠤᠰ ᠤᠳ ᠤᠨ ᠬᠢᠨ ᠤ |
ᠦᠷᠭᠦᠯᠵᠢᠯᠡᠬᠦ ᠦᠢᠯᠡᠳᠪᠦᠷᠢᠯᠡᠯ ᠪᠠ ᠠᠮᠢᠳᠤᠷᠠᠯ ᠤᠨ ᠠᠷᠭ᠎ᠠ ᠮᠠᠶ᠋ᠢᠭ ᠢ ᠳᠡᠮᠵᠢᠵᠦ᠂ ᠠᠭᠤᠷ ᠠᠮᠢᠰᠬᠤᠯ ᠤᠨ ᠬᠤᠪᠢᠷᠠᠯᠲᠠ᠂ |
ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠠᠷᠢᠯᠬᠤ᠂ ᠣᠷᠴᠢᠨ ᠲᠣᠭᠤᠷᠢᠨ ᠤ ᠪᠣᠬᠢᠷᠳᠤᠯ ᠵᠡᠷᠭᠡ ᠰᠢᠯᠭᠠᠯᠲᠠ ᠶᠢ |
ᠲᠣᠬᠢᠲᠠᠢ ᠠᠷᠭᠠᠴᠠᠭᠠᠵᠤ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠵᠤ᠂ ᠬᠥᠮᠥᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ |
ᠬᠠᠮᠲᠤ ᠣᠷᠣᠰᠢᠬᠤ ᠶᠢ ᠪᠡᠶᠡᠯᠡᠭᠦᠯᠦᠶ᠎ᠠ︔ ᠨᠡᠭᠡᠭᠡᠯᠲᠡᠲᠡᠢ᠂ ᠪᠠᠭᠲᠠᠭᠠᠮᠵᠢᠲᠠᠢ᠂ ᠭᠠᠳᠠᠭᠤᠷᠴᠢᠯᠠᠯ ᠦᠭᠡᠢ ᠤᠯᠠᠨ ᠤᠯᠤᠰ ᠤᠨ |
ᠠᠵᠤ ᠠᠬᠤᠢ ᠶᠢᠨ ᠬᠠᠮᠲᠤᠷᠠᠯᠴᠠᠭᠠᠨ ᠤ ᠣᠷᠴᠢᠨ ᠨᠥᠬᠦᠴᠡᠯ ᠢ ᠪᠤᠢ ᠪᠤᠯᠭᠠᠵᠤ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ |
ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ |
ᠡᠵᠡᠩᠨᠡᠯᠲᠡ ᠶᠢᠨ ᠭᠡᠯᠪᠡᠷᠢ ᠪᠠᠷ ᠦᠷᠭᠦᠯᠵᠢᠯᠡᠬᠦ ᠬᠥᠭᠵᠢᠯᠲᠡ ᠳᠤ ᠬᠦᠴᠦᠨ ᠣᠯᠭᠤᠵᠤ᠂ ᠬᠥᠭᠵᠢᠵᠦ ᠪᠠᠶᠢᠭ᠎ᠠ |
ᠤᠯᠤᠰ ᠤᠳ ᠤᠨ ᠲᠣᠭᠠᠴᠢᠯᠠᠭᠰᠠᠨ᠂ ᠣᠶᠤᠨᠴᠢᠯᠠᠭᠰᠠᠨ᠂ ᠪᠣᠬᠢᠷᠳᠤᠯ ᠦᠭᠡᠢ ᠬᠥᠭᠵᠢᠯᠲᠡ ᠶᠢᠨ ᠤᠷᠤᠰᠬᠠᠯ ᠳᠤ ᠨᠡᠩ |
ᠰᠠᠶᠢᠲᠤᠷ ᠠᠭᠤᠰᠤᠯᠴᠠᠬᠤ ᠶᠢ ᠳᠡᠮᠵᠢᠵᠦ᠂ ᠬᠥᠭᠵᠢᠵᠦ ᠪᠠᠶᠢᠭ᠎ᠠ ᠤᠯᠤᠰ ᠪᠣᠯᠣᠨ ᠬᠥᠭᠵᠢᠭᠰᠡᠨ ᠤᠯᠤᠰ ᠤᠨ ᠵᠥᠷᠢᠶ᠎ᠡ ᠶᠢ |
ᠪᠠᠭᠠᠰᠬᠠᠶ᠎ᠠ︔ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ |
ᠪᠤᠯᠭᠠᠬᠰᠠᠨ ᠤᠯᠠᠨ ᠤᠯᠤᠰ ᠤᠨ ᠰᠢᠰᠲ᠋ᠧᠮ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ |
ᠡᠮᠬᠢ ᠳᠢᠭᠯᠢᠮ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ |
ᠵᠠᠷᠴᠢᠮ ᠢᠶᠠᠷ ᠰᠠᠭᠤᠷᠢ ᠪᠤᠯᠭᠠᠬᠰᠠᠨ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠶ᠎ᠠ ᠭᠡᠵᠦ |
ᠵᠢᠭᠠᠵᠤ ᠭᠠᠷᠭᠠᠵᠠᠢ᠃ |
ᠰᠢ ᠶᠢᠨ ᠫᠢᠩ᠂ ᠳᠤᠮᠳᠠᠳᠤ ᠤᠯᠤᠰ ᠤᠨ ᠬᠥᠭᠵᠢᠯᠲᠡ ᠪᠣᠯ ᠪᠦᠭᠦ ᠪᠥᠮᠪᠥᠷᠴᠡᠭ ᠤᠨ ᠬᠠᠮᠲᠤ ᠶᠢᠨ ᠬᠥᠭᠵᠢᠯᠲᠡ ᠶᠢᠨ |
ᠴᠢᠬᠤᠯᠠ ᠪᠦᠷᠢᠯᠳᠦᠭᠦᠨ ᠬᠡᠰᠡᠭ ᠮᠥᠨ᠃ ᠳᠤᠮᠳᠠᠳᠤ ᠤᠯᠤᠰ ᠨᠢᠭᠡᠨᠲᠡ 8 ᠳ᠋ᠦᠩᠰᠢᠭᠤᠷ ᠶᠠᠳᠠᠭᠤ ᠬᠦᠴᠢᠷᠳᠡᠯᠲᠡᠢ ᠬᠥᠮᠥᠨ |
ᠠᠮᠠ ᠶᠢ ᠪᠦᠭᠦᠨ ᠢ ᠶᠠᠳᠠᠭᠤ ᠠᠴᠠ ᠠᠩᠭᠢᠵᠢᠷᠠᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 |
ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ |
ᠬᠠᠷᠠᠯᠲᠠ ᠶᠢ ᠤᠷᠢᠳᠴᠢᠯᠠᠨ ᠪᠡᠶᠡᠯᠡᠭᠦᠯᠪᠡ᠃ ᠡᠳᠡᠭᠡᠷ ᠠᠮᠵᠢᠯᠲᠠ ᠶᠢ ᠪᠣᠯ ᠳᠤᠮᠳᠠᠳᠤ ᠤᠯᠤᠰ ᠤᠨ ᠵᠠᠰᠠᠭ ᠤᠨ ᠣᠷᠳᠣᠨ |
ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠰᠡᠳᠬᠢᠯ ᠨᠢᠭᠡᠳᠦᠨ ᠰᠢᠷᠭᠠᠭᠤ ᠬᠠᠲᠠᠭᠤᠵᠢᠯᠲᠠᠢ ᠲᠡᠮᠡᠴᠡᠵᠦ ᠣᠯᠣᠭᠰᠠᠨ |
ᠶᠤᠮ᠃ ᠳᠤᠮᠳᠠᠳᠤ ᠤᠯᠤᠰ ᠢᠮᠠᠭᠲᠠ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ︽ᠶᠠᠳᠠᠭᠤ |
ᠬᠦᠴᠢᠷᠳᠡᠯᠲᠡᠢ ᠭᠠᠵᠠᠷ ᠣᠷᠣᠨ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ ᠨᠢᠭᠡ ᠶᠢ ᠴᠦ ᠣᠷᠬᠢᠭᠳᠠᠭᠤᠯᠬᠤ ᠦᠭᠡᠢ︾ |
ᠭᠡᠵᠦ ᠲᠥᠪ ᠴᠢᠩᠭ᠎ᠠ ᠪᠠᠷ ᠠᠮᠠᠯᠳᠠᠪᠠ᠃ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠶᠢ ᠪᠠᠷᠢᠮᠲᠠᠯᠠᠵᠤ᠂ ᠠᠵᠤ ᠠᠬᠤᠢ ᠶᠢᠨ |
ᠬᠥᠭᠵᠢᠯᠲᠡ ᠶᠢᠨ ᠳᠤᠮᠳᠠ ᠶᠠᠳᠠᠭᠤ ᠶᠢ ᠲᠡᠳᠬᠦᠬᠦ ᠶᠢ ᠪᠠᠷᠢᠮᠲᠠᠯᠠᠵᠤ᠂ ᠲᠤᠬᠠᠢ ᠶᠢᠨ ᠭᠠᠵᠠᠷ ᠤᠨ ᠣᠨᠴᠠᠯᠢᠭᠲᠤ ᠠᠵᠤ |
ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠ ᠶᠠᠳᠠᠭᠤ ᠶᠢ ᠲᠡᠳᠬᠦᠬᠦ ᠶᠢ ᠪᠠᠷᠢᠮᠲᠠᠯᠠᠵᠤ᠂ ᠬᠠᠮᠲᠤ ᠪᠠᠷ ᠪᠠᠶᠠᠵᠢᠬᠤ ᠶᠢ |
ᠠᠬᠢᠭᠤᠯᠬᠤ ᠳᠤᠮᠳᠠ ᠶᠠᠳᠠᠭᠤ ᠶᠢ ᠲᠡᠳᠬᠦᠬᠦ ᠶᠢ ᠪᠠᠷᠢᠮᠲᠠᠯᠠᠪᠠ᠃ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠰᠠᠨ |
ᠥᠩᠭᠡᠷᠡᠯᠲᠡ ᠨᠢ ᠲᠤᠰᠤᠯ ᠤᠰᠤ ᠪᠠᠷ ᠴᠢᠯᠠᠭᠤ ᠶᠢ ᠴᠤᠭᠤᠯᠬᠤ᠂ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠬᠤ |
ᠤᠶᠠᠨ ᠬᠠᠳᠠᠨ ᠴᠢᠨᠠᠷ᠂ ᠪᠠᠲᠤ ᠵᠣᠷᠢᠭ ᠪᠣᠯᠣᠨ ᠲᠡᠮᠡᠴᠡᠯ ᠤᠨ ᠵᠣᠷᠢᠭ ᠰᠠᠨᠠᠭ᠎ᠠ ᠶᠢ ᠪᠠᠷᠢᠮᠲᠠᠯᠠᠪᠠᠯ ᠬᠥᠭᠵᠢᠵᠦ ᠪᠠᠶᠢᠭ᠎ᠠ |
ᠤᠯᠤᠰ ᠤᠳ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠰᠢᠢᠳᠪᠦᠷᠢᠯᠡᠵᠦ᠂ ᠪᠤᠶᠢᠳᠤᠨ ᠰᠢᠪᠠᠭᠤ ᠤᠷᠢᠳ ᠢᠶᠠᠷ ᠨᠢᠰᠴᠦ᠂ |
ᠥᠨᠳᠥᠷ ᠲᠤ ᠨᠢᠰᠴᠦ ᠪᠤᠯᠬᠤ ᠶᠢ ᠭᠡᠷᠡᠴᠢᠯᠡᠪᠡ᠃ ᠳᠤᠮᠳᠠᠳᠤ ᠤᠯᠤᠰ ᠠᠮᠵᠢᠯᠲᠠ ᠣᠯᠵᠤ ᠪᠣᠯᠣᠨ᠎ᠠ᠂ ᠪᠤᠰᠤᠳ ᠬᠥᠭᠵᠢᠵᠦ |
ᠪᠠᠶᠢᠭ᠎ᠠ ᠤᠯᠤᠰ ᠤᠳ ᠴᠤ ᠠᠮᠵᠢᠯᠲᠠ ᠣᠯᠵᠤ ᠪᠣᠯᠣᠨ᠎ᠠ᠃ ᠡᠨᠡ ᠪᠣᠯ ᠳᠤᠮᠳᠠᠳᠤ ᠤᠯᠤᠰ ᠤᠨ ᠶᠠᠳᠠᠭᠤ ᠠᠴᠠ |
ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠣᠭᠰᠠᠨ ᠤ ᠳᠡᠯᠡᠬᠡᠢ ᠶᠢᠨ ᠠᠴᠢ ᠬᠤᠯᠪᠣᠭᠳᠠᠯ |
ᠪᠣᠯᠣᠨ᠎ᠠ ᠭᠡᠵᠦ ᠵᠢᠭᠠᠵᠤ ᠭᠠᠷᠭᠠᠪᠠ᠃ |
ᠰᠢ ᠶᠢᠨ ᠫᠢᠩ᠂ ᠳᠤᠮᠳᠠᠳᠤ ᠤᠯᠤᠰ ᠪᠣᠯ ᠢᠮᠠᠭᠲᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠨᠢᠭᠡ |
ᠪᠦᠷᠢᠯᠳᠦᠭᠦᠨ ᠮᠥᠨ᠂ ᠬᠥᠭᠵᠢᠵᠦ ᠪᠠᠶᠢᠭ᠎ᠠ ᠤᠯᠤᠰ ᠤᠳ ᠤᠨ ᠨᠠᠶᠢᠳᠠᠪᠤᠷᠢᠲᠠᠢ ᠤᠷᠳᠤ ᠬᠤᠭᠤᠴᠠᠭᠠᠨ ᠤ |
ᠬᠠᠮᠲᠤᠷᠠᠯᠴᠠᠭᠠᠨ ᠤ ᠬᠠᠨᠢᠲᠠᠨ ᠮᠥᠨ᠂ ᠪᠠᠰᠠ ᠴᠤ ᠪᠦᠭᠦ ᠪᠥᠮᠪᠥᠷᠴᠡᠭ ᠤᠨ ᠬᠥᠭᠵᠢᠯᠲᠡ ᠶᠢᠨ ᠦᠢᠯᠡᠰ ᠢ ᠳᠡᠮᠵᠢᠬᠦ |
ᠦᠢᠯᠡᠳᠦᠯᠭᠡᠵᠢᠭᠦᠯᠦᠭᠴᠢ ᠪᠠ ᠪᠣᠳᠠᠲᠠᠢ ᠠᠵᠢᠯᠯᠠᠭᠴᠢ ᠮᠥᠨ᠂ ᠳᠤᠷᠠᠲᠠᠶ᠎ᠠ ᠥᠷᠭᠡᠨ ᠤᠯᠠᠨ ᠬᠥᠭᠵᠢᠵᠦ ᠪᠠᠶᠢᠭ᠎ᠠ |
ᠤᠯᠤᠰ ᠤᠳ ᠲᠠᠢ ᠭᠠᠷ ᠬᠤᠯᠪᠣᠯᠴᠠᠨ ᠣᠳᠣᠬᠢᠴᠢᠯᠠᠯᠲᠠ ᠶᠢ ᠪᠡᠶᠡᠯᠡᠭᠦᠯᠦᠨ᠎ᠡ ᠭᠡᠵᠦ ᠴᠢᠬᠤᠯᠠᠴᠢᠯᠠᠪᠠ᠃ |
ᠰᠢ ᠶᠢᠨ ᠫᠢᠩ ᠳᠤᠮᠳᠠᠳᠤ ᠤᠯᠤᠰ ᠤᠨ ᠪᠦᠭᠦ ᠪᠥᠮᠪᠥᠷᠴᠡᠭ ᠤᠨ ᠬᠥᠭᠵᠢᠯᠲᠡ ᠶᠢ ᠳᠡᠮᠵᠢᠬᠦ ᠨᠠᠢᠮᠠᠨ ᠵᠦᠢᠯ ᠤᠨ |
ᠠᠵᠢᠯᠯᠠᠭ᠎ᠠ ᠶᠢ ᠨᠡᠶᠢᠲᠡᠯᠡᠪᠡ᠃ |
ᠨᠢᠭᠡᠳᠦᠭᠡᠷ ᠲᠤ᠂ ︽ᠨᠢᠭᠡ ᠪᠦᠰᠡ ᠨᠢᠭᠡ ᠵᠠᠮ︾ ᠢ ᠭᠠᠷ ᠬᠤᠯᠪᠣᠯᠴᠠᠨ ᠴᠢᠨᠠᠷ ᠰᠠᠶᠢᠲᠠᠢ ᠬᠠᠮᠲᠤ ᠪᠠᠷ ᠪᠦᠲᠦᠭᠡᠨ |
ᠪᠠᠶᠢᠭᠤᠯᠵᠤ᠂ ᠪᠣᠰᠤᠭ᠎ᠠ ᠴᠣᠭᠴᠠᠲᠤ ᠬᠤᠯᠪᠣᠯᠳᠤᠨ ᠨᠡᠪᠲᠡᠷᠡᠯᠴᠡᠬᠦ ᠲᠣᠣᠷ ᠰᠦᠯᠵᠢᠶ᠎ᠡ ᠶᠢ ᠤᠯᠠᠮ ᠨᠢᠭᠡ ᠠᠯᠬᠤᠮ |
ᠪᠠᠶᠢᠭᠤᠯᠵᠤ᠂ ᠪᠣᠬᠢᠷᠳᠤᠯ ᠦᠭᠡᠢ ᠲᠣᠷᠭᠠᠨ ᠵᠠᠮ ᠢᠶᠠᠷ ᠬᠥᠲᠥᠯᠥᠨ ᠳᠠᠭᠠᠭᠤᠯᠵᠤ᠂ ᠲᠣᠭᠠᠴᠢᠯᠠᠭᠰᠠᠨ ᠲᠣᠷᠭᠠᠨ ᠵᠠᠮ ᠳᠤ |
ᠬᠦᠴᠦᠨ ᠣᠯᠭᠤᠨ᠎ᠠ᠃ |
ᠬᠤᠶᠠᠳᠤᠭᠠᠷ ᠲᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠪᠦᠭᠦ |
ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠰᠤᠳᠤᠯᠭᠠᠨ ᠤ ᠲᠥᠪ ᠢ ᠰᠠᠶᠢᠲᠤᠷ ᠪᠦᠲᠦᠭᠡᠨ ᠪᠠᠶᠢᠭᠤᠯᠵᠤ᠂ |
ᠬᠥᠭᠵᠢᠵᠦ ᠪᠠᠶᠢᠭ᠎ᠠ ᠤᠯᠤᠰ ᠤᠳ ᠢ ᠦᠷᠭᠦᠯᠵᠢᠯᠡᠨ ᠳᠡᠮᠵᠢᠵᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ |
ᠠᠮᠤ ᠪᠤᠳᠠᠭᠠᠨ ᠤ ᠠᠮᠤᠷ ᠲᠦᠪᠰᠢᠨ᠂ ᠲᠣᠭᠠᠴᠢᠯᠠᠭᠰᠠᠨ ᠠᠵᠤ ᠠᠬᠤᠢ ᠵᠡᠷᠭᠡ ᠡᠯ᠎ᠡ ᠬᠦᠷᠢᠶᠡᠨ ᠳᠠᠬᠢ ᠪᠣᠳᠠᠲᠠᠢ ᠶᠢ |
ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ |
ᠭᠤᠷᠪᠠᠳᠤᠭᠠᠷ ᠲᠤ᠂ ᠠᠹᠷᠢᠺᠠ ᠲᠢᠪ ᠤᠨ ᠬᠥᠭᠵᠢᠯᠲᠡ ᠶᠢ ᠲᠡᠮᠵᠢᠨ᠎ᠠ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ |
ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠠᠴᠠ ᠢᠷᠡᠬᠦ 3 ᠵᠢᠯ ᠳᠤ ᠳᠤᠮᠳᠠᠳᠤ ᠤᠯᠤᠰ |
ᠠᠹᠷᠢᠺᠠ ᠲᠢᠪ ᠯᠦᠭᠡ ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠬᠤ ᠠᠷᠪᠠᠨ ᠶᠡᠭᠡ ᠬᠠᠨᠢᠲᠠᠨ ᠤ ᠠᠵᠢᠯᠯᠠᠭ᠎ᠠ ᠶᠢ |
ᠨᠡᠶᠢᠲᠡᠯᠡᠭᠰᠡᠨ ᠪᠥᠭᠡᠳ ᠡᠭᠦᠨ ᠳᠤ ᠪᠡᠯᠡ ᠮᠥᠩᠭᠦᠨ ᠤ ᠳᠡᠮᠵᠢᠯᠭᠡ ᠬᠠᠩᠭᠠᠪᠠ᠃ |
ᠳᠥᠷᠪᠡᠳᠦᠭᠡᠷ ᠲᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠠᠮᠤ ᠪᠤᠳᠠᠭᠠᠨ ᠤ ᠠᠮᠤᠷ |
ᠲᠦᠪᠰᠢᠨ ᠤ ᠲᠤᠬᠠᠢ ᠤᠯᠠᠨ ᠤᠯᠤᠰ ᠤᠨ ᠬᠠᠮᠲᠤᠷᠠᠯᠴᠠᠭ᠎ᠠ ᠶᠢ ᠲᠡᠮᠵᠢᠨ᠎ᠡ᠃ ᠳᠤᠮᠳᠠᠳᠤ ᠶᠢᠨ ᠲᠠᠯ᠎ᠠ ︽ᠥᠯᠥᠰᠬᠦᠯᠡᠩ |
ᠭᠠᠴᠢᠭ ᠪᠣᠯᠣᠨ ᠶᠠᠳᠠᠭᠤ ᠬᠦᠴᠢᠷᠳᠡᠯ ᠲᠠᠢ ᠲᠡᠮᠡᠴᠡᠬᠦ ᠪᠦᠭᠦ ᠪᠥᠮᠪᠥᠷᠴᠡᠭ ᠤᠨ ᠬᠤᠯᠪᠤᠭ᠎ᠠ︾ ᠳᠤ ᠣᠷᠤᠯᠴᠠᠬᠤ ᠪᠠᠷ |
ᠲᠣᠭᠲᠠᠵᠤ᠂ ᠬᠤᠷᠢᠨ ᠤᠯᠤᠰ ᠤᠨ ᠪᠦᠯᠦᠭᠯᠡᠯ ᠤᠨ ᠬᠥᠭᠵᠢᠯᠲᠡ ᠶᠢᠨ ᠰᠠᠶᠢᠳ ᠨᠠᠷ ᠤᠨ ᠬᠤᠷᠠᠯ ᠢ ᠦᠷᠭᠦᠯᠵᠢᠯᠡᠨ |
ᠡᠷᠭᠢᠯᠡᠭᠦ ᠶᠢ ᠳᠡᠮᠵᠢᠬᠦ ᠶᠢᠨ ᠬᠠᠮᠲᠤ ᠤᠯᠠᠨ ᠤᠯᠤᠰ ᠤᠨ ᠠᠮᠤ ᠪᠤᠳᠠᠭᠠᠨ ᠤ ᠬᠤᠷᠣᠭᠳᠠᠭᠤᠯᠤᠯ ᠢ ᠪᠠᠭᠠᠰᠬᠠᠬᠤ ᠶᠡᠭᠡ ᠬᠤᠷᠠᠯ ᠢ |
ᠦᠷᠭᠦᠯᠵᠢᠯᠡᠨ ᠭᠤᠣᠯᠯᠠᠨ ᠡᠷᠭᠢᠯᠡᠨ᠎ᠠ᠃ |
ᠲᠠᠪᠤᠳᠤᠭᠠᠷ ᠲᠤ᠂ ᠳᠤᠮᠳᠠᠳᠤ ᠤᠯᠤᠰ ᠪᠷᠠᠽᠢᠯ᠂ ᠡᠮᠦᠨᠡᠲᠦ ᠠᠹᠷᠢᠺᠠ᠂ ᠠᠹᠷᠢᠺᠠ ᠲᠢᠪ ᠤᠨ ᠤᠯᠤᠰ ᠤᠳ ᠤᠨ |
ᠬᠤᠯᠪᠤᠭ᠎ᠠ ᠲᠠᠢ ᠬᠠᠮᠲᠤ ᠪᠠᠷ ︽ᠨᠡᠭᠡᠭᠡᠯᠲᠡᠲᠡᠢ ᠰᠢᠨᠵᠢᠯᠡᠬᠦ ᠤᠬᠠᠭᠠᠨ ᠤ ᠤᠯᠠᠨ ᠤᠯᠤᠰ ᠤᠨ ᠬᠠᠮᠲᠤᠷᠠᠯᠴᠠᠭᠠᠨ ᠤ |
ᠰᠠᠨᠠᠭᠠᠴᠢᠯᠠᠭ᠎ᠠ︾ ᠶᠢ ᠡᠭᠦᠰᠬᠡᠨ ᠳᠤᠷᠠᠳᠴᠤ᠂ ᠪᠦᠭᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ |
ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠷ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠤ ᠨᠡᠩ ᠤᠯᠠᠨ |
ᠠᠰᠢᠭ ᠬᠦᠷᠲᠡᠭᠡᠬᠦ ᠶᠢ ᠠᠬᠢᠭᠤᠯᠤᠨ᠎ᠠ᠃ |
ᠵᠢᠷᠭᠤᠳᠤᠭᠠᠷ ᠲᠤ᠂ ᠬᠤᠷᠢᠨ ᠤᠯᠤᠰ ᠤᠨ ᠪᠦᠯᠦᠭᠯᠡᠯ ᠤᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ |
ᠤᠯᠤᠰ ᠤᠳ ᠲᠤ ᠪᠤᠶᠠᠨ ᠦᠢᠯᠡᠳᠬᠦ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠬᠦ ᠶᠢ ᠲᠡᠮᠵᠢᠵᠤ᠂ ᠪᠡᠭᠡᠵᠢᠩ ᠳᠤ |
ᠪᠠᠶᠢᠭᠤᠯᠤᠭᠰᠠᠨ ᠬᠤᠷᠢᠨ ᠤᠯᠤᠰ ᠤᠨ ᠪᠦᠯᠦᠭᠯᠡᠯ ᠤᠨ ᠦᠢᠯᠡᠰ ᠪᠣᠰᠬᠠᠬᠤ ᠰᠤᠳᠤᠯᠭᠠᠨ ᠤ ᠲᠥᠪ ᠤᠨ ᠠᠵᠢᠯ ᠢ ᠲᠡᠮᠵᠢᠵᠤ᠂ |
ᠡᠯ᠎ᠡ ᠲᠠᠯ᠎ᠠ ᠶᠢᠨ ᠬᠢᠨ ᠤ ᠲᠣᠭᠠᠴᠢᠯᠠᠭᠰᠠᠨ ᠰᠤᠷᠭᠠᠨ ᠬᠥᠮᠦᠵᠢᠯ᠂ ᠮᠦᠽᠧᠢ ᠶᠢᠨ ᠲᠣᠭᠠᠴᠢᠯᠠᠯᠲᠠ᠂ ᠡᠷᠲᠡᠨ ᠤ ᠨᠣᠮ |
ᠪᠢᠴᠢᠭ ᠤᠨ ᠲᠣᠭᠠᠴᠢᠯᠠᠯᠲᠠ ᠵᠡᠷᠭᠡ ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠬᠦ ᠶᠢ ᠲᠡᠮᠵᠢᠨ᠎ᠠ᠃ |
ᠳᠣᠯᠣᠳᠤᠭᠠᠷ ᠲᠤ᠂ ᠬᠤᠷᠢᠨ ᠤᠯᠤᠰ ᠤᠨ ᠪᠦᠯᠦᠭᠯᠡᠯ ᠤᠨ ︽ᠢᠯᠵᠠᠷᠠᠯ ᠢ ᠡᠰᠡᠷᠭᠦᠴᠡᠬᠦ ᠠᠵᠢᠯᠯᠠᠭᠠᠨ ᠤ ᠲᠥᠯᠥᠪᠯᠡᠭᠡ︾ |
ᠶᠢ ᠨᠠᠶᠢᠳᠠᠪᠤᠷᠢᠵᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠯᠤᠭ᠎ᠠ ᠭᠠᠳᠠᠭᠠᠳᠤ ᠳᠤ ᠳᠤᠲᠠᠭᠠᠭᠰᠠᠨ ᠣᠷᠭᠤᠳᠠᠭᠤᠯ |
ᠬᠡᠷᠡᠭᠲᠡᠨ ᠢ ᠨᠡᠬᠡᠮᠵᠢᠯᠡᠬᠦ ᠪᠠ ᠪᠤᠵᠠᠷ ᠵᠣᠭᠤᠰ ᠪᠤᠵᠠᠷ ᠡᠳ᠋ ᠢ ᠨᠡᠬᠡᠮᠵᠢᠯᠡᠬᠦ᠂ ᠢᠯᠵᠠᠷᠠᠯ ᠢ ᠳᠠᠯᠳᠠᠯᠠᠬᠤ ᠭᠠᠵᠠᠷ ᠦᠭᠡᠢ ᠪᠤᠯᠭᠠᠬᠤ᠂ |
ᠢᠯᠵᠠᠷᠠᠯ ᠢ ᠡᠰᠡᠷᠭᠦᠴᠡᠬᠦ ᠴᠢᠳᠠᠪᠤᠷᠢ ᠶᠢᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ |
ᠨᠠᠢᠮᠠᠳᠤᠭᠠᠷ ᠲᠤ᠂ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠪᠠᠶᠢᠭᠤᠯᠤᠯ |
ᠲᠣᠭᠲᠠᠴᠠ ᠶᠢ ᠲᠡᠭᠦᠯᠳᠡᠷᠵᠢᠭᠦᠯᠵᠦ᠂ ᠬᠠᠮᠤᠭ ᠤᠨ ᠬᠥᠭᠵᠢᠭᠡᠳᠦᠢ ᠤᠯᠤᠰ ᠲᠤ ᠭᠠᠭᠴᠠ ᠲᠠᠯ᠎ᠠ ᠶᠢᠨ ᠨᠡᠭᠡᠭᠡᠯᠲᠡ ᠬᠢᠬᠦ ᠶᠢ |
ᠥᠷᠭᠡᠳᠬᠡᠵᠦ᠂ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠪᠤᠢ ᠪᠦᠬᠦᠢ ᠬᠠᠮᠤᠭ ᠤᠨ |
ᠬᠥᠭᠵᠢᠭᠡᠳᠦᠢ ᠤᠯᠤᠰ ᠲᠤ 100% ᠶᠢᠨ ᠭᠠᠶᠢᠯᠢ ᠶᠢᠨ ᠲᠦᠷᠦᠯ ᠤᠨ ᠦᠢᠯᠡᠳᠬᠦᠨ ᠠᠴᠠ ᠪᠣᠭᠤᠮᠲᠠ ᠶᠢᠨ ᠭᠠᠶᠢᠯᠢ |
ᠬᠤᠷᠢᠶᠠᠬᠤ ᠦᠭᠡᠢ ᠬᠠᠷᠠᠭᠠᠯᠵᠠᠯ ᠦᠵᠡᠭᠦᠯᠦᠨ᠎ᠡ ᠭᠡᠵᠦ ᠨᠢᠭᠡᠨᠲᠡ ᠨᠡᠶᠢᠲᠡᠯᠡᠪᠡ᠃ |
ᠰᠢ ᠶᠢᠨ ᠫᠢᠩ ᠬᠠᠮᠤᠭ ᠤᠨ ᠰᠡᠭᠦᠯ ᠳᠤ ᠮᠢᠩᠭᠠᠨ ᠭᠠᠵᠠᠷ ᠤᠨ ᠠᠶᠠᠨ ᠬᠥᠯ ᠳᠣᠣᠷ᠎ᠠ ᠠᠴᠠ ᠡᠬᠢᠯᠡᠨ᠎ᠡ᠃ ᠳᠤᠮᠳᠠᠳᠤ |
ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠬᠥᠳᠡᠯᠦᠯᠴᠡᠵᠦ᠂ ᠬᠠᠮᠲᠤ ᠪᠠᠷ ᠬᠥᠭᠵᠢᠭᠰᠡᠨ ᠲᠥᠪ ᠭᠤᠣᠯᠴᠢ |
ᠳᠡᠯᠡᠬᠡᠢ ᠶᠢᠷᠲᠢᠨᠴᠦ ᠶᠢ ᠪᠠᠶᠢᠭᠤᠯᠵᠤ᠂ ᠶᠠᠳᠠᠭᠤ ᠬᠦᠴᠢᠷᠳᠡᠯ ᠢ ᠥᠩᠭᠡᠷᠡᠭᠰᠡᠨ ᠤ ᠬᠢ ᠪᠤᠯᠭᠠᠵᠤ᠂ ᠰᠠᠶᠢᠨ ᠰᠠᠶᠢᠬᠠᠨ ᠬᠦᠰᠡᠯ |
ᠢᠷᠡᠭᠡᠳᠦᠢ ᠶᠢ ᠪᠣᠳᠠᠲᠤ ᠠᠬᠤᠢ ᠪᠣᠯᠭᠠᠨ᠎ᠠ ᠭᠡᠵᠦ ᠢᠯᠡᠷᠬᠡᠶᠢᠯᠡᠪᠡ᠃ |
ᠪᠷᠠᠽᠢᠯ ᠤᠨ ᠶᠡᠷᠦᠩᠬᠡᠶᠢᠯᠡᠭᠴᠢ ᠯᠦᠯᠠ ᠬᠤᠷᠠᠯ ᠢ ᠡᠷᠭᠢᠯᠡᠪᠡ᠃ |
|
ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ |
ᠰᠢ ᠶᠢᠨ ᠫᠢᠩ ᠪᠷᠠᠽᠢᠯ ᠤᠨ ᠷᠢᠦ᠋ ᠳ᠋ᠢ ᠿᠧᠨᠦ᠋ᠢᠷᠦ᠋ ᠳᠤ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ |
ᠠᠷᠪᠠ ᠶᠢᠰᠦᠳᠦᠭᠡᠷ ᠤᠳᠠᠭ᠎ᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠪᠠ᠃ ᠲᠦᠷᠦᠭᠦᠴᠦᠳ ᠤᠨ ᠬᠤᠷᠠᠯ ᠤᠨ |
ᠨᠢᠭᠡᠳᠦᠭᠡᠷ ᠱᠠᠲᠤᠨ ᠳᠤ ︽ᠥᠯᠥᠰᠬᠦᠯᠡᠩ ᠭᠠᠴᠢᠭ ᠬᠢᠭᠡᠳ ᠶᠠᠳᠠᠭᠤ ᠬᠦᠴᠢᠷᠳᠡᠯ ᠲᠠᠢ ᠲᠡᠮᠡᠴᠡᠬᠦ︾ ᠵᠥᠪᠯᠡᠬᠦ ᠰᠡᠳᠦᠪ ᠤᠨ |
ᠲᠣᠭᠤᠷᠢᠨ ᠳᠤ ᠶᠠᠷᠢᠯᠴᠠᠬᠤ ᠳᠠᠭᠠᠨ ᠰᠢ ᠶᠢᠨ ᠫᠢᠩ ︽ᠬᠠᠮᠲᠤ ᠪᠠᠷ ᠬᠥᠭᠵᠢᠭᠰᠡᠨ ᠲᠥᠪ ᠭᠤᠣᠯᠴᠢ ᠳᠡᠯᠡᠬᠡᠢ ᠶᠢᠷᠲᠢᠨᠴᠦ ᠶᠢ |
ᠪᠠᠶᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃ |
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ |
|
ᠲᠦᠷᠦᠭᠦᠴᠦᠳ ᠤᠨ ᠬᠤᠷᠠᠯ ᠡᠬᠢᠯᠡᠬᠦ ᠠᠴᠠ ᠡᠮᠦᠨ᠎ᠡ ᠰᠢ ᠶᠢᠨ ᠫᠢᠩ ᠬᠤᠷᠠᠯ ᠳᠤ ᠣᠷᠣᠯᠴᠠᠬᠰᠠᠨ ᠤᠳᠤᠷᠢᠳᠬᠤ |
ᠬᠥᠮᠥᠰ ᠲᠠᠢ ᠬᠠᠮᠲᠤ ᠪᠷᠠᠽᠢᠯ ᠤᠨ ᠰᠠᠨᠠᠭᠠᠴᠢᠯᠠᠭᠰᠠᠨ ︽ᠥᠯᠥᠰᠬᠦᠯᠡᠩ ᠭᠠᠴᠢᠭ ᠪᠣᠯᠣᠨ ᠶᠠᠳᠠᠭᠤ ᠬᠦᠴᠢᠷᠳᠡᠯ ᠲᠠᠢ |
ᠲᠡᠮᠡᠴᠡᠬᠦ ᠪᠦᠭᠦ ᠪᠥᠮᠪᠥᠷᠴᠡᠭ ᠤᠨ ᠬᠤᠯᠪᠤᠭ᠎ᠠ︾ ᠶᠢᠨ ᠡᠭᠢᠯᠡᠯᠲᠡ ᠶᠢᠨ ᠶᠣᠰᠣᠯᠠᠯ ᠳᠤ ᠣᠷᠣᠯᠴᠠᠪᠠ᠃ |
ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ |