ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 8 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ |
ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ |
ᠨᠠᠶᠢᠷᠠᠭᠤᠯᠤᠭᠰᠠᠨ ᠰᠢ ᠶᠢᠨ ᠫᠢᠩ ᠨᠥᠬᠦᠷ ᠤᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ |
ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠥᠭᠦᠯᠡᠬᠦ ᠨᠢ︾ ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ |
ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ ᠪᠦᠭᠦ ᠤᠯᠤᠰ ᠲᠤ ᠲᠠᠷᠬᠠᠭᠠᠪᠠ᠃ |
ᠡᠨᠡ ᠬᠦ ᠲᠤᠰᠬᠠᠢ ᠰᠡᠳᠦᠪᠲᠦ ᠵᠣᠬᠢᠶᠠᠯ ᠤᠨ ᠲᠡᠭᠦᠪᠦᠷᠢ ᠳᠤ ᠰᠢ ᠶᠢᠨ ᠫᠢᠩ ᠨᠥᠬᠦᠷ ᠤᠨ ᠠᠷᠠᠳ ᠤᠨ |
ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ 37 ᠴᠢᠬᠤᠯᠠ ᠵᠣᠬᠢᠶᠠᠯ ᠢ |
ᠨᠠᠶᠢᠷᠠᠭᠤᠯᠤᠨ ᠣᠷᠣᠭᠤᠯᠵᠠᠢ᠂ ᠡᠭᠦᠨ ᠳᠤ ᠬᠡᠰᠡᠭ ᠵᠣᠬᠢᠶᠠᠯ ᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃ |
ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠣᠯ ᠮᠠᠨ ᠤ ᠤᠯᠤᠰ ᠤᠨ ᠦᠨᠳᠦᠰᠦᠨ ᠤᠯᠤᠰ |
ᠲᠦᠷᠦ ᠶᠢᠨ ᠪᠠᠶᠢᠭᠤᠯᠤᠯ ᠮᠥᠨ᠂ ᠳᠤᠮᠳᠠᠳᠤ ᠤᠯᠤᠰ ᠤᠨ ᠬᠥᠷᠥᠰᠥ ᠰᠢᠷᠣᠢ ᠠᠴᠠ ᠭᠦᠪᠦᠷᠡᠨ ᠪᠤᠶᠢᠵᠢᠭᠰᠠᠨ ᠴᠣ ᠰᠢᠨ᠎ᠡ |
ᠤᠯᠤᠰ ᠲᠦᠷᠦ ᠶᠢᠨ ᠪᠠᠶᠢᠭᠤᠯᠤᠯ ᠮᠥᠨ᠂ ᠬᠥᠮᠥᠨ ᠲᠥᠷᠥᠯᠬᠢᠲᠡᠨ ᠤ ᠤᠯᠤᠰ ᠲᠦᠷᠦ ᠶᠢᠨ ᠪᠠᠶᠢᠭᠤᠯᠤᠯ ᠤᠨ ᠲᠡᠦᠬᠡᠨ |
ᠳᠡᠭᠡᠷᠡᠬᠢ ᠠᠭᠤᠤ ᠶᠡᠭᠡ ᠡᠭᠦᠳᠦᠯᠲᠡ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ |
ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠡᠦᠬᠡ ᠶᠢᠨ ᠰᠢᠨ᠎ᠡ ᠣᠷᠣᠨ ᠪᠠᠶᠢᠷᠢ ᠳᠤ ᠰᠠᠭᠤᠷᠢᠯᠠᠨ᠂ |
ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ |
ᠴᠢᠩᠭᠠᠳᠬᠠᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠶᠡᠭᠡ ᠪᠠᠷ ᠬᠥᠭᠵᠢᠭᠦᠯᠦᠨ᠂ ᠲᠦᠷᠦ ᠶᠢ ᠵᠠᠰᠠᠬᠤ |
ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠢᠳᠡᠪᠬᠢᠲᠡᠢ ᠠᠬᠢᠭᠤᠯᠵᠤ᠂ ᠠᠷᠠᠳ ᠲᠦᠮᠡᠨ ᠡᠵᠡᠨ ᠰᠠᠭᠤᠵᠤ |
ᠡᠷᠬᠡ ᠮᠡᠳᠡᠬᠦ ᠳᠦᠷᠢᠮ ᠤᠨ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠦᠨ᠂ ᠴᠠᠭ ᠦᠶ᠎ᠡ ᠲᠠᠢ ᠵᠡᠷᠭᠡ ᠪᠠᠷ |
ᠤᠷᠤᠭᠰᠢᠯᠠᠨ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠵᠤ᠂ ᠨᠠᠮ ᠤᠨ ᠲᠡᠦᠬᠡᠨ ᠳᠡᠭᠡᠷᠡᠬᠢ ᠠᠩᠬ᠎ᠠ ᠤᠳᠠᠭ᠎ᠠ ᠶᠢᠨ |
ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠢ ᠬᠤᠷᠠᠯᠳᠤᠭᠤᠯᠤᠨ᠂ ᠠᠷᠠᠳ ᠤᠨ |
ᠲᠥᠯᠥᠭᠡᠯᠡᠭᠴᠢᠳ ᠤᠨ ᠶᠡᠭᠡ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠳᠦᠷᠢᠮ ᠪᠠ ᠠᠵᠢᠯ ᠤᠨ ᠳᠦᠷᠢᠮ ᠢ |
ᠪᠦᠷᠢᠨᠰᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠡᠦᠬᠡᠲᠦ ᠴᠢᠨᠠᠷᠲᠠᠢ ᠠᠮᠵᠢᠯᠲᠠ |
ᠣᠯᠬᠤ ᠶᠢ ᠠᠬᠢᠭᠤᠯᠪᠠ᠃ ᠰᠢ ᠶᠢᠨ ᠫᠢᠩ ᠨᠥᠬᠦᠷ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠲᠡᠭᠦᠯᠳᠡᠷᠵᠢᠭᠦᠯᠬᠦ᠂ |
ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠪᠠᠬᠢᠵᠢᠭᠦᠯᠬᠦ ᠪᠠᠶᠢᠯᠳᠤᠬᠤ ᠪᠣᠳᠣᠯᠭ᠎ᠠ ᠶᠢᠨ |
ᠥᠨᠳᠥᠷᠴᠡ ᠠᠴᠠ ᠡᠭᠦᠰᠦᠨ᠂ ᠮᠠᠷᠺᠰ ᠤᠨ ᠦᠵᠡᠯ ᠤᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ |
ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠨᠡᠶᠢᠭᠡᠮ |
ᠵᠢᠷᠤᠮ ᠤᠨ ᠠᠷᠠᠳᠴᠢᠯᠠᠭᠰᠠᠨ ᠤᠯᠤᠰ ᠲᠥᠷᠥ ᠶᠢᠨ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠢ ᠡᠵᠡᠮᠰᠢᠵᠦ᠂ ᠨᠠᠮ ᠤᠨ |
ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠭᠰᠠᠨ ᠦᠢᠯᠡᠳᠦᠯᠭᠡ ᠶᠢᠨ |
ᠲᠤᠷᠰᠢᠯᠭ᠎ᠠ ᠶᠢ ᠰᠢᠰᠲ᠋ᠧᠮ ᠲᠠᠢ ᠳ᠋ᠦᠩᠨᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ |
ᠤᠨᠤᠯ ᠪᠠ ᠦᠢᠯᠡᠳᠦᠯᠭᠡ ᠶᠢᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠠᠯᠢ ᠣᠯᠠᠨ ᠰᠢᠨ᠎ᠡ |
ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠱᠠᠭᠠᠷᠳᠠᠯᠭ᠎ᠠ ᠶᠢ ᠳᠤᠷᠠᠳᠴᠤ᠂ ᠶᠡᠷᠦᠩᠬᠡᠢ ᠱᠦᠵᠢ ᠰᠢ ᠶᠢᠨ ᠫᠢᠩ ᠤᠨ |
ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ |
ᠦᠵᠡᠯ ᠰᠠᠨᠠᠭ᠎ᠠ ᠶᠢ ᠪᠦᠷᠢᠯᠳᠦᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ |
ᠬᠤᠷᠠᠯ ᠤᠨ ᠪᠠᠶᠢᠭᠤᠯᠤᠯ ᠢ ᠰᠠᠶᠢᠲᠤᠷ ᠪᠠᠷᠢᠮᠲᠠᠯᠠᠬᠤ᠂ ᠰᠠᠶᠢᠲᠤᠷ ᠲᠡᠭᠦᠯᠳᠡᠷᠵᠢᠭᠦᠯᠬᠦ᠂ ᠰᠠᠶᠢᠲᠤᠷ ᠬᠡᠷᠡᠭᠵᠢᠭᠦᠯᠬᠦ ᠳᠤ |
ᠦᠨᠳᠦᠰᠦᠨ ᠵᠢᠷᠤᠮᠯᠠᠯ ᠬᠠᠩᠭᠠᠪᠠ᠃ |