ᠰᠠᠶ᠋ᠢᠬᠠᠨ ᠲᠡᠭᠦᠰᠦᠭᠰᠡᠨ 2024 ᠣᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠡᠭᠡᠷ᠎ᠡ᠂ |
ᠥᠪᠥᠷ ᠮᠣᠩᠭᠤᠯ ᠤᠨ ᠲᠠᠮᠢᠷᠴᠢᠳ 1 ᠠᠯᠲᠠᠨ ᠮᠧᠳᠠᠯ 1 ᠮᠥᠩᠭᠦᠨ ᠮᠧᠳᠠᠯ ᠣᠯᠵᠤ᠂ ᠮᠠᠨ ᠤ ᠣᠷᠣᠨ ᠤ |
ᠲᠠᠮᠢᠷᠴᠢᠳ ᠤᠨ ᠬᠢᠯᠢ ᠶᠢᠨ ᠭᠠᠳᠠᠨᠠᠬᠢ ᠣᠯᠢᠮᠫᠢᠺ ᠤᠨ ᠲᠠᠮᠢᠷ ᠤᠨ ᠴᠤᠭᠯᠠᠭᠠᠨ ᠳᠤ ᠤᠷᠤᠯᠴᠠᠭᠰᠠᠨ ᠬᠠᠮᠤᠭ ᠤᠨ |
ᠰᠠᠶᠢᠨ ᠬᠢᠷᠢ ᠪᠦᠲᠦᠮᠵᠢ ᠶᠢ ᠡᠭᠦᠳᠪᠡ᠃ ᠡᠭᠦᠨ ᠳᠤ᠂ ᠯᠢ ᠴᠢᠶᠠᠨ ᠲᠣᠰ ᠬᠤᠭᠤᠴᠠᠭᠠᠨ ᠤ ᠣᠯᠢᠮᠫᠢᠺ ᠤᠨ |
ᠲᠠᠮᠢᠷ ᠤᠨ ᠴᠤᠭᠯᠠᠭᠠᠨ ᠤ ᠨᠢᠳᠤᠷᠭᠠᠨ ᠲᠡᠮᠡᠴᠡᠭᠡᠨ ᠤ ᠡᠮᠡᠭᠲᠡᠢ ᠶᠢᠨ 75 ᠺᠢᠯᠣᠭ᠍ᠷᠠᠮ ᠤᠨ ᠲᠠᠰ ᠤᠨ ᠠᠯᠲᠠᠨ ᠮᠧᠳᠠᠯ ᠢ |
ᠬᠦᠷᠳᠡᠵᠦ᠂ ᠶᠠᠩ ᠯᠢᠦ ᠨᠢᠳᠤᠷᠭᠠᠨ ᠲᠡᠮᠡᠴᠡᠭᠡᠨ ᠤ ᠡᠮᠡᠭᠲᠡᠢ ᠶᠢᠨ 66 ᠺᠢᠯᠣᠭ᠍ᠷᠠᠮ ᠤᠨ ᠲᠠᠰ ᠤᠨ ᠮᠥᠩᠭᠦᠨ ᠮᠧᠳᠠᠯ ᠢ |
ᠬᠦᠷᠳᠡᠵᠡᠢ᠃ |
|
8 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ |
ᠲᠠᠮᠢᠷ ᠤᠨ ᠲᠣᠪᠴᠢᠶ᠎ᠠ ᠶᠢᠨ ᠤᠳᠤᠷᠢᠳᠤᠯᠭ᠎ᠠ᠂ ᠲᠣᠪᠴᠢᠶ᠎ᠠ ᠶᠢᠨ ᠰᠢᠰᠲ᠋ᠧᠮ ᠤᠨ ᠺᠠᠳ᠋ᠷ ᠠᠵᠢᠯᠲᠠᠨ ᠵᠠᠭᠤ ᠰᠢᠬᠠᠮ |
ᠬᠥᠮᠥᠨ ᠵᠢᠴᠢ ᠯᠢ ᠴᠢᠶᠠᠨ᠂ ᠶᠠᠩ ᠯᠢᠦ ᠶᠢᠨ ᠭᠡᠷ ᠤᠨ ᠬᠥᠮᠥᠰ ᠪᠣᠯᠣᠨ ᠰᠠᠶᠢᠨ ᠳᠤᠷ᠎ᠠ ᠠᠴᠠ ᠪᠠᠨ ᠥᠷᠲᠡᠭᠡ ᠳᠤ |
ᠲᠤᠰᠬᠤ ᠪᠠᠷ ᠢᠷᠡᠭᠰᠡᠨ ᠣᠯᠠᠨ ᠲᠦᠮᠡᠨ ᠬᠥᠬᠡᠬᠤᠲᠠ ᠶᠢᠨ ᠵᠡᠭᠦᠨ ᠥᠷᠲᠡᠭᠡ ᠳᠤ ᠢᠷᠡᠵᠦ᠂ ᠯᠢ ᠴᠢᠶᠠᠨ᠂ ᠶᠠᠩ ᠯᠢᠦ |
ᠶᠢ ᠬᠠᠯᠠᠭᠤᠨ ᠢᠶᠠᠷ ᠤᠭᠲᠤᠪᠠ᠃ |
|
ᠶᠣᠰᠣᠯᠠᠯ ᠤᠨ ᠫᠤᠤ ᠶᠢᠨ ᠲᠠᠭᠤᠨ ᠢ ᠳᠠᠭᠠᠯᠳᠤᠨ᠂ ᠥᠩᠭᠡᠲᠦ ᠤᠲᠤᠭ᠎ᠠ ᠣᠭᠲᠠᠷᠭᠤᠢ ᠳᠤ ᠳᠡᠭᠳᠡᠵᠦ᠂ |
ᠦᠪᠡᠳᠡᠭᠰᠢ ᠶᠡᠭᠡ ᠤᠭᠲᠤᠬᠤ ᠶᠣᠰᠣᠯᠠᠯ ᠥᠪᠡᠷᠲᠡᠭᠡᠨ ᠵᠠᠰᠠᠬᠤ ᠣᠷᠣᠨ ᠤ ᠬᠦᠨᠳᠦ ᠦᠷᠢᠰᠦᠯᠳᠦᠭᠡᠨᠳᠦ ᠪᠡᠶ᠎ᠡ ᠶᠢᠨ |
ᠲᠠᠮᠢᠷ ᠤᠨ ᠲᠥᠪ ᠲᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ |
ᠰᠢᠰᠲ᠋ᠧᠮ ᠤᠨ ᠺᠠᠳ᠋ᠷ ᠠᠵᠢᠯᠲᠠᠨ᠂ ᠲᠠᠮᠢᠷᠴᠢᠨ᠂ ᠳᠠᠰᠬᠠᠯᠵᠢᠭᠤᠯᠤᠭᠴᠢ ᠨᠠᠷ ᠡᠨᠡᠬᠦ ᠭᠡᠷᠡᠯ ᠰᠠᠴᠤᠷᠠᠩᠭᠤᠢ ᠴᠠᠭ |
ᠮᠥᠴᠡ ᠶᠢ ᠬᠠᠮᠲᠤ ᠪᠠᠷ ᠭᠡᠷᠡᠴᠢᠯᠡᠵᠦ᠂ ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠮᠢᠷᠴᠢᠳ ᠲᠤ ᠬᠠᠮᠤᠭ ᠤᠨ |
ᠬᠠᠯᠠᠭᠤᠨ ᠪᠠᠶᠠᠷ ᠬᠦᠷᠭᠡᠵᠡᠢ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ |
ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠢ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ |
ᠲᠣᠪᠴᠢᠶ᠎ᠠ ᠶᠢᠨ ᠳᠠᠷᠤᠭ᠎ᠠ ᠳ᠋ᠦ᠋ ᠪᠥᠸᠧ ᠵᠢᠶᠦ᠋ᠨ᠂ ᠳᠡᠳ᠋ ᠳᠠᠷᠤᠭ᠎ᠠ ᠯᠢ ᡁᠢ ᠶᠢᠦ᠂ ᠯᠢᠦ ᠬᠤ᠋ ᠴᠧᠩ᠂ ᠥᠪᠥᠷ |
ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ |
ᠱᠦᠵᠢ ᠸᠠᠩ ᠦ᠋ ᠶᠣᠰᠣᠯᠠᠯ ᠳᠤ ᠣᠷᠣᠯᠴᠠᠪᠠ᠃ |
|
|
ᠳᠠᠷᠠᠭ᠎ᠠ ᠪᠠᠷ ᠨᠢ ᠶᠠᠪᠤᠭᠳᠠᠭᠰᠠᠨ ᠶᠠᠷᠢᠯᠴᠠᠬᠤ ᠬᠤᠷᠠᠯ ᠳᠡᠭᠡᠷ᠎ᠡ᠂ ᠸᠠᠩ ᠵᠧᠩ ᠢᠦᠢ ᠥᠪᠥᠷ ᠮᠣᠩᠭᠤᠯ ᠤᠨ |
ᠲᠠᠮᠢᠷᠴᠢᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠰᠢᠨ᠎ᠡ ᠰᠢᠪᠲᠤᠯᠤᠯᠲᠠ ᠶᠢ ᠪᠡᠶᠡᠯᠡᠭᠦᠯᠦᠭᠰᠡᠨ ᠳᠤ ᠴᠢᠩ |
ᠰᠡᠳᠬᠢᠯ ᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠲᠠᠮᠢᠷᠴᠢᠳ ᠢ ᠣᠯᠢᠮᠫᠢᠺ ᠤᠨ ᠲᠠᠮᠢᠷ ᠤᠨ ᠴᠤᠭᠯᠠᠭᠠᠨ ᠳᠤ |
ᠤᠷᠤᠯᠴᠠᠭᠰᠠᠨ ᠲᠠᠮᠢᠷᠴᠢᠳ ᠠᠴᠠ ᠰᠤᠷᠤᠯᠴᠠᠵᠥ᠂ ᠣᠯᠢᠮᠫᠢᠺ ᠤᠨ ᠵᠣᠷᠢᠭ ᠰᠠᠨᠠᠭ᠎ᠠ᠂ ᠳᠤᠮᠳᠠᠳᠤ ᠶᠢᠨ ᠪᠡᠶ᠎ᠡ ᠶᠢᠨ |
ᠲᠠᠮᠢᠷ ᠤᠨ ᠵᠣᠷᠢᠭ ᠰᠠᠨᠠᠭ᠎ᠠ ᠪᠣᠯᠣᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠷᠭᠦᠯᠵᠢᠯᠡᠨ |
ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ︽ᠰᠢᠨ᠎ᠡ |
ᠵᠠᠮ ᠢᠶᠠᠷ ᠵᠠᠮᠨᠠᠵᠤ᠂ ᠳᠤᠮᠳᠠᠳᠤ ᠶᠢᠨ ᠤᠷᠤᠰᠬᠠᠯ ᠢᠶᠠᠷ ᠤᠷᠤᠭᠰᠢᠯᠠᠬᠤ︾ᠬᠠᠷᠠᠯᠲᠠ ᠪᠠᠨ ᠲᠣᠭᠲᠠᠭᠠᠵᠤ᠂ ᠡᠬᠡ |
ᠤᠯᠤᠰ ᠲᠠᠭᠠᠨ ᠥᠩᠭᠡ ᠭᠡᠷᠡᠯ ᠨᠡᠮᠡᠷᠢᠯᠡᠵᠦ᠂ ᠦᠨᠳᠦᠰᠦᠲᠡᠨ ᠳᠡᠭᠡᠨ ᠣᠮᠤᠭ ᠰᠦᠷ ᠨᠡᠮᠡᠷᠢᠯᠡᠵᠦ᠂ ᠠᠮᠢᠳᠤᠷᠠᠯ ᠳᠤ ᠪᠠᠨ |
ᠬᠡᠷᠡᠯ ᠭᠢᠯᠪᠠᠭ᠎ᠠ ᠨᠡᠮᠡᠷᠢᠯᠡᠭᠡᠷᠡᠢ ᠭᠡᠵᠦ ᠵᠣᠷᠢᠭᠵᠢᠭᠤᠯᠪᠠ᠃ ᠳ᠋ᠦ᠋ ᠪᠥᠸᠧ ᠵᠢᠶᠦ᠋ᠨ ᠥᠪᠥᠷ ᠮᠣᠩᠭᠤᠯ ᠤᠨ ᠥᠪᠡᠷᠲᠡᠭᠡᠨ |
ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ |
ᠲᠥᠯᠥᠭᠡᠯᠡᠭᠴᠢᠳ ᠤᠨ ᠪᠦᠯᠬᠦᠮ ᠳᠤ ᠢᠯᠡᠭᠡᠭᠰᠡᠨ ᠪᠠᠶᠠᠷ ᠤᠨ ᠴᠠᠬᠢᠯᠭᠠᠨ ᠢ ᠤᠩᠰᠢᠪᠠ᠃ |
|
ᠯᠢ ᠴᠢᠶᠠᠨ᠂ ᠶᠠᠩ ᠯᠢᠦ ᠠᠴᠠ ᠤᠷᠤᠯᠳᠤᠭᠠᠨ ᠳᠤ ᠣᠷᠣᠯᠴᠠᠭᠰᠠᠨ ᠲᠥᠷᠥᠭᠳᠡᠯ ᠢᠶᠠᠨ ᠬᠤᠪᠢᠶᠠᠯᠴᠠᠪᠠ᠃ ᠲᠡᠳᠡ᠄ |
ᠣᠯᠢᠮᠫᠢᠺ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠠᠯᠠᠪᠤᠷ ᠲᠤ ᠰᠢᠨ᠎ᠡ ᠴᠠᠭ ᠦᠶ᠎ᠡ ᠶᠢᠨ ᠳᠤᠮᠳᠠᠳᠤ |
ᠤᠯᠤᠰ ᠤᠨ ᠲᠠᠮᠢᠷᠴᠢᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠦᠷᠢᠰᠦᠯᠳᠦᠭᠡᠨ ᠤ ᠬᠢᠷᠢ ᠲᠦᠪᠰᠢᠨ ᠢ |
ᠬᠠᠷᠠᠭᠤᠯᠤᠭᠰᠠᠨ ᠳᠤ ᠪᠠᠨ ᠲᠤᠶᠢᠯ ᠤᠨ ᠣᠮᠣᠭᠰᠢᠯᠲᠠᠢ ᠪᠥᠭᠡᠳ ᠢᠷᠠᠭᠤ ᠠᠯᠳᠠᠷ ᠲᠠᠢ ᠰᠠᠨᠠᠭᠳᠠᠵᠤ ᠪᠠᠶᠢᠨ᠎ᠠ᠂ |
ᠰᠢᠯᠢᠳᠡᠭ ᠬᠢᠷᠢ ᠪᠦᠲᠦᠮᠵᠢ ᠶᠢ ᠣᠯᠬᠤ ᠳᠤ ᠡᠬᠡ ᠤᠯᠤᠰ ᠤᠨ ᠬᠥᠮᠥᠵᠢᠭᠦᠯᠦᠯ ᠠᠴᠠ ᠰᠠᠯᠵᠤ ᠴᠢᠳᠠᠬᠤ ᠦᠭᠡᠢ᠂ |
ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ |
ᠬᠦᠨᠳᠦ ᠦᠷᠢᠰᠦᠯᠳᠦᠭᠡᠨᠳᠦ ᠪᠡᠶ᠎ᠡ ᠶᠢᠨ ᠲᠠᠮᠢᠷ ᠤᠨ ᠲᠥᠪ ᠤᠨ ᠬᠦᠴᠦᠲᠡᠢ ᠪᠠᠲᠤᠯᠠᠭ᠎ᠠ ᠠᠴᠠ ᠰᠠᠯᠵᠤ ᠴᠢᠳᠠᠬᠤ |
ᠦᠭᠡᠢ᠂ ᠳᠠᠰᠬᠠᠯᠵᠢᠭᠤᠯᠤᠭᠴᠢ ᠶᠢᠨ ᠨᠠᠷᠢᠨ ᠨᠢᠮᠪᠠᠢ ᠵᠢᠭᠠᠨ ᠰᠤᠷᠭᠠᠯᠲᠠ ᠠᠴᠠ ᠰᠠᠯᠵᠤ ᠴᠢᠳᠠᠬᠤ ᠦᠭᠡᠢ᠂ ᠪᠦᠯᠬᠦᠮ |
ᠨᠡᠶᠢᠲᠡ ᠶᠢᠨ ᠬᠠᠮᠲᠤ ᠶᠢᠨ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ᠂ ᠬᠤᠶᠢᠰᠢᠳᠠ ᠦᠷᠭᠦᠯᠵᠢᠯᠡᠨ ᠴᠢᠷᠮᠠᠶᠢᠵᠤ᠂ |
ᠰᠢᠯᠢᠳᠡᠭ ᠬᠢᠷᠢ ᠪᠦᠲᠦᠮᠵᠢ ᠣᠯᠬᠤ ᠪᠠᠷ ᠴᠢᠷᠮᠠᠶᠢᠨ᠎ᠠ ᠭᠡᠪᠡ᠃ ᠥᠪᠥᠷ ᠮᠣᠩᠭᠤᠯ ᠤᠨ ᠨᠢᠳᠤᠷᠭᠠᠨ ᠲᠡᠮᠡᠴᠡᠭᠡᠨ ᠤ |
ᠠᠩᠭᠢ ᠶᠢᠨ ᠶᠡᠷᠦᠩᠬᠡᠢ ᠳᠠᠰᠬᠠᠯᠵᠢᠭᠤᠯᠤᠭᠴᠢ ᠬᠠᠳᠠᠪᠠᠭᠠᠲᠤᠷ ᠶᠠᠷᠢᠶᠠᠨ ᠳᠠᠭᠠᠨ ᠬᠤᠶᠠᠷ ᠲᠠᠮᠢᠷᠴᠢᠨ ᠤ |
ᠣᠯᠢᠮᠫᠢᠺ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠠᠯᠠᠪᠤᠷ ᠲᠤ ᠬᠢ ᠲᠡᠮᠡᠴᠡᠯ ᠤᠨ ᠵᠣᠷᠢᠭ ᠰᠠᠨᠠᠭ᠎ᠠ ᠶᠢ |
ᠮᠠᠭᠲᠠᠨ ᠰᠠᠶᠢᠰᠢᠶᠠᠵᠤ᠂ ᠲᠡᠳᠡᠨ ᠤ ᠰᠢᠨ᠎ᠡ ᠠᠶᠠᠨ ᠵᠠᠮ ᠳᠠᠭᠠᠨ ᠳᠠᠬᠢᠨᠲᠠ ᠮᠣᠷᠳᠠᠵᠤ᠂ ᠨᠠᠩ ᠣᠯᠠᠨ ᠬᠡᠷᠡᠯ |
ᠰᠠᠴᠤᠷᠠᠩᠭᠤᠢ ᠠᠮᠵᠢᠯᠳᠠ ᠪᠠ ᠭᠠᠶᠢᠬᠠᠮᠰᠢᠭ ᠢ ᠡᠭᠦᠳᠦᠨ ᠪᠦᠲᠦᠭᠡᠬᠦ ᠶᠢ ᠢᠷᠦᠭᠡᠪᠡ᠃ |
|
ᠥᠪᠥᠷ ᠮᠣᠩᠭᠤᠯ ᠤᠨ ᠲᠠᠮᠢᠷᠴᠢᠳ ᠣᠯᠢᠮᠫᠢᠺ ᠤᠨ ᠲᠠᠮᠢᠷ ᠤᠨ ᠴᠤᠭᠯᠠᠭᠠᠨ ᠤ ᠰᠢᠪᠲᠤᠯᠤᠯᠲᠠ ᠪᠠᠷ ᠠᠵᠠ |
ᠲᠣᠬᠢᠶᠠᠯ ᠪᠣᠯᠭᠠᠵᠤ᠂ ᠦᠷᠭᠦᠯᠵᠢᠯᠡᠨ ᠢᠯᠠᠯᠲᠠ ᠶᠢᠨ ᠡᠷᠴᠢᠨ ᠳᠡᠭᠡᠷ᠎ᠡ ᠪᠠᠨ ᠴᠢᠷᠮᠠᠶᠢᠨ ᠪᠣᠯᠪᠠᠰᠤᠷᠠᠵᠤ᠂ ᠴᠤᠴᠠᠯᠲᠠ |
ᠦᠭᠡᠢ ᠤᠷᠤᠭᠰᠢᠯᠠᠬᠤ ᠬᠦᠴᠦᠨ ᠴᠢᠳᠠᠯ ᠢᠶᠠᠨ ᠨᠢᠭᠲᠠᠷᠠᠭᠤᠯᠤᠨ᠂ ᠠᠷᠪᠠᠨ ᠲᠠᠪᠤᠳᠤᠭᠠᠷ ᠬᠤᠭᠤᠴᠠᠭᠠᠨ ᠤ ᠪᠥᠬᠦ |
ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠤᠷᠤᠯᠳᠤᠭᠠᠨ ᠳᠤ ᠴᠠᠭ ᠮᠥᠴᠡ ᠶᠢ ᠠᠯᠳᠠᠯ ᠦᠭᠡᠢ ᠪᠠᠷ |
ᠪᠡᠯᠡᠳᠬᠡᠵᠦ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠴᠤᠭ ᠵᠢᠪᠬᠤᠭ᠎ᠠ ᠶᠢ ᠡᠯ᠎ᠡ ᠲᠣᠮᠣ ᠤᠷᠤᠯᠳᠤᠭᠠᠨ ᠤ |
ᠲᠠᠯᠠᠪᠤᠷ ᠲᠤ ᠦᠷᠭᠦᠯᠵᠢᠯᠡᠨ ᠬᠡᠷᠡᠯ ᠭᠢᠯᠪᠠᠭ᠎ᠠ ᠪᠠᠨ ᠰᠠᠴᠤᠷᠠᠭᠤᠯᠬᠤ ᠪᠤᠯᠤᠨ᠎ᠡ᠃ |