ᠠᠷᠪᠠᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ |
ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ 11 ᠰᠠᠷ᠎ᠠ ᠶᠢᠨ 22 ᠤᠨ ᠣᠷᠣᠢ ᠬᠠᠶᠢᠨᠠᠨ ᠮᠤᠵᠢ ᠶᠢᠨ ᠰᠠᠨᠶᠠ |
ᠬᠤᠲᠠ ᠳᠤ ᠦᠪᠡᠳᠡᠭᠰᠢ ᠶᠡᠭᠡ ᠪᠠᠷ ᠡᠬᠢᠯᠡᠪᠡ᠃ |
ᠡᠭᠢᠯᠡᠯᠲᠡ ᠶᠢᠨ ᠶᠣᠰᠣᠯᠠᠯ ᠳᠡᠭᠡᠷ᠎ᠡ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠵᠢᠪᠬᠤᠭ᠎ᠠ |
ᠲᠡᠭᠦᠯᠳᠡᠷ ᠢᠶᠠᠷ ᠴᠤᠭᠯᠠᠭᠠᠨ ᠤ ᠲᠠᠯᠠᠪᠠᠢ ᠳᠤ ᠠᠯᠬᠤᠨ ᠣᠷᠣᠵᠤ᠂ ᠳᠠᠯᠠᠪᠠᠢ ᠳᠤ ᠣᠷᠣᠬᠤ ᠭᠤᠴᠣ ᠰᠠᠶᠢᠬᠠᠨ |
ᠲᠣᠬᠯᠠᠯᠲᠠ ᠨᠢ ᠣᠨᠴᠠᠯᠢᠭ ᠲᠡᠭᠦᠰ᠂ ᠣᠮᠤᠭ ᠲᠡᠭᠦᠯᠳᠡᠷ ᠪᠠᠶᠢᠵᠤ᠂ ᠥᠪᠥᠷ ᠮᠣᠩᠭᠤᠯ ᠤᠨ ᠲᠠᠮᠢᠷᠴᠢᠳ ᠤᠨ |
ᠢᠳᠡᠪᠬᠢᠲᠡᠢ ᠤᠷᠤᠭᠰᠢᠯᠠᠨ᠂ ᠡᠷᠡᠮᠡᠬᠡᠶᠢᠯᠡᠨ ᠲᠠᠪᠰᠢᠬᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ |
ᠭᠦᠢᠴᠡᠳ ᠢᠯᠡᠷᠡᠭᠦᠯᠪᠡ᠃ |
ᠲᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠥᠪᠥᠷ ᠮᠣᠩᠭᠤᠯ ᠤᠨ ᠲᠥᠯᠥᠭᠡᠯᠡᠭᠴᠢᠳ ᠤᠨ |
ᠪᠦᠯᠭᠦᠮ ᠨᠡᠶᠢᠲᠡ 181 ᠲᠠᠮᠢᠷᠴᠢᠨ ᠲᠣᠮᠢᠯᠠᠵᠤ᠂ ᠲᠡᠪᠡᠭ᠂ ᠳᠡᠭᠦᠵᠢᠩ᠂ ᠬᠤᠯᠬᠤᠪᠴᠢ ᠨᠤᠮᠤ ᠬᠠᠷᠪᠤᠬᠤ᠂ ᠲᠥᠪᠡᠳ |
ᠮᠠᠶ᠋ᠢᠭ ᠤᠨ ᠳᠡᠭᠡᠰᠦ ᠲᠠᠲᠠᠬᠤ᠂ ᠦᠨᠳᠦᠰᠦᠲᠡᠨ ᠤ ᠵᠡᠪᠰᠡᠭ ᠤᠨ ᠡᠷᠳᠡᠮ᠂ ᠦᠨᠳᠦᠰᠦᠲᠡᠨ ᠤ ᠪᠦᠭᠡ ᠶᠢᠨ ᠪᠠᠷᠢᠯᠳᠤᠭᠠᠨ᠂ |
ᠦᠨᠳᠦᠰᠦᠲᠡᠨ ᠤ ᠮᠣᠷᠢᠨ ᠮᠡᠷᠭᠡᠵᠢᠯ᠂ ᠦᠨᠳᠦᠰᠦᠲᠡᠨ ᠤ ᠪᠡᠶ᠎ᠡ ᠴᠢᠭᠢᠷᠠᠭᠵᠢᠭᠤᠯᠬᠤ ᠲᠠᠮᠢᠷ ᠵᠡᠷᠭᠡ 8 ᠤᠷᠤᠯᠳᠤᠭᠠᠨ ᠤ |
ᠲᠥᠷᠥᠯ ᠵᠦᠢᠯ ᠵᠢᠴᠢ ᠤᠭᠯᠠᠭᠤᠷᠭ᠎ᠠ ᠪᠤᠯᠢᠶᠠᠬᠤ᠂ ᠪᠤᠶᠢᠺᠤ ᠪᠥᠮᠪᠦᠭᠡ᠂ ᠲᠡᠮᠡᠭᠡᠨ ᠪᠥᠮᠪᠦᠭᠡ᠂ ᠮᠣᠷᠢᠨ ᠮᠡᠷᠭᠡᠵᠢᠯ ᠵᠡᠷᠭᠡ |
4 ᠲᠣᠬᠯᠠᠯᠲᠠ ᠶᠢᠨ ᠲᠥᠷᠥᠯ ᠵᠦᠢᠯ ᠳᠤ ᠣᠷᠣᠯᠴᠠᠪᠠ᠃ ᠡᠭᠦᠨ ᠳᠤ ᠦᠨᠳᠦᠰᠦᠲᠡᠨ ᠤ ᠮᠣᠷᠢᠨ ᠮᠡᠷᠭᠡᠵᠢᠯ᠂ ᠲᠡᠮᠡᠭᠡᠨ |
ᠪᠥᠮᠪᠦᠭᠡ᠂ ᠮᠣᠷᠢᠨ ᠮᠡᠷᠭᠡᠵᠢᠯ ᠵᠡᠷᠭᠡ 3 ᠲᠥᠷᠥᠯ ᠵᠦᠢᠯ ᠢ ᠡᠨᠡ ᠵᠢᠯ ᠤᠨ 7 ᠰᠠᠷ᠎ᠠ ᠳᠤ ᠰᠢᠨᠵᠢᠶᠠᠩ ᠤᠨ ᠢᠯᠢ ᠶᠢᠨ |
ᠮᠤᠩᠭᠤᠯᠭᠦ᠋ᠷᠢᠶᠡ ᠰᠢᠶᠠᠨ ᠳᠤ ᠤᠷᠤᠯᠳᠤᠵᠤ ᠳᠠᠭᠤᠰᠬᠠᠪᠠ᠃ |
ᠤᠷᠤᠯᠳᠤᠭᠠᠨ ᠤ ᠲᠠᠯᠠᠪᠠᠢ ᠳᠤ ᠬᠠᠮᠤᠭ ᠤᠨ ᠰᠠᠶᠢᠨ ᠬᠢᠷᠢ ᠪᠦᠳᠦᠮᠵᠢ ᠪᠠᠨ ᠪᠠᠳᠠᠷᠠᠭᠤᠯᠵᠤ᠂ ᠥᠪᠥᠷ |
ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠳᠤ ᠢᠷᠠᠭᠤ ᠠᠯᠳᠠᠷ ᠣᠯᠭᠤᠬᠤ ᠪᠠᠷ ᠴᠢᠷᠮᠠᠶᠢᠨ᠎ᠠ᠃ ᠡᠭᠦᠨ ᠤ ᠬᠠᠮᠲᠤ |
ᠪᠤᠰᠤᠳ ᠮᠤᠵᠢ ᠣᠷᠣᠨ ᠬᠤᠲᠠ ᠶᠢᠨ ᠡᠯ᠎ᠡ ᠦᠨᠳᠦᠰᠦᠲᠡᠨ ᠤ ᠲᠠᠮᠢᠷᠴᠢᠳ ᠠᠴᠠ ᠰᠤᠷᠤᠯᠴᠠᠵᠤ᠂ ᠬᠠᠮᠲᠤ ᠪᠠᠷ |
ᠳᠠᠪᠰᠢᠨ᠎ᠠ ᠭᠡᠵᠦ ᠲᠠᠮᠢᠷᠴᠢᠳ ᠢᠯᠡᠳᠬᠡᠵᠡᠭᠡᠨ᠎ᠡ᠃ |
ᠡᠮᠦᠨᠡᠬᠢ ᠬᠤᠭᠤᠴᠠᠭᠠᠨ ᠤ ᠭᠦᠢᠴᠡᠳ ᠪᠡᠯᠡᠳᠬᠡᠯ ᠪᠠ ᠬᠠᠲᠠᠭᠤᠵᠢᠯᠲᠠᠢ ᠪᠣᠯᠪᠠᠰᠤᠷᠠᠯ ᠢᠶᠠᠷ ᠣᠯᠠᠨ ᠢᠶᠠᠷ ᠢᠶᠠᠨ |
ᠢᠲᠡᠭᠡᠯ ᠲᠡᠭᠦᠯᠳᠡᠷ ᠪᠣᠯᠵᠤ᠂ ᠴᠥᠮ ᠲᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠤᠯᠴᠠᠬᠤ |
ᠪᠠᠷ ᠳᠡᠮᠵᠢᠨ ᠳᠣᠷᠪᠢᠯᠢᠭ ᠮᠡᠷᠭᠡᠵᠢᠯ ᠪᠠ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ |
ᠢᠯᠡᠷᠡᠭᠦᠯᠵᠦ᠂ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠳᠦᠷᠰᠦ ᠪᠠᠶᠢᠳᠠᠯ ᠢ |
ᠭᠦᠢᠴᠡᠳ ᠢᠯᠡᠷᠡᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠤᠯᠠᠮ ᠨᠢᠭᠡ |
ᠠᠯᠬᠤᠮ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ |
ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠳᠬᠡᠪᠡ᠃ ︵ᠯᠢ ᠼᠦᠨ ᠰᠢᠶᠠ︶ |