ᠰᠢᠨᠬᠤᠸᠠ ᠬᠤᠷᠢᠶᠠᠨ ᠤ ᠪᠡᠭᠡᠵᠢᠩ ᠤᠨ 12 ᠳ᠋ᠤᠭᠠᠷ ᠰᠠᠷ᠎ᠠ ᠶᠢᠨ 24 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ |
ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 12 ᠳ᠋ᠤᠭᠠᠷ ᠰᠠᠷ᠎ᠠ ᠶᠢᠨ 23 ᠤ ᠡᠳᠦᠷ ᠲᠥᠷᠥ ᠶᠢᠨ |
ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ︽ᠠᠵᠤ ᠠᠬᠤᠶᠢᠯᠠᠯ ᠳᠤ |
ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠬᠤ ᠲᠤᠬᠠᠢ ᠰᠠᠨᠠᠯ︾ ᠢ ᠬᠢᠨᠠᠨ ᠵᠥᠪᠯᠡᠵᠦ |
ᠪᠠᠲᠤᠯᠠᠭᠠᠳ᠂ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ |
ᠭᠦᠨᠵᠡᠭᠡᠶᠢᠷᠡᠭᠦᠯᠵᠦ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠯᠪᠣᠭᠳᠠᠯ |
ᠪᠦᠬᠦᠢ ᠠᠷᠭ᠎ᠠ ᠪᠠᠷᠢᠯ ᠢ ᠪᠠᠶᠢᠷᠢᠯᠠᠭᠤᠯᠵᠤ᠂ ᠢᠳᠡᠭᠡᠨ ᠤ ᠠᠮᠤᠷ ᠲᠦᠪᠰᠢᠨ ᠤ ᠪᠥᠬᠦ ᠬᠡᠯᠬᠢᠶᠡᠨ ᠳᠠᠬᠢ ᠬᠢᠨᠠᠯᠲᠠ |
ᠬᠠᠮᠢᠶᠠᠷᠤᠯᠲᠠ ᠶᠢ ᠴᠢᠩᠭᠠᠳᠬᠠᠬᠤ ᠬᠠᠮᠢᠶ᠎ᠠ ᠪᠦᠬᠦᠢ ᠠᠵᠢᠯ ᠢ ᠰᠤᠳᠤᠯᠵᠤ᠂ ᠴᠢᠨᠠᠷ ᠰᠠᠶᠢᠲᠠᠢ ᠬᠥᠭᠵᠢᠯᠲᠡ ᠶᠢ |
ᠠᠬᠢᠭᠤᠯᠬᠤ ᠳᠤ ᠰᠢᠯᠵᠢᠭᠦᠯᠬᠦ ᠲᠥᠯᠥᠪᠦᠷᠢ ᠶᠢᠨ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠠᠶᠢᠭᠤᠯᠬᠤ ᠬᠠᠷᠢᠭᠤ |
ᠮᠡᠳᠡᠭᠦᠯᠦᠯᠲᠡ ᠶᠢ ᠰᠣᠨᠣᠰᠴᠤ᠂ ︽ᠺᠣᠮᠫᠠᠨᠢ ᠶᠢᠨ ᠢᠯᠡ ᠪᠠᠷ ᠰᠲ᠋ᠣᠺ ᠲᠠᠷᠬᠠᠭᠠᠬᠤ ᠳᠤ ᠦᠢᠯᠡᠴᠢᠯᠡᠭᠡ ᠬᠠᠩᠭᠠᠬᠤ ᠵᠠᠭᠤᠴᠢ |
ᠪᠠᠶᠢᠭᠤᠯᠤᠮᠵᠢ ᠶᠢ ᠵᠢᠷᠤᠮᠵᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ᠲᠥᠰᠥᠯ︶︾ ᠢ ᠬᠢᠨᠠᠨ |
ᠵᠥᠪᠯᠡᠵᠦ ᠪᠠᠲᠤᠯᠠᠪᠠ᠃ |
ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ |
ᠪᠠᠶᠢᠴᠠᠭᠠᠯᠲᠠ ᠪᠣᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠶᠢᠨ ᠵᠠᠰᠠᠭ ᠵᠠᠬᠢᠷᠭᠠᠨ ᠤ |
ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠬᠤᠯᠠ ᠠᠷᠭ᠎ᠠ ᠬᠡᠯᠪᠡᠷᠢ ᠮᠥᠨ᠂ ᠲᠡᠭᠦᠨ ᠤ ᠤᠭ |
ᠵᠣᠷᠢᠯᠭ᠎ᠠ ᠨᠢ ᠠᠵᠤ ᠠᠬᠤᠶᠢᠯᠠᠯ ᠤᠨ ᠬᠠᠤᠯᠢ ᠶᠣᠰᠣᠭᠠᠷ ᠡᠵᠡᠩᠨᠡᠬᠦ ᠶᠢ ᠵᠢᠷᠤᠮᠵᠢᠭᠤᠯᠬᠤ ᠪᠠ ᠬᠥᠲᠥᠯᠥᠨ ᠵᠢᠯᠤᠭᠤᠳᠬᠤ ᠶᠢᠨ |
ᠲᠥᠯᠥᠭᠡ ᠶᠤᠮ᠃ ᠭᠡᠪᠡᠴᠦ ᠦᠢᠯᠡᠳᠦᠯᠭᠡ ᠶᠢᠨ ᠶᠠᠪᠤᠴᠠ ᠳᠤ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠤᠨ ᠠᠵᠤ |
ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠪᠠᠨ ᠳᠤᠷ᠎ᠠ ᠪᠠᠷ ᠢᠶᠠᠨ ᠦᠢᠯᠡᠳᠴᠦ ᠪᠠᠶᠢᠭ᠎ᠠ |
ᠠᠰᠠᠭᠤᠳᠠᠯ ᠪᠠᠶᠢᠨ ᠲᠠᠬᠢᠨ ᠭᠠᠷᠤᠭᠰᠠᠨ ᠠᠴᠠ ᠠᠵᠤ ᠠᠬᠤᠶᠢᠯᠠᠯ ᠤᠳ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠪᠠ |
ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠰᠠᠶᠢᠵᠢᠷᠠᠯᠲᠠ ᠶᠢ ᠨᠥᠯᠥᠭᠡᠯᠡᠵᠦ ᠪᠠᠶᠢᠨ᠎ᠠ᠃ ᠵᠠᠬ᠎ᠠ ᠳᠡᠯᠭᠡᠭᠦᠷ ᠤᠨ |
ᠵᠢᠱᠢᠯᠲᠡ ᠶᠢ ᠲᠣᠭᠲᠠᠭᠤᠨ ᠪᠠᠶᠢᠯᠭᠠᠬᠤ ᠳᠤ ᠠᠩᠬᠠᠷᠤᠯ ᠢᠶᠠᠨ ᠬᠠᠨᠳᠤᠭᠤᠯᠤᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ |
ᠲᠦᠪᠰᠢᠨ ᠢ ᠳᠡᠭᠡᠭᠰᠢᠯᠡᠭᠦᠯᠬᠦ ᠳᠤ ᠠᠩᠬᠠᠷᠤᠯ ᠲᠠᠯᠪᠢᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ |
ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠤᠨ᠂ ᠳᠠᠪᠲᠠᠮᠵᠢ ᠪᠠᠨ ᠵᠦᠢ ᠵᠣᠬᠢᠰᠲᠠᠢ ᠲᠣᠬᠢᠷᠠᠭᠤᠯᠵᠤ᠂ ᠡᠷᠴᠢᠮ ᠢᠶᠠᠨ ᠲᠣᠬᠢᠲᠠᠢ |
ᠡᠵᠡᠮᠳᠡᠨ᠂ ᠣᠨᠣᠪᠴᠢ ᠶᠢᠨ ᠬᠡᠮᠵᠢᠶ᠎ᠡ ᠪᠠᠨ ᠬᠦᠴᠦᠯᠡᠨ ᠳᠡᠭᠡᠭᠰᠢᠯᠡᠭᠦᠯᠵᠦ᠂ ᠪᠠᠶᠢᠴᠠᠭᠠᠯᠲᠠ ᠪᠠᠨ ᠳᠤᠲᠠᠭᠳᠠᠭᠤᠯᠬᠤ ᠦᠭᠡᠢ |
ᠮᠥᠷᠲᠡᠭᠡᠨ ᠢᠯᠡᠭᠦᠴᠡ ᠪᠠᠶᠢᠴᠠᠭᠠᠯᠲᠠ ᠬᠢᠬᠦ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ |
ᠪᠠᠶᠢᠴᠠᠭᠠᠯᠲᠠ ᠶᠢᠨ ᠪᠡᠶᠡᠴᠢ ᠴᠣᠭᠴᠠ ᠶᠢ ᠲᠣᠳᠣᠷᠬᠠᠶᠢᠯᠠᠨ᠂ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠵᠦᠢᠯᠡᠰ ᠢ |
ᠢᠯᠭᠠᠷᠠᠭᠤᠯᠤᠨ ᠨᠡᠶᠢᠲᠡᠯᠡᠵᠦ᠂ ᠳᠤᠷ᠎ᠠ ᠪᠠᠷ ᠪᠠᠶᠢᠴᠠᠭᠠᠬᠤ ᠶᠢ ᠡᠬᠢ ᠢᠷᠡᠯᠲᠡ ᠠᠴᠠ ᠨᠢ ᠬᠤᠷᠢᠭᠯᠠᠬᠤ ᠬᠡᠷᠡᠭᠲᠡᠢ᠃ |
ᠪᠠᠶᠢᠴᠠᠭᠠᠬᠤ ᠠᠷᠭ᠎ᠠ ᠮᠠᠶ᠋ᠢᠭ ᠢᠶᠠᠨ ᠵᠦᠢ ᠵᠣᠬᠢᠰᠲᠠᠢ ᠲᠣᠭᠲᠠᠭᠠᠵᠤ᠂ ᠪᠠᠶᠢᠴᠠᠭᠠᠬᠤ ᠪᠠᠷᠢᠮᠵᠢᠶ᠎ᠠ ᠪᠠ ᠲᠠᠰ ᠳᠠᠷᠠᠭᠠᠯᠠᠯ ᠢᠶᠠᠨ |
ᠴᠢᠩᠳᠠᠯᠠᠵᠤ᠂ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ |
ᠴᠢᠩᠭᠠᠳᠬᠠᠨ᠂ ᠠᠵᠤ ᠠᠬᠤᠶᠢᠯᠠᠯ ᠳᠤ ᠣᠴᠢᠵᠤ ᠪᠠᠶᠢᠴᠠᠭᠠᠬᠤ ᠳᠠᠪᠲᠠᠮᠵᠢ ᠪᠠᠨ ᠪᠠᠭᠠᠰᠬᠠᠵᠤ᠂ ᠳᠤᠷ᠎ᠠ ᠪᠠᠷ ᠪᠠᠶᠢᠴᠠᠭᠠᠬᠤ ᠶᠢ |
ᠡᠷᠡᠰ ᠬᠤᠷᠢᠭᠯᠠᠬᠤ ᠬᠡᠷᠡᠭᠲᠡᠢ᠃ ᠵᠠᠰᠠᠭ ᠵᠠᠬᠢᠷᠭᠠᠨ ᠤ ᠪᠠᠶᠢᠴᠠᠭᠠᠯᠲᠠ ᠶᠢ ᠵᠢᠷᠤᠮᠵᠢᠭᠤᠯᠬᠤ ᠠᠵᠢᠯ ᠢᠶᠠᠨ ᠢᠷᠡᠬᠦ ᠵᠢᠯ ᠤᠨ |
ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢᠨ ᠲᠤᠰᠬᠠᠢ ᠠᠵᠢᠯᠯᠠᠭᠠᠨ ᠢ ᠵᠢᠷᠤᠮᠵᠢᠭᠤᠯᠬᠤ |
ᠠᠵᠢᠯ ᠤᠨ ᠴᠢᠬᠤᠯᠠ ᠠᠭᠤᠯᠭ᠎ᠠ ᠪᠣᠯᠭᠠᠵᠤ᠂ ᠲᠤᠰᠬᠠᠯ ᠶᠡᠬᠡᠲᠡᠢ ᠲᠣᠪᠤᠶᠢᠮ᠎ᠠ ᠠᠰᠠᠭᠤᠳᠠᠯ ᠤᠳ ᠢ ᠴᠠᠭ ᠲᠤᠬᠠᠢ ᠳᠤ ᠨᠢ |
ᠰᠢᠢᠳᠪᠦᠷᠢᠯᠡᠨ᠂ ᠳᠤᠷ᠎ᠠ ᠪᠠᠷ ᠪᠠᠶᠢᠴᠠᠭᠠᠯᠲᠠ ᠬᠢᠬᠦ ᠶᠢ ᠪᠠᠶᠢᠴᠠᠭᠠᠵᠤ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ |
ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠬᠤ ᠬᠡᠷᠡᠭᠲᠡᠢ᠃ |
ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂᠂ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ |
ᠬᠠᠮᠢᠶᠠᠷᠤᠯᠲᠠ ᠶᠢᠨ ᠪᠦᠬᠦ ᠶᠠᠪᠤᠴᠠ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠪᠥᠮᠪᠥᠷᠴᠡᠭ ᠲᠤ |
ᠥᠷᠢᠰᠦᠯᠳᠦᠬᠦ ᠬᠦᠴᠦᠨ ᠪᠦᠬᠦᠢ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠣᠯᠭᠠᠨ᠂ ᠮᠠᠨ ᠤ ᠤᠯᠤᠰ ᠤᠨ ᠡᠮ ᠦᠢᠯᠡᠳᠬᠦ |
ᠲᠣᠮᠣ ᠤᠯᠤᠰ ᠠᠴᠠ ᠡᠮ ᠦᠢᠯᠡᠳᠬᠦ ᠬᠦᠴᠦᠷᠬᠡᠭ ᠤᠯᠤᠰ ᠲᠡᠶᠢᠰᠢ ᠤᠷᠤᠭᠰᠢᠯᠠᠬᠤ ᠶᠢ ᠠᠬᠢᠭᠤᠯᠵᠤ᠂ ᠤᠯᠠᠨ ᠲᠦᠮᠡᠨ ᠤ |
ᠴᠢᠨᠠᠷ ᠰᠠᠶᠢᠲᠠᠢ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ |
ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠢ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠨᠢ ᠳᠡᠮᠵᠢᠬᠦ ᠪᠠᠨ |
ᠴᠢᠩᠭᠠᠳᠬᠠᠵᠤ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠦᠢᠯᠡᠳᠦᠯ ᠢ ᠨᠢ ᠪᠠᠳᠠᠷᠠᠭᠤᠯᠤᠨ᠂ ᠰᠢᠨ᠎ᠡ ᠪᠠᠷ ᠡᠭᠦᠳᠦᠭᠰᠡᠨ |
ᠡᠮ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠢᠳᠡᠪᠬᠢᠲᠡᠢ ᠪᠠᠷ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ ᠬᠢᠨᠠᠨ ᠰᠢᠯᠭᠠᠷᠠᠭᠤᠯᠵᠤ |
ᠬᠢᠨᠠᠨ ᠵᠥᠪᠰᠢᠶᠡᠷᠡᠬᠦ ᠴᠢᠨᠠᠷ ᠴᠢᠨᠰᠠᠭ᠎ᠠ ᠦᠷ᠎ᠡ ᠠᠰᠢᠭ ᠢᠶᠠᠨ ᠳᠡᠭᠡᠭᠰᠢᠯᠡᠭᠦᠯᠦᠨ᠂ ᠡᠮᠴᠢᠯᠡᠭᠡᠨ ᠳᠤ ᠪᠠᠴᠢᠮ ᠬᠡᠷᠡᠭᠰᠡᠭᠳᠡᠬᠦ |
ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠵᠥᠪᠰᠢᠶᠡᠷᠡᠵᠦ ᠵᠠᠬ᠎ᠠ ᠳᠡᠯᠭᠡᠭᠦᠷ ᠲᠤ ᠭᠠᠷᠭᠠᠬᠤ ᠪᠠᠨ |
ᠲᠦᠷᠭᠡᠳᠬᠡᠵᠦ᠂ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠨᠥᠬᠦᠴᠡᠯ ᠳᠤ ᠨᠡᠶᠢᠴᠡᠵᠦ ᠪᠦᠬᠦᠢ ᠰᠢᠨ᠎ᠡ ᠪᠠᠷ |
ᠡᠭᠦᠳᠦᠭᠰᠡᠨ ᠡᠮ ᠪᠠ ᠡᠮᠴᠢᠯᠡᠭᠡᠨ ᠤ ᠪᠠᠭᠠᠵᠢ ᠬᠡᠷᠡᠭᠰᠡᠯ ᠳᠤ ᠡᠮᠴᠢᠯᠡᠭᠡᠨ ᠤ ᠲᠤᠷᠰᠢᠯᠲᠠ ᠬᠢᠬᠦ ᠶᠢ ᠬᠠᠰᠤᠵᠤ ᠬᠡᠯᠲᠦᠷᠢᠭᠦᠯᠬᠦ |
ᠬᠡᠷᠡᠭᠲᠡᠢ᠃ ᠥᠨᠳᠥᠷ ᠪᠦᠲᠦᠮᠵᠢᠲᠡᠢ ᠴᠢᠩᠭ᠎ᠠ ᠬᠢᠨᠠᠯᠲᠠ ᠬᠠᠮᠢᠶᠠᠷᠤᠯᠲᠠ ᠪᠠᠷ ᠡᠮ ᠡᠮᠨᠡᠯᠭᠡ ᠶᠢᠨ ᠠᠵᠤ ᠦᠢᠯᠡᠰ ᠤᠨ |
ᠲᠣᠭᠲᠠᠭᠠᠯ ᠳᠤ ᠨᠡᠶᠢᠴᠡᠭᠦᠯᠬᠦ ᠲᠦᠪᠰᠢᠨ ᠢ ᠨᠢ ᠳᠡᠭᠡᠭᠰᠢᠯᠡᠭᠦᠯᠵᠦ᠂ ᠡᠮ ᠡᠮᠨᠡᠯᠭᠡ ᠶᠢᠨ ᠠᠵᠤ ᠦᠢᠯᠡᠰ ᠤᠨ ᠨᠡᠭᠡᠭᠡᠯᠲᠡ ᠬᠢᠬᠦ |
ᠬᠠᠮᠲᠤᠷᠠᠨ ᠠᠵᠢᠯᠯᠠᠬᠤ ᠪᠠᠨ ᠥᠷᠭᠡᠳᠬᠡᠬᠦ ᠶᠢ ᠨᠢ ᠳᠡᠮᠵᠢᠬᠦ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ᠂ ᠡᠮᠴᠢᠯᠡᠭᠡ᠂ ᠦᠨ᠎ᠡ |
ᠬᠠᠩᠰᠢ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤ ᠨᠢ ᠳᠠᠭᠠᠵᠤ᠂ ᠡᠮ ᠡᠮᠨᠡᠯᠭᠡ ᠶᠢᠨ ᠠᠵᠤ |
ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠵᠢᠯᠴᠠᠵᠤ ᠬᠦᠴᠦᠯᠡᠨ ᠠᠬᠢᠭᠤᠯᠬᠤ ᠬᠡᠷᠡᠭᠲᠡᠢ᠃ |
ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠢᠳᠡᠭᠡᠨ ᠤ ᠠᠮᠤᠷ ᠲᠦᠪᠰᠢᠨ ᠨᠢ ᠠᠷᠠᠳ ᠤᠯᠠᠨ ᠤ ᠪᠡᠶ᠎ᠡ |
ᠮᠠᠬᠠᠪᠤᠳ ᠤᠨ ᠡᠷᠡᠭᠦᠯ ᠮᠡᠨᠳᠦ ᠬᠢᠭᠡᠳ ᠠᠮᠢ ᠨᠠᠰᠤᠨ ᠤ ᠠᠮᠤᠷ ᠲᠦᠪᠰᠢᠨ ᠯᠦᠭᠡ ᠬᠤᠯᠪᠣᠭᠳᠠᠵᠤ ᠪᠠᠶᠢᠳᠠᠭ᠃ ᠡᠬᠢ |
ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠳᠤ ᠨᠢ ᠴᠢᠩᠭ᠎ᠠ ᠬᠠᠮᠢᠶᠠᠷᠬᠤ᠂ ᠲᠦᠭᠰᠢᠭᠦᠷᠢ ᠶᠢ ᠴᠢᠩᠭ᠎ᠠ ᠡᠵᠡᠮᠳᠡᠬᠦ ᠶᠢ |
ᠪᠠᠷᠢᠮᠲᠠᠯᠠᠵᠤ᠂ ᠡᠳᠦᠷ ᠳᠤᠳᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠪᠦᠬᠦ ᠬᠡᠯᠬᠢᠶᠡᠨ ᠳᠠᠬᠢ ᠬᠢᠨᠠᠨ |
ᠬᠠᠮᠢᠶᠠᠷᠬᠤ ᠴᠢᠳᠠᠪᠤᠷᠢ ᠶᠢᠨ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠬᠤᠷᠢᠭ᠎ᠠ |
ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ |
ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠣᠷᠣᠨ ᠨᠤᠲᠤᠭ ᠤᠨ ᠴᠢᠨᠠᠷ ᠰᠠᠶᠢᠲᠠᠢ ᠬᠥᠭᠵᠢᠯᠲᠡ ᠳᠤ ᠰᠢᠯᠵᠢᠭᠦᠯᠬᠦ |
ᠲᠥᠯᠥᠪᠦᠷᠢ ᠶᠢᠨ ᠬᠥᠲᠥᠯᠥᠨ ᠵᠢᠯᠤᠭᠤᠳᠬᠤ ᠦᠢᠯᠡᠳᠦᠯ ᠢ ᠨᠢ ᠪᠠᠳᠠᠷᠠᠭᠤᠯᠵᠤ᠂ ᠤᠷᠮᠠᠰᠢᠭᠤᠯᠬᠤ ᠪᠡᠯᠡ ᠮᠥᠩᠭᠦ ᠶᠢ ᠭᠠᠶᠢᠯᠢ |
ᠲᠠᠲᠠᠪᠤᠷᠢ ᠶᠢᠨ ᠬᠤᠪᠢ ᠨᠡᠮᠡᠷᠢ ᠪᠠᠷ ᠶᠡᠭᠡ᠂ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠨᠡᠯᠢᠶᠡᠳ ᠲᠦᠷᠭᠡᠨ ᠭᠠᠵᠠᠷ |
ᠣᠷᠣᠨ ᠲᠡᠶᠢᠰᠢ ᠬᠡᠯᠪᠠᠶᠢᠯᠭᠡᠬᠦ ᠬᠡᠷᠡᠭᠲᠡᠢ᠃ ᠲᠣᠭᠲᠠᠴᠠ ᠶᠢ ᠬᠡᠷᠡᠭᠵᠢᠭᠦᠯᠬᠦ ᠠᠵᠢᠯ ᠢᠶᠠᠨ ᠰᠢᠨᠵᠢᠯᠡᠬᠦ ᠤᠬᠠᠭᠠᠨᠴᠢ ᠪᠠᠷ |
ᠵᠢᠷᠤᠮᠵᠢᠭᠤᠯᠤᠨ ᠰᠠᠶᠢᠲᠤᠷ ᠠᠳᠬᠤᠵᠤ᠂ ᠡᠯ᠎ᠡ ᠭᠠᠵᠠᠷ ᠤᠨ ᠬᠢᠨ ᠤ ᠴᠢᠨᠠᠷ ᠰᠠᠶᠢᠲᠠᠢ ᠬᠥᠭᠵᠢᠯᠲᠡ ᠪᠠᠷ ᠳᠠᠮᠵᠢᠭᠤᠯᠤᠨ |
ᠭᠠᠶᠢᠯᠢ ᠶᠢᠨ ᠢᠷᠡᠯᠲᠡ ᠪᠠᠨ ᠬᠤᠷᠠᠭᠤᠯᠤᠨ ᠨᠡᠮᠡᠭᠳᠡᠭᠦᠯᠬᠦ ᠶᠢ ᠨᠢ ᠵᠣᠷᠢᠭᠵᠢᠭᠤᠯᠵᠤ᠂ ᠣᠷᠣᠨ ᠨᠤᠲᠤᠭ ᠤᠨ ᠬᠥᠭᠵᠢᠯᠲᠡ ᠶᠢᠨ |
ᠰᠠᠨᠠᠭᠠᠴᠢᠯᠠᠭᠠᠲᠤ ᠴᠢᠨᠠᠷ ᠪᠠ ᠡᠳ᠋ ᠤᠨ ᠵᠠᠰᠠᠭ ᠤᠨ ᠦᠷᠭᠦᠯᠵᠢᠯᠡᠭᠦ᠋ᠢᠴᠡ ᠴᠢᠨᠠᠷ ᠢ ᠴᠢᠩᠭᠠᠳᠬᠠᠬᠤ ᠬᠡᠷᠡᠭᠲᠡᠢ᠃ |
ᠬᠤᠷᠠᠯᠳᠤᠭᠠᠨ ᠢᠶᠠᠷ ︽ᠺᠣᠮᠫᠠᠨᠢ ᠶᠢᠨ ᠢᠯᠡ ᠪᠠᠷ ᠰᠲ᠋ᠣᠺ ᠲᠠᠷᠬᠠᠭᠠᠬᠤ ᠳᠤ ᠦᠢᠯᠡᠴᠢᠯᠡᠭᠡ ᠬᠠᠩᠭᠠᠬᠤ ᠵᠠᠭᠤᠴᠢ |
ᠪᠠᠶᠢᠭᠤᠯᠤᠮᠵᠢ ᠶᠢ ᠵᠢᠷᠤᠮᠵᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ᠲᠥᠰᠥᠯ︶︾ ᠢ ᠬᠢᠨᠠᠨ |
ᠵᠥᠪᠯᠡᠵᠦ ᠪᠠᠲᠤᠯᠠᠵᠤ᠂ ᠵᠠᠭᠤᠴᠢ ᠪᠠᠶᠢᠭᠤᠯᠤᠮᠵᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ︽ᠡᠭᠦᠳᠡ ᠮᠠᠨᠠᠭᠠᠴᠢ︾ ᠶᠢᠨ |
ᠦᠢᠯᠡᠳᠦᠯ ᠢ ᠨᠢ ᠰᠠᠶᠢᠲᠤᠷ ᠪᠠᠳᠠᠷᠠᠭᠤᠯᠵᠤ᠂ ᠵᠠᠭᠤᠴᠢ ᠪᠠᠶᠢᠭᠤᠯᠤᠮᠵᠢ ᠪᠠ ᠲᠠᠷᠬᠠᠭᠠᠭᠴᠢ ᠶᠢᠨ ᠵᠣᠬᠢᠰ ᠦᠭᠡᠢ ᠠᠰᠢᠭ |
ᠲᠤᠰᠠ ᠶᠢᠨ ᠲᠥᠯᠥᠭᠡ ᠰᠥᠯᠪᠡᠭᠡᠯᠡᠬᠦ ᠶᠢ ᠰᠡᠷᠭᠡᠶᠢᠯᠡᠨ᠂ ᠡᠳ᠋ ᠤᠨ ᠶᠠᠪᠤᠳᠠᠯ ᠢ ᠬᠠᠭᠤᠷᠮᠠᠭᠯᠠᠨ ᠵᠣᠬᠢᠶᠠᠬᠤ᠂ ᠮᠡᠬᠡᠯᠡᠨ |
ᠲᠠᠷᠬᠠᠭᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠲᠤ ᠴᠢᠩᠭ᠎ᠠ ᠴᠣᠬᠢᠯᠲᠠ ᠥᠭᠴᠦ᠂ ᠪᠡᠯᠡ |
ᠣᠷᠣᠭᠤᠯᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠬᠥᠷᠥᠩᠭᠡ ᠶᠢᠨ ᠵᠠᠬ᠎ᠠ |
ᠳᠡᠯᠭᠡᠭᠦᠷ ᠤᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |
ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ |
|