ᠰᠢᠨᠬᠤᠸᠠ ᠬᠤᠷᠢᠶᠠᠨ ᠤ ᠪᠡᠭᠡᠵᠢᠩ ᠤᠨ 12 ᠳ᠋ᠤᠭᠠᠷ ᠰᠠᠷ᠎ᠠ ᠶᠢᠨ 6 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ |
ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 12 ᠳ᠋ᠤᠭᠠᠷ ᠰᠠᠷ᠎ᠠ ᠶᠢᠨ 6 ᠤ ᠡᠳᠦᠷ ᠲᠦᠷᠦ ᠶᠢᠨ |
ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠴᠢᠨᠠᠷ ᠰᠠᠶᠢᠲᠠᠶ ᠬᠥᠭᠵᠢᠯᠲᠡ ᠶᠢ |
ᠠᠬᠢᠭᠤᠯᠬᠤ ᠶᠡᠷᠦᠩᠬᠡᠢ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠲᠤᠨ |
ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠬᠤᠯᠪᠣᠭᠳᠠᠯ ᠪᠥᠬᠦᠶ ᠠᠵᠢᠯ ᠤᠳ ᠢ ᠰᠤᠳᠤᠯᠵᠤ᠂ |
︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠠᠶᠠᠯᠠᠯ ᠤᠨ ᠬᠠᠤᠯᠢ ︵ᠵᠠᠰᠠᠪᠤᠷᠢ |
ᠣᠷᠣᠭᠤᠯᠤᠭᠰᠠᠨ ᠡᠬᠡ ᠲᠥᠰᠦᠯ︶︾ ᠶᠢ ᠶᠠᠷᠢᠯᠴᠠᠪᠠ᠃ |
ᠬᠤᠷᠠᠯᠳᠤᠭᠠᠨ ᠳᠤ ᠵᠢᠭᠠᠵᠤ ᠭᠠᠷᠭᠠᠭᠰᠠᠨ ᠢᠶᠠᠷ᠂ ᠲᠣᠰ ᠤᠳᠠᠭ᠎ᠠ ᠶᠢᠨ ᠶᠡᠷᠦᠩᠬᠡᠢ ᠰᠢᠮᠳᠠᠭᠤᠯᠤᠨ ᠪᠠᠶᠢᠴᠠᠭᠠᠬᠤ ᠳᠤ ᠪᠠᠨ |
ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ |
ᠡᠭᠦᠷᠭᠡ ᠶᠢ ᠴᠢᠷᠮᠠᠶᠢᠨ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠬᠥᠭᠵᠢᠯᠲᠡ ᠳᠠᠬᠢ ᠨᠢᠭᠡ |
ᠪᠦᠯᠦᠭ ᠬᠦᠴᠢᠷᠳᠡᠯ ᠲᠦᠭᠵᠢᠷᠡᠯ᠂ ᠠᠵᠤ ᠠᠬᠤᠶᠢᠯᠠᠯ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ |
ᠪᠠᠶᠢᠭ᠎ᠠ ᠠᠰᠠᠭᠤᠳᠠᠯ ᠢ ᠢᠯᠡᠷᠡᠭᠦᠯᠦᠭᠰᠡᠨ ᠤ ᠬᠠᠮᠲᠤ ᠰᠢᠢᠳᠪᠦᠷᠢᠯᠡᠬᠦ ᠶᠢ ᠠᠬᠢᠭᠤᠯᠵᠤ᠂ ᠦᠷ᠎ᠡ ᠪᠦᠲᠦᠮᠵᠢ ᠲᠠᠢ ᠪᠣᠯᠬᠤᠷ |
ᠨᠤᠲᠠᠯᠠᠭᠤᠰᠢᠲᠠᠢ ᠪᠠᠶᠢᠨ᠎ᠠ᠃ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠲᠣᠬᠢᠶᠠᠯ ᠪᠣᠯᠭᠠᠵᠤ᠂ |
ᠠᠰᠠᠭᠤᠳᠠᠯ ᠤᠨ ᠨᠠᠷᠢᠨ ᠲᠠᠩᠰᠠ ᠶᠢ ᠬᠠᠷᠢᠭᠤᠴᠠᠯᠭ᠎ᠠ ᠶᠢᠨ ᠨᠠᠷᠢᠨ ᠲᠠᠩᠰᠠ ᠪᠣᠯᠭᠠᠵᠤ᠂ ᠡᠯ᠎ᠡ ᠲᠠᠯ᠎ᠠ ᠶᠢᠨ ᠰᠠᠨᠠᠯ |
ᠰᠠᠨᠠᠭᠤᠯᠭ᠎ᠠ ᠶᠢ ᠠᠵᠢᠯ ᠢᠶᠠᠨ ᠰᠠᠶᠢᠵᠢᠷᠠᠭᠤᠯᠬᠤ ᠬᠦᠴᠦᠯᠡᠬᠦ ᠴᠡᠭ ᠪᠣᠯᠭᠠᠵᠤ᠂ ᠰᠢᠮᠳᠠᠭᠤᠯᠤᠨ ᠪᠠᠶᠢᠴᠠᠭᠠᠭᠠᠳ |
ᠢᠯᠡᠷᠡᠭᠦᠯᠦᠭᠰᠡᠨ ᠨᠡᠶᠢᠲᠡᠴᠢ ᠴᠢᠨᠠᠷᠲᠠᠢ ᠠᠰᠠᠭᠤᠳᠠᠯ ᠢ ᠭᠦᠨᠵᠡᠭᠡᠢ ᠰᠤᠳᠤᠯᠵᠤ᠂ ᠨᠢᠭᠡ ᠠᠴᠠ ᠨᠦᠬᠦᠭᠡ ᠶᠢ ᠵᠦᠢᠴᠢᠯᠡᠵᠦ |
ᠪᠠᠶᠢᠭᠠᠳ ᠴᠡᠭᠴᠡᠯᠡᠨ ᠰᠠᠶᠢᠵᠢᠷᠠᠭᠤᠯᠵᠤ᠂ ᠴᠡᠭ ᠢᠶᠠᠷ ᠨᠡᠶᠢᠳᠡᠮ ᠢ ᠲᠠᠶᠢᠴᠢᠯᠠᠨ ᠨᠠᠶᠢᠳᠠᠪᠤᠷᠢᠵᠢᠭᠤᠯᠬᠤ ᠶᠢ ᠠᠬᠢᠭᠤᠯᠬᠤ |
ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠵᠢᠯ ᠢ ᠠᠯᠢ ᠴᠢᠳᠠᠬᠤ ᠪᠠᠷ ᠤᠷᠤᠭᠰᠢ ᠠᠬᠢᠭᠤᠯᠤᠨ᠂ ᠡᠨᠡ ᠵᠢᠯ ᠤᠨ ᠴᠡᠭᠴᠡᠯᠡᠨ |
ᠰᠠᠶᠢᠵᠢᠷᠠᠭᠤᠯᠵᠤ ᠨᠠᠶᠢᠳᠠᠪᠤᠷᠢᠵᠢᠭᠤᠯᠤᠨ ᠳᠠᠭᠤᠰᠬᠠᠬᠤ ᠠᠵᠢᠯ ᠢ ᠳᠠᠷᠠᠭ᠎ᠠ ᠵᠢᠯ ᠪᠣᠯᠲᠠᠯ᠎ᠠ ᠰᠤᠨᠵᠢᠷᠠᠭᠤᠯᠤᠨ ᠬᠤᠶᠢᠰᠢᠯᠠᠭᠤᠯᠵᠤ |
ᠪᠣᠯᠬᠤ ᠦᠭᠡᠢ᠂ ᠦᠷᠭᠦᠯᠵᠢᠯᠡᠨ ᠠᠬᠢᠭᠤᠯᠬᠤ ᠴᠢᠬᠤᠯᠠᠲᠠᠢ ᠳᠤ ᠨᠢ ᠱᠠᠲᠤ ᠦᠶ᠎ᠡ ᠶᠢᠨ ᠬᠠᠷᠠᠯᠲᠠ ᠶᠢ ᠨᠢ ᠲᠣᠳᠣᠷᠬᠠᠢ |
ᠲᠣᠭᠲᠠᠭᠠᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠣᠳᠣᠬᠠᠨ ᠤ ᠠᠵᠢᠯ ᠢᠶᠠᠨ ᠰᠠᠶᠢᠲᠤᠷ ᠬᠢᠬᠦ ᠯᠦᠭᠡ ᠨᠢᠭᠲᠠ |
ᠤᠶᠠᠯᠳᠤᠭᠤᠯᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ |
ᠨᠡᠩ ᠰᠠᠶᠢᠨ ᠬᠦᠴᠦᠨ ᠨᠡᠮᠡᠷᠢᠯᠡᠬᠦ ᠬᠡᠷᠡᠭᠲᠡᠢ᠃ ᠠᠵᠢᠯ ᠶᠠᠪᠤᠳᠠᠯ ᠳᠠᠬᠢ ᠶᠡᠷᠦᠩᠬᠡᠢ ᠰᠢᠮᠳᠠᠭᠤᠯᠤᠨ ᠪᠠᠶᠢᠴᠠᠭᠠᠯᠲᠠ ᠶᠢᠨ |
ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠠᠵᠢᠯ ᠤᠨ ᠦᠷ᠎ᠡ ᠪᠦᠲᠦᠮᠵᠢ ᠨᠢ ᠰᠠᠶᠢᠨ ᠪᠣᠯ ᠬᠥᠬᠢᠭᠦᠯᠦᠨ |
ᠵᠣᠷᠢᠭᠵᠢᠭᠤᠯᠬᠤ ᠪᠠᠨ ᠴᠢᠩᠭᠠᠳᠬᠠᠵᠤ᠂ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠪᠣᠢ ᠪᠣᠯᠭᠠᠨ᠂ ᠰᠠᠶᠢᠨ ᠲᠤᠷᠰᠢᠯᠭ᠎ᠠ |
ᠠᠷᠭ᠎ᠠ ᠬᠢᠳᠡᠯ ᠢ ᠳᠡᠯᠭᠡᠷᠡᠭᠦᠯᠦᠨ ᠬᠡᠷᠡᠭᠵᠢᠭᠦᠯᠵᠦ᠂ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠨᠡᠩ ᠰᠠᠶᠢᠲᠤᠷ |
ᠤᠷᠮᠠᠰᠢᠭᠤᠯᠤᠨ ᠬᠥᠭᠵᠢᠭᠡᠬᠦ ᠬᠡᠷᠡᠭᠲᠡᠢ᠃ |
ᠬᠤᠷᠠᠯᠳᠤᠭᠠᠨ ᠳᠤ ᠵᠢᠭᠠᠵᠤ ᠭᠠᠷᠭᠠᠭᠰᠠᠨ ᠢᠶᠠᠷ᠂ ᠤᠢᠢᠷ᠎ᠠ ᠶᠢᠨ ᠵᠢᠯ ᠤᠳ ᠲᠤ᠂ ᠬᠠᠳᠤᠨ ᠭᠤᠣᠯ ᠤᠨ ᠰᠠᠪᠠ |
ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠤᠰᠤᠨ ᠤ ᠠᠮᠤᠷ |
ᠲᠦᠪᠰᠢᠨ ᠢ ᠪᠠᠲᠤᠯᠠᠬᠤ ᠴᠢᠳᠠᠪᠤᠷᠢ ᠦᠷᠭᠦᠯᠵᠢᠯᠡᠨ ᠴᠢᠩᠭᠠᠷᠠᠪᠠ᠃ ᠶᠡᠷᠦᠩᠬᠡᠶ ᠱᠦᠵᠢ ᠰᠢ ᠶᠢᠨ ᠫᠢᠩ ᠡᠷᠬᠢᠯᠡᠨ |
ᠬᠤᠷᠠᠯᠳᠤᠭᠤᠯᠤᠭᠰᠠᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ |
ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠲᠤᠬᠠᠢ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ |
ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠠᠮᠠᠭᠠᠯᠠᠯᠲᠠ ᠶᠢ ᠭᠤᠣᠯᠴᠢᠯᠠᠨ᠂ ᠵᠠᠰᠠᠯᠲᠠ ᠶᠢ ᠴᠢᠬᠤᠯᠠᠴᠢᠯᠠᠬᠤ ᠪᠠᠶᠢᠯᠳᠤᠬᠤ |
ᠪᠣᠳᠣᠯᠭ᠎ᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠰᠤ ᠬᠢᠭᠡᠳ ᠬᠥᠮᠦᠨ ᠠᠮᠠ᠂ ᠠᠮᠤ ᠪᠤᠳᠠᠭ᠎ᠠ᠂ ᠡᠨᠧᠷᠭᠢ ᠶᠢᠨ |
ᠬᠠᠷᠢᠴᠠᠭ᠎ᠠ ᠶᠢ ᠭᠤᠤᠯᠳᠠᠯᠭ᠎ᠠ ᠲᠠᠢ ᠰᠠᠶᠢᠲᠤᠷ ᠰᠢᠢᠳᠪᠦᠷᠢᠯᠡᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ |
ᠬᠠᠮᠠᠭᠠᠯᠠᠯᠲᠠ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ |
ᠴᠢᠩᠭᠠᠳᠬᠠᠨ᠂ ᠬᠥᠭᠵᠢᠯᠲᠡ ᠶᠢᠨ ᠠᠷᠭ᠎ᠠ ᠬᠡᠯᠪᠡᠷᠢ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠲᠡᠶᠢᠰᠢ ᠬᠡᠯᠪᠡᠷᠢ ᠪᠠᠨ |
ᠬᠤᠪᠢᠷᠠᠭᠤᠯᠬᠤ ᠶᠢ ᠨᠢ ᠠᠬᠢᠭᠤᠯᠵᠤ᠂ ᠬᠠᠲᠤᠨ ᠭᠤᠤᠯ ᠤᠨ ᠠᠮᠤᠭᠤᠯᠠᠩ ᠳᠥᠯᠭᠡᠨ ᠪᠠᠶᠢᠬᠤ ᠶᠢ ᠪᠥᠬᠦ ᠬᠦᠴᠦᠨ ᠢᠶᠠᠷ ᠢᠶᠠᠨ |
ᠪᠠᠲᠤᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠣᠭᠲᠠᠭᠤᠨ ᠢᠶᠠᠷ ᠨᠡᠮᠡᠭᠳᠡᠭᠦᠯᠵᠦ᠂ ᠬᠠᠲᠤᠨ ᠭᠤᠤᠯ ᠤᠨ ᠰᠠᠪᠠ |
ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠠᠰᠤᠷᠠᠯᠲᠠ ᠥᠬᠡᠶ ᠰᠢᠨ᠎ᠡ |
ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃ |
ᠬᠤᠷᠠᠯᠳᠤᠭᠠᠨ ᠢᠶᠠᠷ ︽ᠪᠦᠭᠦᠲᠠ ᠨᠠᠶᠢᠷᠠᠮᠲᠠᠬᠤ ᠳᠣᠮᠲᠠᠲᠤ ᠠᠷᠠᠣᠠ ᠤᠯᠤᠰ ᠤᠨ ᠠᠷᠠᠣᠠ ᠤᠨ ᠠᠭᠠᠷ ᠠᠶᠠᠯᠠᠯ ᠤᠨ |
ᠬᠠᠣᠯᠢ ︵ᠵᠠᠰᠠᠪᠤᠷᠢ ᠣᠷᠣᠭᠤᠯᠤᠭᠰᠠᠨ ᠡᠬᠡ ᠳᠦᠰᠣᠯ︶︾ ᠶᠢ ᠶᠠᠷᠢᠯᠴᠠᠬᠰᠠᠨ ᠪᠥᠭᠡᠳ ᠵᠠᠷᠴᠢᠮ ᠤᠨ ᠲᠠᠯ᠎ᠠ ᠪᠠᠷ ᠪᠠᠲᠣᠯᠠᠵᠤ᠂ |
ᠡᠬᠡ ᠳᠦᠰᠣᠯ ᠢ ᠪᠦᠭᠦ ᠤᠯᠤᠰ ᠤᠨ ᠠᠷᠠᠣᠠ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ |
ᠲᠠᠪᠰᠢᠭᠦᠯᠵᠤ ᠬᠢᠨᠠᠨ ᠶᠠᠷᠢᠯᠴᠠᠭᠤᠯᠬᠤ ᠪᠠᠷ ᠳᠣᠬᠲᠠᠪᠠ᠃ ᠬᠤᠷᠠᠯᠳᠤᠭᠠᠨ ᠳᠤ ᠵᠢᠭᠠᠵᠤ ᠭᠠᠷᠭᠠᠭᠰᠠᠨ ᠢᠶᠠᠷ᠂ ᠠᠮᠤᠷ |
ᠲᠦᠪᠰᠢᠨ ᠢ ᠨᠢᠭᠡᠳᠦᠭᠡᠷ ᠲᠤ ᠲᠠᠯᠪᠢᠬᠤ ᠶᠢ ᠪᠠᠷᠢᠮᠲᠠᠯᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ |
ᠲᠥᠯᠥᠪᠯᠡᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠡᠭᠡᠭᠡᠪᠦᠷᠢ ᠦᠢᠯᠡᠳᠪᠦᠷᠢᠯᠡᠯ ᠤᠨ ᠬᠡᠪᠴᠢᠶ᠎ᠡ ᠬᠢᠭᠡᠳ ᠠᠮᠤᠷ |
ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠬᠠᠷᠢᠯᠴᠠᠨ ᠵᠣᠬᠢᠴᠠᠯᠳᠤᠭᠤᠯᠬᠤ ᠶᠢ ᠪᠠᠲᠤᠯᠠᠬᠤ ᠬᠡᠷᠡᠭᠲᠡᠢ᠃ ᠠᠷᠠᠳ ᠤᠨ |
ᠠᠭᠠᠷ ᠠᠶᠠᠯᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ |
ᠳᠣᠲᠣᠭᠠᠳᠤ ᠳᠠᠬᠢ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠠᠭᠤᠳᠠᠯᠵᠤ᠂ ᠬᠠᠮᠢᠶ᠎ᠠ ᠪᠥᠬᠦᠶ ᠴᠢᠬᠤᠯᠠ ᠶᠡᠭᠡ ᠪᠠᠯᠠ |
ᠣᠷᠣᠭᠤᠯᠤᠯᠲᠠ ᠶᠢᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ |
ᠲᠤᠯᠭᠠᠭᠤᠷᠢᠯᠠᠯ ᠢ ᠴᠢᠩᠭᠠᠳᠬᠠᠨ᠂ ᠠᠷᠠᠳ ᠤᠨ ᠠᠭᠠᠷ ᠠᠶᠠᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ |
ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠨ᠂ ᠪᠦᠬᠦ ᠪᠥᠮᠪᠥᠷᠴᠡᠭ ᠤᠨ ᠠᠭᠠᠷ ᠠᠶᠠᠯᠠᠯ ᠤᠨ ᠱᠤᠭᠤᠮ ᠤᠨ ᠲᠣᠣᠷ |
ᠰᠦᠯᠵᠢᠶᠡᠨ ᠤ ᠪᠠᠶᠢᠷᠢᠯᠠᠭᠤᠯᠤᠯᠲᠠ ᠶᠢ ᠲᠠᠰᠤᠷᠠᠯᠲᠠ ᠤᠢᠭᠡᠢ ᠰᠢᠯᠢᠳᠡᠭᠵᠢᠭᠦᠯᠵᠦ᠂ ᠣᠯᠠᠨ ᠤᠯᠤᠰ ᠤᠨ ᠠᠵᠤ ᠠᠬᠤᠶ |
ᠠᠷᠠᠯᠵᠢᠶᠠᠨ ᠤ ᠶᠠᠪᠤᠯᠴᠠᠭ᠎ᠠ ᠪᠣᠯᠤᠨ ᠬᠥᠮᠦᠨ ᠰᠣᠶᠣᠯ ᠤᠨ ᠰᠣᠯᠢᠯᠴᠠᠭ᠎ᠠ ᠶᠢ ᠠᠬᠢᠭᠤᠯᠤᠨ᠎ᠠ᠃ |
ᠬᠤᠷᠠᠯᠳᠤᠭᠠᠨ ᠳᠤ ᠪᠠᠰᠠ ᠪᠤᠰᠤᠳ ᠵᠦᠢᠯᠡᠰ ᠢ ᠰᠤᠳᠤᠯᠵᠠᠢ᠃ |