|
3 ᠰᠠᠷ᠎ᠠ ᠶᠢᠨ 27 ᠠᠴᠠ 28 ᠤ ᠡᠳᠦᠷ ᠪᠣᠯᠲᠠᠯ᠎ᠠ᠂ ᠠᠷᠪᠠᠨ ᠬᠤᠶᠠᠳᠤᠭᠠᠷ ᠬᠤᠭᠤᠴᠠᠭᠠᠨ ᠤ ᠪᠥᠬᠦ |
ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠶᠠᠳᠤᠭᠠᠷ |
ᠤᠳᠠᠭᠠᠨ ᠤ ᠪᠡᠯᠡᠳᠬᠡᠯ ᠠᠵᠢᠯ ᠤᠨ ᠬᠤᠷᠠᠯ ᠬᠠᠶᠢᠨᠠᠨ ᠮᠤᠵᠢ ᠶᠢᠨ ᠰᠠᠨᠶᠠ ᠬᠤᠲᠠ ᠳᠤ ᠬᠤᠷᠠᠯᠳᠤᠪᠠ᠃ |
ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠬᠠᠶᠢᠨᠠᠨ ᠰᠢᠨᠵᠢᠶᠠᠩ |
ᠭᠡᠬᠦ 2 ᠤᠷᠤᠯᠳᠤᠭᠠᠨ ᠤ ᠲᠣᠭᠤᠷᠢᠭ ᠤᠨ 19 ᠤᠷᠤᠯᠳᠤᠭᠠᠨ ᠤ ᠲᠥᠷᠥᠯ ᠵᠦᠢᠯ ᠤᠨ ᠲᠠᠯᠠᠪᠤᠷ ᠣᠷᠳᠣᠨ ᠭᠠᠷᠭᠠᠪᠠ᠃ |
ᠡᠭᠦᠨ ᠳᠤ ᠮᠣᠷᠢᠨ ᠮᠡᠷᠭᠡᠵᠢᠯ ᠤᠨ ᠤᠷᠤᠯᠳᠤᠭᠠᠨ ᠰᠢᠨᠵᠢᠶᠠᠩ ᠳᠤ᠂ ᠬᠤᠸᠠᠷ ᠫᠤᠤᠵᠢᠩ ᠤᠨ ᠤᠷᠤᠯᠳᠤᠭᠠᠨ |
ᠬᠠᠶᠢᠨᠠᠨ ᠤ ᠯᠢᠩ ᠱᠦᠢ ᠯᠢ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠳᠤ ᠶᠠᠪᠤᠭᠳᠠᠵᠤ᠂ ᠪᠤᠰᠤᠳ ᠲᠥᠷᠥᠯ |
ᠵᠦᠢᠯ ᠨᠢ ᠴᠥᠮ ᠰᠠᠨᠶᠠ ᠬᠤᠲᠠ ᠳᠤ ᠶᠠᠪᠤᠭᠳᠠᠨ᠎ᠠ᠃ ᠪᠦᠬᠦ ᠲᠠᠯᠠᠪᠠᠢ ᠣᠷᠳᠣᠨ ᠢ 4 ᠰᠠᠷ᠎ᠠ ᠶᠢᠨ ᠡᠴᠦᠰ ᠠᠴᠠ |
ᠡᠮᠦᠨ᠎ᠡ ᠲᠤᠰᠢᠶᠠᠵᠤ ᠬᠡᠷᠡᠭᠯᠡᠭᠦᠯᠦᠨ᠎ᠡ᠃ |
ᠠᠷᠪᠠᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ |
ᠪᠡᠶ᠎ᠡ ᠶᠢᠨ ᠲᠠᠮᠢᠷ ᠤᠨ ᠴᠤᠭᠯᠠᠭᠠᠨ ᠢ 2024 ᠣᠨ ᠤ 11 ᠰᠠᠷ᠎ᠠ ᠶᠢᠨ 22 ᠤᠨ ᠡᠳᠦᠷ ᠠᠴᠠ 30 ᠤ ᠡᠳᠦᠷ |
ᠪᠣᠯᠲᠠᠯ᠎ᠠ ᠬᠠᠶᠢᠨᠠᠨ ᠤ ᠰᠠᠨᠶᠠ ᠳᠤ ᠶᠠᠪᠤᠭᠳᠠᠨ᠎ᠠ᠃ |
︽ᠦᠨᠳᠦᠰᠦᠲᠡᠨ ᠤ ᠪᠦᠯᠬᠦᠮᠳᠡᠯ ᠤᠨ ᠦᠪᠡᠳᠡᠭᠰᠢ ᠶᠡᠭᠡ ᠴᠤᠭᠯᠠᠭᠠᠨ ᠣᠯᠠᠨ ᠲᠦᠮᠡᠨᠴᠢ ᠪᠡᠶ᠎ᠡ ᠶᠢᠨ ᠲᠠᠮᠢᠷ ᠤᠨ |
ᠦᠪᠡᠳᠡᠭᠰᠢ ᠴᠤᠭᠯᠠᠭᠠᠨ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ |
ᠴᠣᠭᠴᠠᠯᠠᠬᠤ︾ ᠵᠡᠷᠭᠡ ᠤᠷᠢᠶ᠎ᠠ ᠯᠣᠽᠦ᠋ᠩ ᠨᠢ ᠤᠷᠤᠯᠳᠤᠭᠠᠨ ᠤ ᠲᠠᠯᠠᠪᠤᠷ ᠣᠷᠳᠣᠨ ᠳᠤ ᠡᠯᠭᠦᠵᠦ᠂ ᠬᠡᠰᠡᠭ ᠲᠠᠯᠠᠪᠠᠶ |
ᠣᠷᠳᠣᠨ ᠤ ᠲᠠᠯᠠᠪᠤᠷ ᠭᠠᠵᠠᠷ ᠢ ᠲᠡᠭᠰᠢᠯᠡᠬᠦ᠂ ᠭᠡᠷ ᠳᠣᠲᠣᠷᠠᠬᠢ ᠴᠢᠮᠡᠭᠯᠡᠯ ᠢ ᠵᠠᠰᠠᠬᠤ᠂ LED ᠲᠣᠮᠣ ᠳᠡᠯᠭᠡᠴᠡ ᠶᠢ |
ᠨᠡᠮᠡᠬᠦ ᠵᠡᠷᠭᠡ ᠥᠭᠡᠷᠡᠴᠢᠯᠡᠬᠦ ᠠᠵᠢᠯ ᠢ ᠶᠠᠭ ᠬᠢᠵᠦ ᠪᠠᠶᠢᠨ᠎ᠠ᠃ |
ᠭᠦᠢᠴᠡᠳᠬᠡᠬᠦ ᠵᠥᠪᠯᠡᠯ ᠤᠨ ᠲᠠᠯᠠᠪᠠᠢ ᠣᠷᠳᠣᠨ ᠤ ᠪᠦᠲᠦᠭᠡᠨ ᠪᠠᠶᠢᠭᠤᠯᠤᠯᠲᠠ ᠶᠢᠨ ᠬᠡᠯᠲᠡᠰ ᠲᠤ ᠠᠵᠢᠯᠯᠠᠵᠤ |
ᠪᠠᠶᠢᠭ᠎ᠠ ᠬᠤᠸᠠᠩ ᠴᠦᠢ ᠴᠢᠨ ᠬᠡᠯᠡᠬᠦ ᠳᠡᠭᠡᠨ᠂ ᠠᠷᠪᠢᠴᠢ ᠭᠠᠮᠲᠠᠢ ᠪᠠᠷ ᠴᠤᠭᠯᠠᠭᠠᠨ ᠡᠷᠬᠢᠯᠡᠬᠦ ᠵᠠᠷᠴᠢᠮ ᠶᠣᠰᠣᠭᠠᠷ᠂ |
ᠲᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠰᠠᠨᠶᠠ ᠬᠤᠲᠠ ᠶᠢᠨ ᠣᠳᠣ ᠪᠠᠶᠢᠭ᠎ᠠ ᠲᠠᠯᠠᠪᠤᠷ |
ᠣᠷᠳᠣᠨ ᠭᠠᠵᠠᠷ ᠢᠶᠠᠷ ᠭᠤᠣᠯ ᠪᠣᠯᠭᠠᠵᠤ᠂ ᠬᠥᠮᠦᠨ ᠰᠣᠶᠣᠯ ᠪᠠ ᠰᠢᠨᠵᠢᠯᠡᠬᠦ ᠤᠬᠠᠭᠠᠨ ᠮᠡᠷᠭᠡᠵᠢᠯ ᠢ |
ᠠᠭᠤᠰᠤᠯᠴᠠᠭᠤᠯᠵᠤ᠂ ᠦᠨᠳᠦᠰᠦᠲᠡᠨ ᠤ ᠪᠡᠶ᠎ᠡ ᠶᠢᠨ ᠲᠠᠮᠢᠷ᠂ ᠦᠨᠳᠦᠰᠦᠲᠡᠨ ᠤ ᠰᠣᠶᠣᠯ ᠤᠨ ᠣᠨᠴᠠᠯᠢᠭ ᠢ ᠳᠡᠯᠭᠡᠨ |
ᠦᠵᠡᠭᠦᠯᠵᠦ᠂ ᠭᠤᠶᠢᠳᠠ ᠰᠠᠶᠢᠬᠠᠨ ᠮᠥᠷᠲᠡᠭᠡᠨ ᠳᠥᠭᠦᠮ ᠳᠥᠲᠡ ᠡᠷᠬᠢᠯᠡᠬᠦ ᠬᠠᠷᠠᠯᠲᠠ ᠶᠢ ᠴᠢᠷᠮᠠᠶᠢᠨ ᠪᠠᠶᠡᠯᠡᠭᠦᠯᠬᠦ |
ᠪᠠᠷ ᠪᠤᠢ᠃ |
ᠡᠭᠦᠨ ᠠᠴᠠ ᠭᠠᠳᠠᠨ᠎ᠠ᠂ ᠲᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠪᠠᠷᠤᠭ 1 ᠲᠦᠮᠡᠨ |
ᠨᠡᠷᠡᠰ ᠤᠷᠤᠯᠳᠤᠭᠠᠨ ᠪᠠ ᠬᠤᠲᠠ ᠶᠢᠨ ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠬᠦ ᠪᠠᠷ ᠲᠥᠯᠥᠪᠯᠡᠵᠦ᠂ ᠲᠠᠯᠠᠪᠤᠷ |
ᠣᠷᠳᠣᠨ ᠤ ᠳᠣᠲᠣᠨ᠎ᠠ ᠭᠠᠳᠠᠨ᠎ᠠ᠂ ᠵᠠᠮ ᠬᠠᠷᠢᠯᠴᠠᠭᠠᠨ ᠤ ᠥᠷᠲᠡᠭᠡ ᠴᠡᠭ ᠵᠡᠷᠭᠡ ᠳᠤ ᠦᠢᠯᠡᠴᠢᠯᠡᠭᠡ ᠬᠠᠩᠭᠠᠨ᠎ᠠ᠃ |
|