ᠠᠷᠪᠠᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ |
ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠬᠠᠶᠢᠨᠠᠨ ᠤ ᠰᠠᠨᠶᠠ ᠬᠤᠲᠠ ᠳᠤ ᠨᠢᠵᠢᠭᠢᠷ ᠰᠠᠶᠢᠬᠠᠨ ᠡᠬᠢᠯᠡᠬᠦ ᠶᠢ |
ᠳᠠᠭᠠᠯᠳᠤᠨ ᠪᠦᠭᠦ ᠤᠯᠤᠰ ᠤᠨ ᠡᠯ᠎ᠡ ᠭᠠᠵᠠᠷ ᠤᠨ ᠦᠨᠳᠦᠰᠦᠲᠡᠨ ᠨᠦᠭᠦᠳ ᠤᠨ ᠲᠠᠮᠢᠷᠴᠢᠳ ᠨᠢᠭᠡ ᠳᠣᠣᠷ᠎ᠠ |
ᠴᠤᠭᠯᠠᠷᠠᠨ ᠳᠡᠯᠡᠬᠡᠢ ᠶᠢᠷᠲᠢᠨᠴᠦ ᠳᠤ ᠪᠡᠶ᠎ᠡ ᠶᠢᠨ ᠲᠠᠮᠢᠷ ᠪᠣᠯᠣᠨ ᠰᠣᠶᠣᠯ ᠤᠨ ᠦᠪᠡᠳᠡᠭᠰᠢ ᠨᠠᠶᠢᠷ ᠢ ᠰᠣᠨᠢᠷᠬᠠᠭᠤᠯᠤᠯᠠ᠃ |
|
|
ᠠᠷᠪᠠᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ |
ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ |
ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠬᠠᠶᠢᠨᠠᠨ ᠮᠤᠵᠢ ᠶᠢᠨ |
ᠠᠷᠠᠳ ᠤᠨ ᠵᠠᠰᠠᠭ ᠤᠨ ᠣᠷᠳᠣᠨ᠂ ᠢᠯᠢ ᠶᠢᠨ ᠬᠠᠰᠠᠭ ᠥᠪᠡᠷᠲᠡᠭᠡᠨ ᠵᠠᠰᠠᠬᠤ ᠵᠧᠦ ᠶᠢᠨ ᠠᠷᠠᠳ ᠤᠨ ᠵᠠᠰᠠᠭ ᠤᠨ |
ᠣᠷᠳᠣᠨ ︵ᠬᠤᠪᠢᠶᠠᠷᠢ ᠤᠷᠤᠯᠳᠤᠭᠠᠨ ᠤ ᠲᠠᠯᠠᠪᠠᠶ᠂ ᠮᠣᠷᠢᠨ ᠳᠡᠭᠡᠷᠡᠬᠢ ᠲᠥᠷᠥᠯ ᠵᠦᠢᠯ︶ ᠳᠠᠭᠠᠭᠠᠴᠢᠯᠠᠨ ᠡᠷᠭᠢᠯᠡᠵᠦ᠂ |
︽ᠪᠦᠯᠬᠦᠮᠳᠡᠨ ᠲᠡᠮᠡᠴᠡᠵᠦ᠂ ᠳᠠᠷᠪᠠᠭᠤᠯ ᠬᠡᠶᠢᠰᠬᠡᠨ ᠠᠶᠠᠨ ᠳᠠᠭᠠᠨ ᠮᠣᠷᠳᠠᠶ᠎ᠠ︾ ᠭᠡᠬᠦ ᠪᠠᠷ ᠭᠤᠣᠯ ᠰᠡᠳᠦᠪ ᠪᠣᠯᠭᠠᠵᠠᠢ᠃ |
ᠣᠶᠢᠯᠠᠭᠠᠭᠰᠠᠨ ᠢᠶᠠᠷ᠂ ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠤᠷᠤᠯᠳᠤᠭᠠᠨ ᠤ ᠲᠥᠷᠥᠯ ᠪᠠ |
ᠲᠤᠬᠯᠠᠯᠲᠠ ᠶᠢᠨ ᠲᠥᠷᠥᠯ ᠭᠡᠵᠦ ᠬᠤᠪᠢᠶᠠᠨ᠂ ᠤᠷᠤᠯᠳᠤᠭᠠᠨ ᠤ ᠲᠦᠷᠦᠯ ᠳᠤ ᠨᠡᠶᠢᠲᠡ 18 ᠤᠷᠤᠯᠳᠤᠭᠠᠨ ᠤ ᠵᠦᠢᠯ |
ᠲᠣᠬᠢᠷᠠᠭᠤᠯᠵᠤ᠂ ᠲᠡᠪᠡᠭ ᠢᠰᠬᠦᠯᠬᠦ᠂ ᠯᠤᠤᠲᠤ ᠣᠩᠭᠤᠴᠠ᠂ ᠲᠤᠭᠤᠷᠠᠭᠤᠯ᠂ ᠲᠥᠪᠡᠳ ᠮᠠᠶ᠋ᠢᠭ ᠤᠨ ᠳᠡᠭᠡᠰᠦ ᠲᠠᠲᠠᠬᠤ |
ᠵᠡᠷᠭᠡ ᠶᠢ ᠪᠠᠭᠲᠠᠭᠠᠵᠠᠢ; ᠲᠣᠬᠯᠠᠯᠲᠠ ᠶᠢᠨ ᠲᠥᠷᠥᠯ ᠳᠤ ᠤᠷᠤᠯᠳᠤᠭᠠᠨ᠂ ᠤᠷ᠎ᠠ ᠮᠡᠷᠭᠡᠵᠢᠯ ᠪᠠ ᠶᠡᠷᠦᠩᠬᠡᠢ |
ᠤᠷᠤᠯᠳᠤᠭᠠᠨ ᠭᠡᠵᠦ ᠭᠤᠷᠪᠠᠨ ᠠᠩᠭᠢ ᠬᠤᠪᠢᠶᠠᠵᠠᠢ᠃ ᠡᠭᠦᠨ ᠳᠤ᠂ ᠮᠣᠷᠢᠨ ᠳᠡᠭᠡᠷᠡᠬᠢ ᠲᠥᠷᠥᠯ ᠵᠦᠢᠯ ᠨᠢ ᠡᠨᠡ |
ᠵᠢᠯ ᠤᠨ 7 ᠰᠠᠷ᠎ᠠ ᠳᠤ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠵᠣᠣ ᠰᠦ᠋ ᠰᠢᠶᠠᠨ ᠳᠤ |
ᠶᠠᠪᠤᠭᠳᠠᠭᠰᠠᠨ ᠪᠠᠶᠢᠨ᠎ᠠ᠃ |
|
ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ︽ᠡᠷᠬᠡ ᠲᠡᠭᠰᠢ᠂ ᠪᠦᠯᠬᠦᠮᠳᠡᠯ ᠲᠠᠢ᠂ ᠡᠷᠡᠯᠬᠡᠭᠯᠡᠨ |
ᠲᠡᠮᠡᠴᠡᠬᠦ᠂ ᠡᠷᠡᠮᠡᠬᠡᠶᠢᠯᠡᠨ ᠤᠷᠤᠭᠰᠢᠯᠠᠬᠤ︾ ᠶᠢ ᠵᠢᠷᠤᠮᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ |
ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠲᠤᠮᠳᠠᠳᠤ ᠶᠢᠨ ᠰᠣᠶᠣᠯ ᠤᠨ |
ᠢᠲᠡᠭᠡᠯ ᠢ ᠪᠠᠲᠤᠳᠬᠠᠨ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ |
ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ |
ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠤᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ |
ᠠᠭᠤᠰᠤᠯᠴᠠᠯ ᠤᠨ ᠲᠠᠪᠴᠠᠩ ᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ |
ᠠᠬᠢᠭᠤᠯᠬᠤ ᠪᠠ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠪᠠᠷ |
ᠴᠢᠬᠤᠯᠠ ᠬᠠᠷᠠᠯᠲᠠ ᠪᠤᠯᠭᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠪᠦᠭᠦ ᠤᠯᠤᠰ ᠤᠨ |
ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠡᠷᠡᠯᠬᠡᠭᠯᠡᠨ ᠲᠡᠮᠡᠴᠡᠬᠦ ᠤᠶᠤᠨ ᠰᠠᠨᠠᠭᠠᠨ ᠤ ᠳᠦᠷᠰᠦ |
ᠪᠠᠶᠢᠳᠠᠯ ᠢ ᠭᠦᠢᠴᠡᠳ ᠢᠯᠡᠷᠡᠭᠦᠯᠵᠡᠢ᠃ |
|
ᠮᠠᠨ ᠤ ᠣᠷᠣᠨ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ᠤᠯᠠᠨ ᠦᠨᠳᠦᠰᠦᠲᠡᠨ ᠰᠠᠬᠢᠨ ᠪᠠᠷᠠᠯᠠᠵᠤ |
ᠬᠠᠷᠢᠯᠴᠠᠨ ᠬᠠᠪᠰᠤᠷᠤᠯᠴᠠᠨ ᠦᠨᠳᠦᠰᠦᠲᠡᠨ ᠪᠦᠯᠬᠦᠮᠳᠡᠨ ᠲᠠᠪᠰᠢᠬᠰᠠᠨ᠂ ᠠᠵᠤ ᠠᠬᠤᠢ ᠰᠣᠶᠣᠯ ᠬᠥᠭᠵᠢᠨ |
ᠴᠡᠴᠡᠭᠯᠡᠭᠰᠡᠨ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ ᠬᠠᠮᠲᠤ ᠪᠠᠷ ᠴᠣᠭᠴᠠᠯᠠᠨ ᠪᠠᠶᠢᠭᠤᠯᠤᠨ᠎ᠠ᠃ ᠤᠷᠳᠤ |
ᠬᠤᠭᠤᠴᠠᠭᠠᠨ ᠤ ᠲᠤᠷᠰᠢ᠂ ᠥᠪᠡᠷᠲᠡᠭᠡᠨ ᠵᠠᠰᠠᠬᠤ ᠣᠷᠣᠨ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠶᠡᠭᠡ |
ᠲᠠᠪᠰᠢᠯᠳᠠ ᠶᠢ ᠠᠬᠢᠭᠤᠯᠬᠤ ᠪᠠᠷ ᠵᠣᠷᠢᠯᠭ᠎ᠠ ᠪᠣᠯᠭᠠᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ |
ᠬᠥᠳᠡᠯᠭᠡᠭᠡᠨ ᠤ ᠬᠥᠭᠵᠢᠯᠲᠡ ᠶᠢ ᠬᠦᠴᠦᠯᠡᠨ ᠠᠬᠢᠭᠤᠯᠤᠭᠰᠠᠭᠠᠷ ᠢᠷᠡᠵᠡᠢ᠃ ᠲᠣᠰ ᠬᠤᠭᠤᠴᠠᠭᠠᠨ ᠤ ᠪᠦᠭᠦ |
ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ᠂ ᠮᠠᠨ ᠤ ᠣᠷᠣᠨ ᠤ |
ᠲᠥᠯᠥᠭᠡᠯᠡᠭᠴᠢᠳ ᠤᠨ ᠪᠦᠯᠭᠦᠮ ᠨᠠᠩ ᠴᠤ ᠪᠦᠭᠦ ᠬᠦᠴᠦᠨ ᠢᠶᠠᠷ ᠢᠶᠠᠨ ᠴᠢᠷᠮᠠᠶᠢᠵᠤ᠂ ᠦᠨᠳᠦᠰᠦᠲᠡᠨ ᠤ |
ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠢᠨ᠎ᠡ ᠴᠠᠭ ᠦᠶ᠎ᠡ ᠶᠢᠨ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠪᠡ᠃ |
ᠲᠡᠪᠡᠭ ᠢᠰᠬᠦᠯᠬᠦ᠂ ᠳᠡᠭᠦᠵᠢᠩ ᠨᠠᠭᠠᠳᠬᠤ᠂ ᠬᠤᠯᠬᠤᠪᠴᠢ ᠨᠤᠮᠤ ᠬᠠᠷᠪᠤᠬᠤ᠂ ᠲᠥᠪᠡᠳ ᠮᠠᠶ᠋ᠢᠭ ᠤᠨ ᠳᠡᠭᠡᠰᠦ ᠲᠠᠲᠠᠬᠤ᠂ |
ᠦᠨᠳᠦᠰᠦᠲᠡᠨ ᠤ ᠦᠱᠦ᠂ ᠦᠨᠳᠦᠰᠦᠲᠡᠨ ᠤ ᠮᠠᠶ᠋ᠢᠭ ᠤᠨ ᠪᠦᠭᠡ ᠪᠠᠷᠢᠯᠳᠤᠬᠤ᠂ ᠦᠨᠳᠦᠰᠦᠲᠡᠨ ᠤ ᠮᠣᠷᠢᠨ ᠮᠡᠷᠭᠡᠵᠢᠯ᠂ |
ᠦᠨᠳᠦᠰᠦᠲᠡᠨ ᠤ ᠪᠡᠶ᠎ᠡ ᠴᠢᠭᠢᠷᠠᠭᠵᠢᠭᠤᠯᠬᠤ ᠲᠠᠮᠢᠷ ᠵᠡᠷᠭᠡ 8 ᠤᠷᠤᠯᠳᠤᠭᠠᠨ ᠤ ᠲᠥᠷᠥᠯ ᠪᠠ ᠴᠦ᠋ ᠪᠤᠯᠢᠶᠠᠯᠳᠤᠬᠤ᠂ |
ᠪᠤᠶᠢᠺᠤ ᠪᠥᠮᠪᠦᠭᠡ᠂ ᠲᠡᠮᠡᠭᠡᠨ ᠪᠥᠮᠪᠦᠭᠡ᠂ ᠮᠣᠷᠢᠨ ᠮᠡᠷᠭᠡᠵᠢᠯ ᠵᠡᠷᠭᠡ 4 ᠲᠣᠬᠯᠠᠯᠲᠠ ᠶᠢᠨ ᠲᠥᠷᠥᠯ ᠳᠤ ᠣᠷᠣᠯᠴᠠᠪᠠ᠃ |
ᠲᠤᠰ ᠬᠤᠭᠤᠴᠠᠭᠠᠨ ᠤ ᠤᠷᠤᠯᠳᠤᠭᠠᠨ ᠡᠬᠢᠯᠡᠭᠰᠡᠨ ᠲᠦᠷᠦᠭᠦᠦ ᠬᠤᠶᠠᠷ ᠡᠳᠦᠷ ᠲᠤ᠂ ᠮᠠᠨ ᠤ ᠣᠷᠣᠨ ᠤ ᠲᠠᠮᠢᠷᠴᠢᠳ |
ᠤᠯᠠᠨ ᠲᠦᠷᠦᠯ ᠤᠨ ᠤᠷᠤᠯᠳᠤᠭᠠᠨ ᠳᠤ ᠡᠷᠡᠯᠬᠡᠭᠯᠡᠨ ᠲᠡᠮᠡᠴᠡᠵᠦ᠂ ᠡᠷᠳᠡᠮ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ |
ᠳ᠋ᠦ᠋ ᠬᠤᠤ ᠶᠢᠩ ᠦᠨᠳᠦᠰᠦᠲᠡᠨ ᠤ ᠦᠱᠦ ᠶᠢᠨ ᠡᠮᠡᠭᠲᠡᠢ ᠶᠢᠨ ᠤᠯᠠᠮᠵᠢᠯᠠᠯᠲᠤ ᠳᠠᠩ ᠵᠡᠪᠰᠡᠭ ᠤᠨ ᠰᠢᠢᠳᠪᠦᠷᠢᠲᠦ |
ᠤᠷᠤᠯᠳᠤᠭᠠᠨ ᠳᠤ ᠬᠤᠶᠠᠳᠤᠭᠠᠷ ᠳᠡᠰ ᠤᠨ ᠱᠠᠩᠨᠠᠯ ᠭᠥᠷᠳᠡᠭᠰᠡᠨ᠂ ᠾᠥᠸᠧ ᠰᠢᠶᠣᠣ ᠢᠦᠢ ᠦᠨᠳᠦᠰᠦᠲᠡᠨ ᠤ |
ᠪᠠᠷᠢᠮᠵᠢᠶᠠᠲᠤ ᠬᠤᠯᠬᠤᠪᠴᠢ ᠨᠤᠮᠤ ᠶᠢᠨ ᠡᠮᠡᠭᠲᠡᠢ ᠶᠢᠨ ᠵᠣᠭᠰᠤᠭ᠎ᠠ ᠬᠠᠷᠪᠤᠭ᠎ᠠ ᠶᠢᠨ ᠨᠢᠭᠡᠳᠦᠭᠡᠷ ᠳᠡᠰ ᠤᠨ ᠱᠠᠩᠨᠠᠯ ᠢ |
ᠭᠥᠷᠳᠡᠭᠰᠡᠨ᠂ ᠴᠢᠬᠡᠴᠢ ᠦᠨᠳᠦᠰᠦᠲᠡᠨ ᠤ ᠪᠠᠷᠢᠮᠵᠢᠶᠠᠲᠤ ᠬᠤᠯᠬᠤᠪᠴᠢ ᠨᠤᠮᠤ ᠶᠢᠨ ᠡᠷᠡᠭᠲᠡᠢ ᠶᠢᠨ ᠵᠣᠭᠰᠤᠭ᠎ᠠ |
ᠬᠠᠷᠪᠤᠭ᠎ᠠ ᠶᠢᠨ ᠬᠤᠶᠠᠳᠤᠭᠠᠷ ᠳᠡᠰ ᠤᠨ ᠱᠠᠩᠨᠠᠯ ᠢ ᠭᠥᠷᠳᠡᠭᠰᠡᠨ᠂ ᠦᠨᠳᠦᠰᠦᠲᠡᠨ ᠤ ᠦᠱᠦ ᠶᠢᠨ ᠤᠷᠤᠯᠳᠤᠭᠠᠨ ᠳᠤ᠂ |
ᠳ᠋ᠦ᠋ ᠬᠤᠤ ᠶᠢᠩ ᠡᠮᠡᠭᠲᠡᠢ ᠶᠢᠨ ᠤᠯᠠᠮᠵᠢᠯᠠᠯᠲᠤ ᠪᠤᠰᠤᠳ ᠲᠦᠷᠦᠯ ᠤᠨ ᠨᠢᠳᠤᠷᠭᠠᠨ ᠲᠡᠮᠡᠴᠡᠭᠡᠨ ᠤ ᠨᠢᠭᠡᠳᠦᠭᠡᠷ |
ᠳᠡᠰ ᠤᠨ ᠱᠠᠩᠨᠠᠯ ᠭᠥᠷᠳᠡᠭᠰᠡᠨ᠂ ᠮᠠ ᠵᠢᠩ ᠶᠢᠩ᠂ ᠮᠠ ᠸᠧᠨ ᠪᠦᠸᠧ ᠡᠮᠡᠭᠲᠡᠢ ᠶᠢᠨ ᠬᠤᠣᠰᠯᠠᠯ ᠲᠡᠮᠡᠴᠡᠯᠳᠦᠭᠡᠨ ᠤ |
ᠭᠤᠷᠪᠠᠳᠤᠭᠠᠷ ᠳᠡᠰ ᠤᠨ ᠱᠠᠩᠨᠠᠯ ᠢ ᠭᠥᠷᠳᠡᠭᠰᠡᠨ ᠵᠡᠷᠭᠡ ᠪᠠᠶᠠᠷ ᠤᠨ ᠴᠢᠮᠡᠭᠡ ᠶᠢ ᠵᠠᠯᠭᠠᠭ᠎ᠠ ᠪᠠᠷ ᠰᠣᠨᠣᠷᠳᠠᠭᠤᠯᠵᠤ |
ᠪᠠᠶᠢᠨ᠎ᠠ ᠁ |
|
ᠡᠨᠡ ᠵᠢᠯ ᠤᠨ 7 ᠰᠠᠷ᠎ᠠ ᠶᠢᠨ 13 ᠤ ᠡᠳᠦᠷ᠂ ᠦᠨᠳᠦᠰᠦᠲᠡᠨ ᠤ ᠮᠣᠷᠢᠨ ᠤᠷᠤᠯᠳᠤᠭᠠᠨ ᠤ 8000 |
ᠮᠧᠲᠷ ᠤᠨ ᠤᠷᠤᠯᠳᠤᠭᠠᠨ ᠳᠠᠭᠤᠰᠬᠤ ᠶᠢ ᠳᠠᠭᠠᠯᠳᠤᠨ ᠰᠢᠨᠵᠢᠶᠠᠩ ᠤᠨ ᠢᠯᠢ ᠵᠧᠦ ᠶᠢᠨ ᠵᠣᠣ ᠰᠦ᠋ ᠰᠢᠶᠠᠨ ᠳᠤ |
ᠶᠠᠪᠤᠭᠳᠠᠭᠰᠠᠨ ᠠᠷᠪᠠᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ |
ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠮᠣᠷᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃ |
6 ᠡᠳᠦᠷ ᠤᠨ ᠤᠷᠤᠯᠳᠤᠭᠠᠨ ᠳᠤ᠂ ᠮᠠᠨ ᠤ ᠣᠷᠣᠨ ᠤ ᠲᠥᠯᠥᠭᠡᠯᠡᠭᠴᠢᠳ ᠤᠨ ᠪᠦᠯᠭᠦᠮ ᠤᠨ 70 ᠲᠠᠮᠢᠷᠴᠢᠨ 63 |
ᠮᠣᠷᠢ ᠪᠠ 13 ᠲᠡᠮᠡᠭᠡ ᠲᠠᠢ ᠪᠠᠨ ᠤᠷᠤᠯᠳᠤᠭᠠᠨ ᠤ ᠲᠠᠯᠠᠪᠤᠷ ᠲᠤ ᠡᠷᠡᠮᠡᠬᠡᠶᠢᠯᠡᠨ ᠥᠷᠢᠰᠦᠯᠳᠦᠵᠦ᠂ ᠨᠡᠶᠢᠲᠡ 24 |
ᠵᠦᠢᠯ ᠤᠨ ᠱᠠᠩᠨᠠᠯ ᠭᠥᠷᠳᠡᠭᠰᠡᠨ ᠰᠢᠯᠢᠳᠡᠭ ᠬᠢᠷᠢ ᠪᠦᠳᠦᠮᠵᠢ ᠶᠢ ᠪᠢᠴᠢᠭᠯᠡᠵᠦ᠂ ᠨᠢᠭᠡᠳᠦᠭᠡᠷ ᠳᠡᠰ ᠤᠨ ᠱᠠᠩᠨᠠᠯ ᠢ 2᠂ |
ᠬᠤᠶᠠᠳᠤᠭᠠᠷ ᠳᠡᠰ ᠤᠨ ᠱᠠᠩᠨᠠᠯ ᠢ 10᠂ ᠭᠤᠷᠪᠠᠳᠤᠭᠠᠷ ᠳᠡᠰ ᠤᠨ ᠱᠠᠩᠨᠠᠯ ᠢ 12 ᠬᠦᠷᠲᠡᠵᠡᠢ᠃ ᠡᠭᠦᠨ ᠳᠤ᠂ |
ᠲᠡᠮᠡᠭᠡᠨ ᠪᠥᠮᠪᠦᠭᠡ ᠶᠢᠨ ᠲᠣᠬᠯᠠᠯᠲᠠ ᠪᠠ ᠮᠣᠷᠢᠨ ᠮᠡᠷᠭᠡᠵᠢᠯ ᠤᠨ ᠲᠣᠬᠯᠠᠯᠲᠠ ᠨᠢ ᠥᠷᠭᠡᠨ ᠤᠯᠠᠨ ᠦᠵᠡᠭᠴᠢᠳ ᠤᠨ |
ᠠᠩᠬᠠᠷᠤᠯ ᠢ ᠶᠡᠬᠡᠳᠡ ᠲᠠᠲᠠᠵᠤ᠂ ᠦᠵᠡᠭᠴᠢᠳ ᠤᠯᠠᠨ ᠤ ᠤᠤᠬᠠᠶᠢᠯᠠᠯ ᠬᠠᠰᠬᠢᠷᠤᠯ ᠢ ᠣᠯᠵᠤ᠂ ᠨᠠᠩ ᠣᠯᠠᠨ |
ᠬᠥᠮᠥᠨ ᠳᠤ ᠲᠡᠮᠡᠭᠡᠨ ᠪᠥᠮᠪᠦᠭᠡ ᠶᠢᠨ ᠬᠥᠳᠡᠯᠭᠡᠭᠡᠨ ᠢ ᠣᠶᠢᠯᠠᠭᠠᠭᠤᠯᠤᠭᠰᠠᠨ ᠪᠥᠭᠡᠳ ᠮᠣᠷᠢᠨ ᠮᠡᠷᠭᠡᠵᠢᠯ ᠤᠨ |
ᠬᠥᠳᠡᠯᠭᠡᠭᠡᠨ ᠤ ᠬᠠᠴᠢᠨ ᠭᠠᠶᠢᠬᠠᠮᠰᠢᠭ ᠢ ᠰᠣᠨᠢᠷᠬᠠᠭᠤᠯᠤᠯᠠ᠃ ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠮᠣᠷᠢᠨ |
ᠮᠡᠷᠭᠡᠵᠢᠯ ᠤᠨ ᠤᠷᠤᠯᠳᠤᠭᠠᠨ ᠪᠠ ᠲᠤᠬᠯᠠᠯᠳᠠ ᠶᠢᠨ ᠵᠦᠢᠯ ᠳᠤ ᠪᠦᠭᠦ ᠤᠯᠤᠰ ᠤᠨ 12 ᠲᠥᠯᠥᠭᠡᠯᠡᠭᠴᠢᠳ ᠤᠨ |
ᠪᠦᠯᠭᠦᠮ ᠤᠨ 229 ᠲᠠᠮᠢᠷᠴᠢᠨ ᠣᠷᠣᠯᠴᠠᠬᠰᠠᠨ ᠪᠠᠶᠢᠨ᠎ᠠ᠃ |
|
ᠣᠶᠢᠷ᠎ᠠ ᠶᠢᠨ ᠵᠢᠯ ᠳᠤ᠂ ᠮᠠᠨ ᠤ ᠣᠷᠣᠨ ᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ |
ᠬᠥᠳᠡᠯᠭᠡᠭᠡᠨ ᠡᠳᠦᠷ ᠢᠷᠡᠬᠦᠶ᠎ᠡ ᠪᠠᠶᠠᠯᠢᠭᠵᠢᠵᠤ᠂ ᠤᠯᠠᠨ ᠨᠡᠶᠢᠳᠡ ᠶᠢᠨ ᠠᠩᠬᠠᠷᠤᠯ ᠢ ᠲᠠᠲᠠᠵᠤ ᠬᠠᠯᠠᠭᠤᠨ |
ᠬᠦᠷᠢᠶᠡᠯᠡᠯ ᠢ ᠣᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠴᠥᠭᠡᠨ ᠲᠣᠭᠠᠲᠤ ᠦᠨᠳᠦᠰᠦᠲᠡᠨ ᠤ ᠪᠠᠶᠠᠯᠢᠭ |
ᠰᠠᠶᠢᠬᠠᠨ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠭᠦ ᠪᠠᠷ ᠲᠠᠮᠵᠢᠨ ᠮᠣᠷᠢᠨ ᠮᠡᠷᠭᠡᠵᠢᠯ᠂ ᠪᠦᠭᠡ |
ᠪᠠᠷᠢᠯᠳᠤᠬᠤ᠂ ᠰᠤᠷ ᠬᠠᠷᠪᠤᠬᠤ᠂ ᠪᠤᠶᠢᠺᠤ ᠪᠥᠮᠪᠦᠭᠡ᠂ ᠮᠥᠰᠥ ᠴᠠᠰᠤᠨ ᠤ ᠬᠥᠳᠡᠯᠭᠡᠭᠡᠨ᠂ ᠮᠣᠩᠭᠤᠯ ᠰᠢᠲᠠᠷ᠎ᠠ᠂ ᠲᠡᠮᠡᠭᠡᠨ |
ᠪᠥᠮᠪᠦᠭᠡ᠂ ᠪᠢᠯᠠᠭᠤ᠂ ᠠᠨᠳᠠᠢ ᠵᠡᠷᠭᠡ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢ |
ᠲᠦᠭᠡᠮᠡᠯᠵᠢᠭᠦᠯᠦᠨ ᠳᠡᠯᠭᠡᠷᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠴᠠᠭ ᠦᠶ᠎ᠡ ᠶᠢᠨ ᠭᠦᠭ |
ᠠᠶᠢᠵᠠᠮ ᠢ ᠴᠢᠪᠬᠠᠳᠠᠨ᠎ᠠ᠃ ᠡᠭᠦᠨ ᠤ ᠬᠠᠮᠲᠤ᠂ ᠤᠯᠠᠮᠵᠢᠯᠠᠯᠲᠤ ᠪᠡᠶ᠎ᠡ ᠶᠢᠨ ᠲᠠᠮᠢᠷ ᠢ ᠵᠢᠭᠤᠯᠴᠢᠯᠠᠯ᠂ ᠰᠣᠶᠣᠯ᠂ |
ᠡᠷᠡᠭᠦᠯᠵᠢᠯ ᠰᠤᠪᠢᠯᠠᠯᠲᠠ ᠵᠡᠷᠭᠡ ᠠᠵᠤ ᠦᠢᠯᠡᠰ ᠲᠠᠢ ᠤᠶᠠᠯᠳᠤᠭᠤᠯᠤᠨ ᠤᠯᠠᠮᠵᠢᠯᠠᠯᠲᠤ ᠪᠡᠶ᠎ᠡ ᠶᠢᠨ ᠲᠠᠮᠢᠷ ᠤᠨ |
ᠲᠥᠷᠥᠯ ᠵᠦᠢᠯ ᠢ ᠰᠢᠨ᠎ᠡ ᠭᠡᠷᠡᠯ ᠭᠢᠯᠪᠠᠭ᠎ᠠ ᠰᠠᠴᠤᠷᠠᠭᠤᠯᠵᠤ᠂ ᠨᠠᠩ ᠣᠯᠠᠨ ᠬᠥᠮᠥᠰ ᠤᠨ ᠦᠨᠳᠦᠰᠦᠲᠡᠨ ᠤ ᠪᠡᠶ᠎ᠡ ᠶᠢᠨ |
ᠲᠠᠮᠢᠷ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ ᠰᠠᠨᠠᠭᠠᠴᠢᠯᠠᠭ᠎ᠠ ᠠᠴᠠ ᠪᠠᠨ ᠣᠷᠤᠯᠴᠠᠬᠤ ᠶᠢ ᠲᠠᠶᠢᠴᠢᠯᠠᠵᠤ᠂ |
ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠠᠶᠢᠭᠤᠯᠤᠯᠲᠠ ᠳᠤ ᠬᠥᠳᠡᠯᠭᠡᠬᠦ ᠬᠦᠴᠦᠨ ᠨᠡᠮᠡᠷᠢᠯᠡᠨ᠎ᠡ᠃ |
︵ᠭᠡᠷᠡᠯ ᠵᠢᠷᠤᠭ ᠤᠳ ᠪᠣᠯ ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ |
ᠶᠣᠰᠣᠯᠠᠯ ᠪᠠ ᠤᠷᠤᠯᠳᠤᠭᠠᠨ ᠤ ᠬᠡᠰᠡᠭ ᠦᠵᠡᠭᠳᠡᠯ ᠪᠣᠯᠣᠨ᠎ᠠ︶ |
︵ᠰᠢᠨᠬᠤᠸᠠ ᠰᠦᠯᠵᠢᠶ᠎ᠡ ᠠᠴᠠ ᠠᠪᠤᠪᠠ︶ |