11 ᠰᠠᠷ᠎ᠠ ᠶᠢᠨ 30 ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠴᠥᠭᠡᠨ |
ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠲᠡᠭᠦᠰᠬᠦ ᠶᠣᠰᠣᠯᠠᠯ ᠬᠠᠶᠢᠨᠠᠨ |
ᠮᠤᠵᠢ ᠶᠢᠨ ᠰᠠᠨᠶᠠ ᠬᠤᠲᠠ ᠳᠤ ᠶᠠᠪᠤᠭᠳᠠᠪᠠ᠃ ᠳᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠳᠤ |
ᠦᠪᠦᠷ ᠮᠤᠩᠭᠤᠯ 286 ᠬᠦᠮᠦᠨ ᠤ ᠲᠦᠯᠦᠭᠡᠯᠡᠭᠴᠢᠳ ᠤᠨ ᠪᠦᠯᠬᠦᠮ ᠢ ᠵᠤᠬᠢᠶᠠᠨ ᠪᠠᠶᠢᠭᠤᠯᠵᠦ᠂ ᠲᠡᠪᠡᠭ᠂ |
ᠲᠡᠭᠦᠵᠢᠩ᠂ ᠬᠤᠯᠬᠤᠪᠴᠢ ᠨᠤᠮᠤ᠂ ᠲᠠᠳᠠᠭ᠎ᠠ᠂ ᠦᠨᠳᠦᠰᠦᠳᠡᠨ ᠤ ᠵᠡᠪᠰᠡᠭ ᠤᠨ ᠡᠷᠳᠡᠮ᠂ ᠦᠨᠳᠦᠰᠦᠳᠡᠨ ᠤ |
ᠮᠠᠶ᠋ᠢᠭ ᠤᠨ ᠪᠦᠬᠡ ᠪᠠᠷᠢᠯᠳᠤᠬᠤ᠂ ᠦᠨᠳᠦᠰᠦᠳᠡᠨ ᠤ ᠮᠤᠷᠢᠨ ᠮᠡᠷᠭᠡᠵᠢᠯ ᠪᠠ ᠦᠨᠳᠦᠰᠦᠳᠡᠨ ᠤ ᠪᠡᠶ᠎ᠡ |
ᠴᠢᠬᠢᠷᠠᠭᠵᠢᠭᠤᠯᠬᠤ 8 ᠤᠷᠤᠯᠳᠤᠭᠠᠨ ᠤ ᠲᠦᠷᠦᠯ ᠵᠦᠢᠯ ᠳᠤ ᠤᠷᠤᠯᠴᠠᠵᠦ᠂ ᠴᠦ᠋ ᠪᠤᠯᠢᠶᠠᠯᠳᠤᠬᠤ᠂ ᠤᠯᠠᠮᠵᠢᠯᠠᠯᠳᠦ |
ᠪᠤᠶᠢᠺᠦ ᠪᠦᠮᠪᠦᠭᠡ᠂ ᠲᠡᠮᠡᠭᠡᠨ ᠪᠦᠮᠪᠦᠭᠡ ᠪᠠ ᠮᠤᠷᠢᠨ ᠲᠡᠭᠡᠷᠡᠬᠢ ᠦᠵᠡᠭᠦᠯᠭᠡ ᠵᠡᠷᠭᠡ 4 ᠦᠵᠡᠬᠦᠯᠭᠡ ᠶᠢᠨ ᠲᠦᠷᠦᠯ |
ᠵᠦᠢᠯ ᠳᠤ ᠤᠷᠤᠯᠴᠠᠭᠰᠠᠨ ᠪᠠᠶᠢᠨ᠎ᠡ᠃ |
|
ᠮᠠᠨ ᠤ ᠤᠷᠤᠨ ᠤ ᠲᠠᠮᠢᠷᠴᠢᠳ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠤᠷᠤᠯᠳᠤᠭᠠᠨ ᠤ ᠲᠥᠷᠥᠯ |
ᠵᠦᠢᠯ ᠤᠨ ᠲᠠᠯ᠎ᠠ ᠪᠠᠷ 6 ᠨᠢᠭᠡᠳᠦᠭᠡᠷ ᠳᠡᠰ ᠤᠨ ᠱᠠᠩᠨᠠᠯ᠂ 23 ᠬᠤᠶᠠᠳᠤᠭᠠᠷ ᠳᠡᠰ ᠤᠨ ᠱᠠᠩᠨᠠᠯ ᠪᠠ 25 |
ᠭᠤᠷᠪᠠᠳᠤᠭᠠᠷ ᠳᠡᠰ ᠤᠨ ᠱᠠᠩᠨᠠᠯ ᠢ ᠣᠯᠵᠤ᠂ ᠲᠣᠭᠯᠠᠯᠲᠠ ᠶᠢᠨ ᠲᠥᠷᠥᠯ ᠵᠦᠢᠯ ᠤᠨ ᠲᠠᠯ᠎ᠠ ᠪᠠᠷ 2 ᠨᠢᠭᠡᠳᠦᠭᠡᠷ |
ᠳᠡᠰ ᠤᠨ ᠱᠠᠩᠨᠠᠯ ᠪᠠ 2 ᠬᠤᠶᠠᠳᠤᠭᠠᠷ ᠳᠡᠰ ᠤᠨ ᠱᠠᠩᠨᠠᠯ ᠣᠯᠵᠤ᠂ ᠨᠡᠶᠢᠲᠡ 58 ᠱᠠᠩᠨᠠᠯ ᠭᠥᠷᠳᠡᠪᠡ᠃ |
|
|
ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠮᠠᠨ ᠤ ᠣᠷᠣᠨ ᠤ ᠲᠥᠯᠥᠭᠡᠯᠡᠭᠴᠢᠳ ᠤᠨ |
ᠪᠦᠯᠬᠦᠮ ᠡᠯ᠎ᠡ ᠵᠦᠢᠯ ᠤᠨ ᠤᠷᠤᠯᠳᠤᠭᠠᠨ ᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠡᠶ᠎ᠡ ᠶᠢᠨ |
ᠲᠠᠮᠢᠷ ᠤᠨ ᠶᠣᠰᠣ ᠰᠤᠷᠲᠠᠬᠤᠨ ᠤ ᠬᠡᠪ ᠰᠤᠷᠲᠠᠯ ᠤᠨ ᠱᠠᠩᠨᠠᠯ ᠬᠦᠷᠳᠡᠵᠦ᠂ ᠰᠢᠨ᠎ᠡ ᠴᠠᠭ ᠦᠶ᠎ᠡ ᠶᠢᠨ ᠥᠪᠥᠷ |
ᠮᠣᠩᠭᠤᠯ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠮᠢᠳᠤᠯᠢᠭ ᠦᠢᠯᠡᠳᠦᠯᠭᠡ ᠵᠢᠴᠢ ᠥᠪᠥᠷ |
ᠮᠣᠩᠭᠤᠯ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠨᠠᠮ ᠤᠨ ᠠᠴᠢ ᠳᠤ ᠲᠠᠯᠠᠷᠬᠠᠬᠤ᠂ ᠨᠠᠮ ᠤᠨ |
ᠦᠭᠡ ᠶᠢ ᠰᠣᠨᠣᠰᠬᠤ᠂ ᠨᠠᠮ ᠢᠶᠠᠨ ᠳᠠᠭᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ |
ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠪᠣᠳᠠᠲᠤ |
ᠠᠵᠢᠯᠯᠠᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ |
ᠴᠣᠭᠴᠠᠯᠠᠬᠤ ᠶᠢ ᠪᠡᠶᠡᠯᠡᠭᠦᠯᠪᠡ᠃ |
|
|
|
ᠲᠡᠭᠦᠰᠬᠦ ᠶᠣᠰᠣᠯᠠᠯ ᠳᠡᠭᠡᠷ᠎ᠡ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ |
ᠲᠠᠮᠢᠷ ᠤᠨ ᠴᠤᠭᠯᠠᠭᠠᠨ ᠤ ᠲᠤᠭ ᠢ ᠲᠤᠰᠢᠶᠠᠬᠤ ᠪᠠ ᠬᠦᠯᠢᠶᠡᠨ ᠠᠪᠬᠤ ᠶᠣᠰᠣᠯᠠᠯ ᠶᠠᠪᠤᠭᠤᠯᠪᠠ᠃ ᠠᠷᠪᠠᠨ |
ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ |
ᠲᠠᠮᠢᠷ ᠤᠨ ᠴᠤᠭᠯᠠᠭᠠᠨ 2027 ᠣᠨ ᠳᠤ ᠬᠤᠨᠠᠨ ᠮᠣᠵᠢ ᠳᠤ ᠶᠠᠪᠤᠭᠳᠠᠨ᠎ᠠ᠃ |