ᠯᠢ ᠴᠢᠶᠠᠩ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ |
ᠣᠷᠣᠯᠴᠠᠪᠠ |
ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 9 ᠤ ᠴᠠᠭᠢᠯᠭᠠᠨ ᠮᠡᠳᠡᠭᠡ 12 ᠰᠠᠷ᠎ᠠ ᠶᠢᠨ 6 ᠤ ᠡᠳᠦᠷ᠂ |
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠵᠥᠩ ᠨᠠᠨ ᠬᠠᠢ ᠳᠤ ᠨᠠᠮ ᠤᠨ ᠭᠠᠳᠠᠨᠠᠬᠢ ᠬᠥᠮᠥᠰ ᠤᠨ |
ᠶᠠᠷᠢᠯᠴᠠᠬᠤ ᠬᠤᠷᠠᠯ ᠬᠤᠷᠠᠯᠳᠤᠭᠤᠯᠵᠤ᠂ ᠡᠨᠡ ᠵᠢᠯ ᠤᠨ ᠠᠵᠤ ᠠᠬᠤᠢ ᠶᠢᠨ ᠪᠠᠶᠢᠳᠠᠯ ᠪᠠ ᠢᠷᠡᠬᠦ ᠵᠢᠯ ᠤᠨ ᠠᠵᠤ ᠠᠬᠤᠢ ᠶᠢᠨ |
ᠠᠵᠢᠯ ᠤᠨ ᠲᠤᠬᠠᠢ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ |
ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠠ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠶᠢᠨ |
ᠰᠠᠨᠠᠯ ᠰᠠᠨᠠᠭᠤᠯᠭ᠎ᠠ ᠶᠢ ᠰᠣᠨᠣᠰᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ |
ᠱᠦᠵᠢ ᠰᠢ ᠶᠢᠨ ᠫᠢᠩ ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠢᠷᠡᠬᠦ ᠵᠢᠯ ᠪᠣᠯ |
︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠰᠢᠨ᠎ᠡ ᠴᠠᠭ |
ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ |
ᠪᠤᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ |
ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ |
ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ |
ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ |
ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ |
ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ |
ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠣᠳᠣᠬᠢᠴᠢᠯᠠᠭᠰᠠᠨ ᠠᠵᠤ |
ᠦᠢᠯᠡᠰ ᠤᠨ ᠰᠢᠰᠲ᠋ᠧᠮ ᠢ ᠪᠠᠶᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ |
ᠲᠥᠯᠥᠪᠵᠢᠭᠦᠯᠵᠦ᠂ ᠨᠠᠩ ᠢᠳᠡᠪᠬᠢᠲᠡᠢ ᠦᠷ᠎ᠡ ᠪᠦᠳᠦᠮᠵᠢ ᠲᠠᠢ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ |
ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ |
ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠠᠸᠠᠷ ᠤᠨ ᠭᠡᠷ |
ᠪᠠᠶᠢᠰᠢᠩ ᠤᠨ ᠵᠠᠬ᠎ᠠ ᠳᠡᠯᠭᠡᠭᠦᠷ ᠪᠠ ᠰᠲ᠋ᠣᠺ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠭᠤᠣᠯᠳᠠᠯᠭ᠎ᠠ ᠲᠠᠢ |
ᠬᠦᠷᠢᠶᠡᠨ ᠳᠠᠬᠢ ᠠᠶᠤᠯ ᠲᠦᠭᠰᠢᠭᠦᠷᠢ ᠪᠠ ᠭᠠᠳᠠᠭᠠᠳᠤ ᠳᠠᠭᠠᠷᠢᠯᠲᠠ ᠶᠢ ᠰᠡᠷᠭᠡᠶᠢᠯᠡᠨ ᠠᠷᠢᠯᠭᠠᠵᠤ᠂ ᠵᠢᠱᠢᠯᠲᠡ ᠶᠢ |
ᠲᠣᠭᠲᠠᠪᠤᠷᠢᠵᠢᠭᠤᠯᠵᠤ᠂ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠦᠷᠭᠦᠯᠵᠢᠯᠡᠨ ᠰᠡᠷᠭᠦᠨ |
ᠰᠠᠶᠢᠵᠢᠷᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ |
ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ |
ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ |
ᠲᠥᠯᠦᠪᠵᠢᠭᠦᠯᠭᠡ ᠶᠢᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠶᠢ ᠲᠠᠯᠪᠢᠬᠤ ᠬᠡᠷᠡᠭᠲᠡᠢ ᠭᠡᠵᠦ |
ᠴᠢᠬᠤᠯᠠᠴᠢᠯᠠᠪᠠ᠃ |
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ |
ᠪᠠᠶᠢᠩᠭᠤ ᠶᠢᠨ ᠭᠡᠰᠢᠭᠦᠨ ᠯᠢ ᠴᠢᠶᠠᠩ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ |
ᠣᠷᠣᠯᠴᠠᠪᠠ᠃ ᠯᠢ ᠴᠢᠶᠠᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠶᠢᠳᠠᠯᠭ᠎ᠠ ᠪᠠᠷ ᠡᠨᠡ |
ᠵᠢᠯ ᠤᠨ ᠠᠵᠤ ᠠᠬᠤᠢ ᠶᠢᠨ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ᠂ ᠢᠷᠡᠬᠦ ᠵᠢᠯ ᠤᠨ ᠠᠵᠤ ᠠᠬᠤᠢ ᠶᠢᠨ |
ᠠᠵᠢᠯ ᠤᠨ ᠬᠤᠯᠪᠣᠭᠳᠠᠯ ᠪᠦᠬᠦᠢ ᠪᠣᠳᠣᠯᠬᠢᠯᠠᠯ ᠢ ᠲᠠᠨᠢᠯᠴᠠᠭᠤᠯᠪᠠ᠃ |
ᠶᠠᠷᠢᠯᠴᠠᠬᠤ ᠬᠤᠷᠠᠯ ᠳᠡᠭᠡᠷ᠎ᠡ ᠲᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ |
ᠬᠤᠷᠢᠶ᠎ᠠ ᠶᠢᠨ ᠲᠡᠷᠢᠭᠦᠯᠡᠭᠴᠢ ᠵᠧᠩ ᠵᠢᠶᠠᠨ ᠪᠠᠩ᠂ ᠲᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭ᠎ᠠ ᠶᠢᠨ ᠲᠥᠪ |
ᠬᠤᠷᠢᠶ᠎ᠠ ᠶᠢᠨ ᠲᠡᠷᠢᠭᠦᠯᠡᠭᠴᠢ ᠳ᠋ᠢᠩ ᠵᠥᠩ ᠯᠢ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ |
ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ ᠬᠤᠤ ᠮᠢᠩ ᠶᠢᠨ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ |
ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ ᠼᠠᠢ ᠳ᠋ᠠ ᠹᠧᠩ᠂ ᠲᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ |
ᠠᠷᠠᠳᠴᠢᠯᠠᠭᠰᠠᠨ ᠨᠠᠮ ᠤᠨ ᠲᠥᠪ ᠬᠤᠷᠢᠶ᠎ᠠ ᠶᠢᠨ ᠲᠡᠷᠢᠭᠦᠯᠡᠭᠴᠢ ᠾᠧ ᠸᠧᠢ᠂ ᠲᠤᠮᠳᠠᠳᠤ ᠤᠯᠤᠰ ᠤᠨ ᡁᠢᠭᠦ᠋ᠩᠳᠠᠩ |
ᠨᠠᠮ ᠤᠨ ᠲᠥᠪ ᠬᠤᠷᠢᠶ᠎ᠠ ᠶᠢᠨ ᠲᠡᠷᠢᠭᠦᠯᠡᠭᠴᠢ ᠵᠢᠶᠠᠩ ᠽᠦᠸᠧ ᠵᠢᠶᠦ᠋ᠨ᠂ ︽9 · 3︾ ᠤ ᠡᠷᠳᠡᠮ ᠰᠢᠨᠵᠢᠯᠡᠭᠡᠨ ᠤ |
ᠨᠡᠶᠢᠭᠡᠮᠯᠢᠭ ᠤᠨ ᠲᠥᠪ ᠬᠤᠷᠢᠶ᠎ᠠ ᠶᠢᠨ ᠲᠡᠷᠢᠭᠦᠯᠡᠭᠴᠢ ᠦ᠋ ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ |
ᠵᠠᠰᠠᠬᠤ ᠬᠤᠯᠪᠤᠭ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠰᠦ᠋ ᠬᠤᠶ᠂ ᠪᠦᠭᠦ ᠤᠯᠤᠰ ᠤᠨ ᠦᠢᠯᠡᠳᠪᠦᠷᠢ |
ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠭᠤᠤ ᠶᠦᠨ ᠯᠦᠩ᠂ ᠨᠠᠮ ᠪᠦᠯᠦᠭ ᠤᠨ ᠪᠤᠰᠤ ᠬᠥᠮᠥᠰ ᠤᠨ |
ᠲᠥᠯᠥᠭᠡᠯᠡᠭᠴᠢ ᠪᠦᠦ ᠰᠢᠨ ᠾᠧ ᠤᠷᠢᠳ ᠬᠤᠵᠢᠳ ᠦᠭᠡ ᠬᠡᠯᠡᠪᠡ᠃ ᠲᠠᠳᠠ ᠣᠳᠣᠬᠠᠨ ᠤ ᠠᠵᠤ ᠠᠬᠤᠢ ᠶᠢᠨ |
ᠪᠠᠶᠢᠳᠠᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠵᠠᠳᠠᠯᠤᠯᠲᠠ ᠮᠠᠭᠠᠳᠯᠠᠯᠲᠠ ᠪᠠ |
ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠪᠣᠳᠣᠯᠬᠢᠯᠠᠯ ᠢ ᠪᠦᠷᠢᠮᠦᠰᠦᠨ ᠵᠥᠪᠰᠢᠶᠡᠷᠡᠵᠦ ᠪᠠᠶᠢᠬᠤ ᠪᠥᠭᠡᠳ |
ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ᠂ ᠬᠤᠷᠸ᠎ᠠ ᠡᠵᠡᠮᠳᠡᠯ ᠲᠣᠬᠢᠷᠠᠭᠤᠯᠭ᠎ᠠ ᠶᠢᠨ |
ᠡᠷᠴᠢᠮ ᠢ ᠵᠣᠬᠢᠰᠲᠠᠢ ᠴᠢᠩᠭᠠᠷᠠᠭᠤᠯᠬᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠦᠷ᠎ᠡ ᠠᠰᠢᠭ ᠢ ᠳᠡᠭᠡᠭᠰᠢᠯᠡᠭᠦᠯᠭᠦ᠂ |
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠮᠢ ᠠᠬᠤᠢ ᠶᠢᠨ ᠪᠠᠶᠢᠭᠤᠯᠤᠯᠲᠠ ᠶᠢ ᠴᠢᠩᠭᠠᠳᠬᠠᠬᠤ᠂ |
ᠡᠨᠧᠷᠭᠢ ᠶᠢᠨ ᠬᠡᠷᠡᠭᠯᠡᠭᠡᠨ ᠤ ᠰᠢᠨ᠎ᠡ ᠠᠮᠢ ᠠᠬᠤᠢ ᠶᠢ ᠪᠤᠶ ᠪᠤᠯᠭᠠᠬᠤ᠂ ᠤᠯᠤᠰ ᠤᠨ ᠲᠤᠷᠰᠢᠯᠲᠠ ᠶᠢᠨ ᠲᠠᠰᠤᠭ ᠤᠨ |
ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠰᠢᠨ᠎ᠡ ᠪᠠᠷ ᠨᠡᠮᠡᠭᠳᠡᠭᠰᠡᠨ ᠤᠷ᠎ᠠ ᠮᠡᠷᠭᠡᠵᠢᠯ ᠤᠨ ᠴᠢᠳᠠᠪᠤᠷᠢᠲᠠᠨ ᠤ ᠠᠵᠢᠯ |
ᠣᠯᠭᠤᠯᠲᠠ ᠶᠢ ᠠᠬᠢᠭᠤᠯᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ᠂ |
ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠰᠠᠨᠠᠯ |
ᠪᠠ ᠰᠠᠨᠠᠭᠤᠯᠭ᠎ᠠ ᠳᠤᠷᠠᠳᠴᠠᠢ᠃ |
ᠣᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ᠂ ᠣᠯᠠᠨ ᠢᠶᠠᠷ ᠢᠶᠠᠨ ᠡᠨᠡ ᠵᠢᠯ ᠤᠨ |
ᠠᠵᠤ ᠠᠬᠤᠢ ᠶᠢᠨ ᠠᠵᠢᠯ ᠤᠨ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠢᠷᠡᠬᠦ ᠵᠢᠯ ᠤᠨ ᠠᠵᠤ ᠠᠬᠤᠢ ᠶᠢᠨ |
ᠠᠵᠢᠯ ᠤᠨ ᠲᠤᠬᠠᠢ ᠮᠠᠰᠢ ᠣᠯᠠᠨ ᠰᠠᠶᠢᠨ ᠰᠠᠨᠠᠯ ᠰᠠᠨᠠᠭᠤᠯᠭ᠎ᠠ ᠳᠤᠷᠠᠳᠴᠠᠢ᠃ ᠪᠢᠳᠠ ᠨᠠᠷᠢᠨ ᠬᠢᠨᠠᠮᠠᠭᠠᠢ ᠰᠤᠳᠤᠯᠤᠨ |
ᠰᠢᠩᠭᠡᠭᠡᠵᠦ ᠠᠪᠤᠨ᠎ᠠ ᠭᠡᠵᠦ ᠢᠯᠡᠷᠬᠡᠶᠢᠯᠡᠪᠡ᠃ |
ᠰᠢ ᠶᠢᠨ ᠫᠢᠩ᠂ ᠡᠨᠡ ᠵᠢᠯ ᠨᠡᠩ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠣᠷᠴᠢᠨ |
ᠲᠣᠭᠤᠷᠢᠨ ᠤ ᠡᠮᠦᠨ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ |
ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠳᠠᠷᠤᠯᠲᠠ ᠶᠢ ᠳᠠᠭᠠᠭᠠᠵᠤ᠂ ᠬᠦᠴᠢᠷ |
ᠪᠡᠷᠬᠡᠰᠢᠶᠡᠯ ᠢ ᠢᠯᠠᠨ ᠳᠠᠪᠠᠵᠤ᠂ ᠬᠤᠪᠢᠷᠠᠯᠲᠠ ᠶᠢ ᠯᠠᠪᠳᠠᠭᠤᠨ ᠢᠶᠠᠷ ᠠᠷᠭᠠᠴᠠᠭᠠᠵᠤ᠂ ᠶᠡᠷᠦᠩᠬᠡᠶᠢᠯᠡᠨ ᠠᠷᠭ᠎ᠠ ᠪᠣᠳᠣᠯᠭ᠎ᠠ |
ᠬᠡᠷᠡᠭᠵᠢᠭᠦᠯᠵᠦ᠂ ᠮᠠᠨ ᠤ ᠤᠯᠤᠰ ᠤᠨ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ |
ᠲᠣᠭᠲᠠᠭᠤᠨ ᠤ ᠳᠤᠮᠳᠠ ᠤᠷᠤᠭᠰᠢᠯᠠᠨ ᠲᠠᠪᠰᠢᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ |
ᠡᠭᠦᠷᠭᠡ ᠤᠷᠤᠭᠰᠢᠲᠠᠢ ᠪᠡᠶᠡᠯᠡᠭᠳᠡᠬᠦ ᠪᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠢᠳᠡᠷᠡᠭᠦᠨ ᠪᠠᠲᠤᠲᠠᠢ |
ᠰᠢᠨ᠎ᠡ ᠠᠯᠬᠤᠭ᠎ᠠ ᠶᠢ ᠠᠯᠬᠤᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃ |
ᠰᠢ ᠶᠢᠨ ᠫᠢᠩ᠂ ᠡᠨᠡ ᠵᠢᠯ ᠠᠴᠠ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ |
ᠪᠣᠯᠣᠨ ᠨᠠᠮ ᠪᠦᠯᠦᠭ ᠤᠨ ᠪᠤᠰᠤ ᠬᠥᠮᠥᠰ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ |
ᠠᠩᠬᠠᠷᠤᠯ ᠢᠶᠠᠨ ᠲᠥᠪᠯᠡᠷᠡᠭᠦᠯᠵᠦ᠂ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ︾᠂ |
︽ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠢᠯᠤᠭᠤᠳᠬᠠᠬᠤ︾ ᠭᠤᠣᠯᠳᠠᠯᠭ᠎ᠠ ᠲᠠᠢ ᠰᠢᠨᠵᠢᠯᠡᠨ ᠪᠠᠶᠢᠴᠠᠭᠠᠵᠤ |
ᠪᠠᠶᠢᠴᠠᠭᠠᠨ ᠰᠤᠳᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠤ |
ᠬᠠᠮᠠᠭᠠᠯᠠᠯᠲᠠ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠤᠮᠳᠠᠳᠤ ᠤᠯᠤᠰ ᠤᠨ ᠡᠪ ᠬᠠᠮᠲᠤ |
ᠨᠠᠮ ᠤᠨ ᠲᠥᠪ ᠬᠤᠷᠢᠶ᠎ᠠ ᠳᠤ ᠡᠯ᠎ᠡ ᠲᠦᠷᠦᠯ ᠤᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠰᠠᠨᠠᠯ |
ᠰᠠᠨᠠᠭᠤᠯᠭ᠎ᠠ ᠪᠠᠨ ᠮᠡᠳᠡᠭᠦᠯᠦᠨ ᠬᠦᠷᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠨᠵᠢᠯᠡᠬᠦ |
ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠪᠦᠲᠦᠮᠵᠢᠲᠡᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠳᠤ |
ᠴᠢᠬᠤᠯᠠ ᠯᠠᠪᠯᠠᠯᠲᠠ ᠬᠠᠩᠭᠠᠪᠠ ᠭᠡᠵᠦ ᠴᠢᠬᠤᠯᠠᠴᠢᠯᠠᠪᠠ᠃ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ |
ᠲᠥᠪ ᠬᠤᠷᠢᠶ᠎ᠠ ᠶᠢᠨ ᠡᠮᠦᠨ᠎ᠡ ᠠᠴᠠ ᠤᠯᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ |
ᠰᠢ ᠶᠢᠨ ᠫᠢᠩ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠡᠩ ᠲᠡᠷᠢᠭᠦᠨ ᠳᠤ ᠵᠠᠪᠠᠯ ᠢᠯᠠᠬᠤ |
ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ᠃ ᠮᠠᠨ ᠤ ᠤᠯᠤᠰ ᠤᠨ ᠠᠵᠤ ᠠᠬᠤᠢ ᠶᠢᠨ ᠰᠠᠭᠤᠷᠢ ᠲᠣᠭᠲᠠᠭᠤᠨ᠂ |
ᠳᠠᠪᠠᠭᠤᠯᠢᠭ ᠤᠯᠠᠨ᠂ ᠤᠶᠠᠨ ᠴᠢᠨᠠᠷ ᠴᠢᠩᠭ᠎ᠠ᠂ ᠲᠠᠯᠳᠠ ᠬᠦᠴᠦᠨ ᠶᠡᠭᠡ᠂ ᠤᠷᠳᠤ ᠬᠤᠭᠤᠴᠠᠭ᠎ᠠ ᠪᠠᠷ ᠰᠠᠶᠢᠵᠢᠷᠠᠬᠤ |
ᠲᠤᠯᠭᠠᠭᠤᠷᠢᠯᠠᠬᠤ ᠨᠥᠬᠦᠴᠡᠯ ᠪᠠ ᠦᠨᠳᠦᠰᠦᠨ ᠬᠠᠨᠳᠤᠰᠢ ᠬᠤᠪᠢᠷᠠᠭᠰᠠᠨ ᠦᠭᠡᠢ ᠶᠤᠮ᠃ ᠪᠢᠳᠡ ᠪᠠᠶᠢᠯᠳᠤᠬᠤ |
ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠪᠢᠳᠡᠨ ᠳᠤ ᠠᠰᠢᠭᠲᠠᠢ ᠭᠠᠳᠠᠭᠠᠳᠤ ᠣᠷᠴᠢᠨ ᠢ |
ᠰᠠᠨᠠᠭᠠᠴᠢᠯᠠᠭ᠎ᠠ ᠠᠴᠠ ᠪᠠᠨ ᠪᠤᠢ ᠪᠤᠯᠭᠠᠵᠤ᠂ ᠥᠪᠡᠷ ᠤᠨ ᠶᠠᠪᠤᠳᠠᠯ ᠢᠶᠠᠨ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠡᠯ᠎ᠡ |
ᠲᠠᠯ᠎ᠠ ᠶᠢᠨ ᠢᠳᠡᠪᠬᠢ ᠬᠦᠴᠦᠨ ᠵᠦᠢᠯ ᠢ ᠬᠥᠭᠵᠢᠯᠲᠡ ᠶᠢᠨ ᠪᠣᠳᠠᠲᠤ ᠠᠮᠵᠢᠯᠲᠠ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ |
ᠵᠢᠭᠠᠵᠤ ᠭᠠᠷᠭᠠᠪᠠ᠃ |
ᠰᠢ ᠶᠢᠨ ᠫᠢᠩ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠪᠦᠭᠦ ᠨᠠᠮ ᠪᠦᠭᠦ |
ᠨᠡᠶᠢᠭᠡᠮ ᠢᠶᠠᠷ ᠢᠶᠠᠨ ᠬᠠᠮᠲᠤ ᠪᠠᠷ ᠴᠢᠷᠮᠠᠶᠢᠵᠤ᠂ ᠲᠡᠰᠪᠦᠷᠢ ᠬᠠᠲᠠᠭᠤᠵᠢᠯᠲᠠᠢ ᠲᠡᠮᠡᠴᠡᠬᠦ ᠬᠡᠷᠡᠭᠲᠡᠢ᠃ ᠣᠳᠣᠬᠠᠨ ᠳᠤ ᠮᠠᠨ ᠤ |
ᠤᠯᠤᠰ ᠤᠨ ᠬᠥᠭᠵᠢᠯᠲᠡ ᠳᠤ ᠮᠠᠰᠢ ᠤᠯᠠᠨ ᠲᠣᠬᠲᠠᠭᠠᠯᠲᠤ ᠪᠤᠰᠤ ᠴᠢᠨᠠᠷ ᠪᠠ ᠰᠢᠯᠭᠠᠯᠲᠠ ᠲᠤᠯᠭᠠᠷᠠᠵᠤ ᠪᠠᠶᠢᠨ᠎ᠠ᠂ ᠡᠷᠬᠡᠪᠰᠢ |
ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠬᠦ ᠴᠢᠷᠮᠠᠶᠢᠨ ᠰᠢᠢᠳᠪᠦᠷᠢᠯᠡᠬᠦ ᠬᠡᠷᠡᠭᠲᠡᠢ᠃ ᠬᠦᠴᠢᠷ ᠪᠡᠷᠬᠡᠰᠢᠶᠡᠯ |
ᠥᠷᠢᠰᠦᠯᠳᠦᠭᠡᠨ ᠵᠢᠯ ᠵᠢᠯ ᠪᠠᠶᠢᠨ᠎ᠠ᠂ ᠪᠢᠳᠡ ᠰᠠᠯᠬᠢ ᠪᠣᠷᠣᠭᠠᠨ ᠤ ᠳᠤᠮᠳᠠ ᠳᠠᠪᠲᠠᠭᠳᠠᠨ ᠬᠥᠭᠵᠢᠵᠦ᠂ ᠤᠯᠠᠨ ᠤᠳᠠᠭᠠᠨ ᠤ |
ᠰᠢᠯᠭᠠᠯᠲᠠ ᠶᠢᠨ ᠳᠤᠮᠳᠠ ᠬᠥᠭᠵᠢᠨ ᠪᠤᠵᠠᠭᠠᠶᠢᠷᠠᠭᠰᠠᠨ ᠶᠤᠮ᠃ ᠠᠵᠢᠯ ᠤᠨ ᠪᠡᠯᠡᠳᠬᠡᠯ ᠢ ᠭᠦᠢᠴᠡᠳ ᠰᠠᠶᠢᠲᠤᠷ ᠬᠢᠵᠦ᠂ |
ᠴᠥᠬᠦᠷᠡᠰᠢ ᠦᠭᠡᠢ ᠴᠢᠷᠮᠠᠶᠢᠵᠤ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠵᠦ᠂ |
ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ |
ᠰᠢ ᠶᠢᠨ ᠫᠢᠩ ᠡᠯ᠎ᠡ ᠠᠷᠠᠳᠴᠢᠯᠠᠭᠰᠠᠨ ᠨᠠᠮ ᠪᠦᠯᠦᠭ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ |
ᠪᠣᠯᠣᠨ ᠨᠠᠮ ᠪᠦᠯᠦᠭ ᠤᠨ ᠪᠤᠰᠤ ᠬᠥᠮᠥᠰ ᠲᠤ 3 ᠲᠠᠯ᠎ᠠ ᠶᠢᠨ ᠬᠦᠰᠡᠯ ᠳᠤᠷᠠᠳᠴᠠᠢ᠃ ᠨᠢᠭᠡ ᠳᠤ᠂ ᠤᠯᠤᠰ ᠲᠦᠷᠦ ᠶᠢᠨ |
ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠪᠣᠯᠣᠨ ᠵᠠᠰᠠᠭ ᠤᠨ ᠣᠷᠳᠣᠨ ᠢ ᠬᠠᠮᠵᠢᠨ ᠠᠵᠤ ᠠᠬᠤᠢ ᠶᠢᠨ ᠠᠵᠢᠯ ᠢ ᠰᠠᠶᠢᠲᠤᠷ |
ᠬᠢᠬᠦ ᠬᠡᠷᠡᠭᠲᠡᠢ᠃ ᠶᠡᠭᠡ ᠲᠠᠯ᠎ᠠ ᠶᠢᠨ ᠤᠬᠠᠮᠰᠠᠷ᠂ ᠪᠦᠭᠦ ᠲᠠᠯ᠎ᠠ ᠶᠢᠨ ᠦᠵᠡᠯᠲᠡ ᠪᠠᠨ ᠴᠢᠩᠭᠠᠳᠬᠠᠵᠤ᠂ ᠨᠠᠮ ᠪᠠ ᠤᠯᠤᠰ ᠤᠨ |
ᠠᠵᠢᠯ ᠤᠨ ᠪᠦᠭᠦ ᠲᠠᠯ᠎ᠠ ᠳᠤᠮᠳᠠ ᠤᠬᠠᠮᠰᠠᠷ ᠠᠴᠠ ᠪᠠᠨ ᠲᠦᠷᠦ ᠶᠢᠨ ᠶᠠᠪᠤᠳᠠᠯ ᠳᠤ ᠣᠷᠤᠯᠴᠠᠬᠤ ᠨᠠᠮ ᠤᠨ ᠦᠢᠯᠡᠳᠦᠯ ᠢᠶᠠᠨ |
ᠭᠦᠢᠴᠡᠳ ᠪᠠᠳᠠᠷᠠᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ ᠥᠪᠡᠷᠮᠢᠴᠡ ᠤᠨᠴᠠᠭᠠᠢ ᠳᠠᠪᠠᠭᠤᠯᠢᠭ ᠢ ᠪᠠᠳᠠᠷᠠᠭᠤᠯᠵᠤ᠂ |
ᠨᠠᠮ ᠪᠠ ᠵᠠᠰᠠᠭ ᠤᠨ ᠣᠷᠳᠣᠨ ᠢ ᠬᠠᠮᠵᠢᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠵᠢᠱᠢᠯᠲᠡ ᠶᠢ ᠲᠣᠭᠲᠠᠪᠤᠷᠢᠵᠢᠭᠤᠯᠤᠨ᠂ |
ᠵᠥᠷᠢᠴᠡᠯ ᠢ ᠠᠷᠢᠯᠭᠠᠵᠤ᠂ ᠥᠷᠭᠡᠨ ᠣᠯᠠᠨ ᠪᠦᠷᠢᠯᠳᠦᠭᠦᠨ ᠵᠢᠴᠢ ᠬᠠᠷᠢᠯᠴᠠᠵᠤ ᠪᠠᠶᠢᠭ᠎ᠠ ᠣᠯᠠᠨ ᠲᠦᠮᠡᠨ ᠢ ᠠᠵᠤ |
ᠠᠬᠤᠢ ᠶᠢᠨ ᠪᠠᠶᠢᠳᠠᠯ᠂ ᠬᠥᠭᠵᠢᠯᠲᠡ ᠶᠢᠨ ᠶᠡᠷᠦᠩᠬᠡᠢ ᠬᠠᠨᠳᠤᠰᠢ ᠳᠤ ᠪᠦᠭᠦ ᠲᠠᠯ᠎ᠠ ᠪᠠᠷ ᠬᠤᠪᠢᠰᠤᠩᠭᠤᠢ ᠪᠠᠷ ᠬᠠᠨᠳᠤᠬᠤ ᠶᠢ |
ᠬᠥᠲᠥᠯᠥᠨ ᠵᠢᠯᠤᠭᠤᠳᠴᠤ᠂ ᠭᠤᠣᠯ ᠭᠦᠭ ᠠᠶᠠᠰ ᠢ ᠴᠤᠤᠷᠢᠶᠠᠲᠤᠭᠤᠯᠤᠨ᠂ ᠢᠳᠡᠪᠬᠢ ᠬᠦᠴᠦᠨ ᠢ ᠳᠠᠮᠵᠢᠭᠤᠯᠬᠤ ᠬᠡᠷᠡᠭᠲᠡᠢ᠃ |
ᠬᠤᠶᠠᠷ ᠲᠤ᠂ ᠴᠢᠳᠠᠪᠤᠷᠢᠲᠠᠨ ᠴᠤᠭᠯᠠᠷᠠᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ |
ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ |
ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠬᠤᠯᠪᠣᠭᠳᠠᠬᠤ |
ᠵᠠᠩᠭᠢᠯᠠᠭ᠎ᠠ ᠶᠢᠨ ᠠᠰᠠᠭᠤᠳᠠᠯ ᠢ ᠭᠦᠨᠵᠡᠭᠡᠢ ᠰᠤᠳᠤᠯᠵᠤ᠂ ᠪᠠᠷᠠᠯᠠᠯᠳᠤ ᠴᠢᠨᠠᠷ ᠲᠠᠢ ᠪᠠ ᠬᠡᠷᠡᠭᠵᠢᠭᠦᠯᠵᠦ ᠪᠣᠯᠬᠤᠶᠢᠴᠠ |
ᠴᠢᠨᠠᠷ ᠲᠠᠢ ᠰᠠᠨᠠᠯ ᠰᠠᠨᠠᠭᠤᠯᠭ᠎ᠠ ᠶᠢ ᠳᠤᠷᠠᠳᠬᠤ ᠬᠡᠷᠡᠭᠲᠡᠢ᠃ ᠠᠷᠠᠳᠴᠢᠯᠠᠯ ᠢᠶᠠᠷ ᠬᠢᠨᠠᠯᠲᠠ ᠲᠠᠯᠪᠢᠬᠤ ᠰᠢᠨᠵᠢ ᠴᠢᠨᠠᠷ ᠪᠠᠶᠢᠷᠢ |
ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠬᠠᠮᠵᠢᠯᠴᠠᠬᠤ ᠶᠢ |
ᠴᠢᠩᠭᠠᠳᠬᠠᠵᠤ᠂ ᠤᠯᠤᠰ ᠤᠨ ᠡᠯ᠎ᠡ ᠵᠦᠢᠯ ᠤᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ ᠬᠡᠷᠡᠭᠲᠡᠢ᠃ |
ᠭᠤᠷᠪᠠ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ |
ᠬᠡᠷᠡᠭ ᠢ ᠵᠥᠪᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠤᠳᠤᠷᠢᠳᠬᠤ ᠪᠠᠭ ᠪᠠ |
ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠴᠢᠩᠭ᠎ᠠ ᠱᠠᠭᠠᠷᠳᠠᠨ᠂ ᠴᠢᠩᠭ᠎ᠠ ᠬᠢᠵᠠᠭᠠᠷᠯᠠᠵᠤ᠂ ᠴᠢᠩᠭ᠎ᠠ ᠬᠢᠨᠠᠯᠲᠠ |
ᠲᠠᠯᠪᠢᠵᠤ᠂ ᠢᠯᠵᠢᠷᠡᠯ ᠤᠨ ᠦᠢᠯᠡ ᠠᠵᠢᠯᠯᠠᠭ᠎ᠠ ᠶᠢ ᠢᠯᠡᠷᠡᠭᠦᠯᠪᠡᠯ ᠤᠬᠳᠤ ᠠᠭᠤᠴᠢᠯᠠᠬᠤ ᠦᠭᠡᠢ ᠴᠢᠩᠭ᠎ᠠ ᠰᠢᠢᠳᠬᠡᠬᠦ |
ᠬᠡᠷᠡᠭᠲᠡᠢ᠃ ᠣᠨᠣᠯ ᠢᠶᠠᠷ ᠵᠡᠪᠰᠡᠭᠯᠡᠬᠦ ᠪᠠ ᠮᠡᠳᠡᠯᠭᠡ ᠪᠠᠨ ᠰᠢᠨᠡᠳᠬᠡᠬᠦ ᠶᠢ ᠴᠢᠩᠭᠠᠳᠬᠠᠵᠤ᠂ ᠦᠢᠯᠡᠳᠦᠯᠭᠡ ᠪᠣᠯᠪᠠᠰᠤᠷᠠᠯ ᠢ |
ᠴᠢᠩᠭᠠᠷᠠᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠡᠷᠳᠡᠮ ᠴᠢᠳᠠᠪᠤᠷᠢ ᠪᠠ ᠲᠥᠷᠥ ᠶᠢᠨ ᠶᠠᠪᠤᠳᠠᠯ ᠳᠤ |
ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ |
ᠱᠢ ᠲᠠᠢ ᠹᠧᠩ᠂ ᠯᠢᠦ ᠭᠦᠸᠧ ᠵᠦᠩ᠂ ᠾᠧ ᠯᠢ ᠹᠧᠩ᠂ ᠵᠠᠩ ᠭᠦᠸᠧ ᠴᠢᠩ᠂ ᠦ᠋ ᠵᠧᠩ ᠯᠦᠩ᠂ ᠳᠤᠮᠳᠠᠳᠤ |
ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ |
ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ |
ᠶᠠᠷᠢᠯᠴᠠᠬᠤ ᠬᠤᠷᠠᠯ ᠳᠤ ᠣᠷᠣᠯᠴᠠᠬᠰᠠᠨ ᠨᠠᠮ ᠤᠨ ᠭᠠᠳᠠᠨᠠᠬᠢ ᠬᠥᠮᠥᠰ ᠲᠤ ᠪᠠᠰᠠ ᠱᠤᠤ ᠬᠤᠩ᠂ ᠾᠧ ᠪᠦᠦ ᠰᠢᠶᠠᠩ᠂ |
ᠸᠠᠩ ᠭᠤᠸᠠᠩ ᠴᠢᠶᠠᠨ᠂ ᠴᠢᠨ ᠪᠦᠸᠧ ᠶᠦᠩ᠂ ᠵᠦ ᠶᠦᠩ ᠰᠢᠨ᠂ ᠶᠠᠩ ᠵᠧᠨ ᠪᠣᠯᠣᠨ ᠵᠠᠩ ᠧᠨ ᠳ᠋ᠢ᠂ ᠠᠨ ᠯᠢ ᠵᠢᠶᠠ᠂ |
ᠲᠢᠶᠠᠨ ᠰᠢᠤᠸᠠᠨ ᠨᠠᠷ ᠪᠤᠢ᠃ |