8 ᠰᠠᠷ᠎ᠠ ᠶᠢᠨ 18 ᠤ ᠡᠳᠦᠷ᠂ ᠬᠤᠷᠢᠨ ᠲᠠᠪᠤᠳᠤᠭᠠᠷ ᠬᠤᠭᠤᠴᠠᠭᠠᠨ ᠤ ᠵᠢᠷᠢᠮ ᠤᠨ ᠮᠣᠷᠢᠨ ᠤᠷᠤᠯᠳᠤᠭᠠᠨ ᠤ |
ᠨᠠᠶᠢᠷ ᠲᠦᠩᠯᠢᠶᠣᠣ ᠬᠤᠳᠠ ᠶᠢᠨ ᠬᠤᠷᠴᠢᠨ ᠤ ᠨᠠᠭᠠᠳᠤᠮ ᠤᠨ ᠰᠣᠶᠣᠯ ᠪᠡᠶ᠎ᠡ ᠶᠢᠨ ᠲᠠᠮᠢᠷ ᠤᠨ ᠲᠥᠪ ᠲᠤ ᠡᠬᠢᠯᠡᠪᠡ᠃ |
ᠭᠤᠶᠢᠳᠠ ᠰᠠᠶᠢᠬᠠᠨ ᠡᠭᠢᠯᠡᠯᠲᠠ ᠶᠢᠨ ᠶᠣᠰᠣᠯᠠᠯ ᠬᠢᠭᠡᠳ ᠬᠤᠷᠴᠠ ᠰᠢᠷᠦᠭᠦᠨ ᠤᠷᠤᠯᠳᠤᠭᠠᠨ ᠨᠢ 8 ᠲᠦᠮᠡ ᠭᠠᠷᠤᠢ |
ᠬᠤᠲᠠ ᠶᠢᠨ ᠠᠷᠠᠳ ᠪᠠ ᠵᠢᠭᠤᠯᠴᠢᠯᠠᠭᠴᠢᠳ ᠤᠨ ᠤᠷᠮ᠎ᠠ ᠶᠢ ᠬᠥᠭᠵᠢᠭᠡᠨ ᠪᠠᠬ᠎ᠠ ᠶᠢ ᠲᠠᠲᠠᠵᠤ᠂ ᠲᠡᠳᠡᠨᠡᠷ ᠲᠤ |
ᠤᠯᠠᠮᠵᠢᠯᠠᠯᠲᠤ ᠰᠣᠶᠣᠯ ᠤᠨ ᠷᠢᠳᠢ ᠰᠢᠳᠢ ᠵᠢᠴᠢ ᠤᠯᠠᠮᠵᠢᠯᠠᠯᠲᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠤᠷᠳᠤᠴᠠ |
ᠪᠠ ᠣᠷᠭᠢᠯᠤᠮ᠎ᠠ ᠬᠠᠯᠠᠭᠤᠨ ᠰᠡᠳᠬᠢᠯᠭᠡ ᠶᠢ ᠮᠡᠳᠡᠷᠡᠭᠦᠯᠦᠭᠰᠡᠨ ᠪᠠᠶᠢᠨ᠎ᠠ᠃ |
ᠡᠭᠢᠯᠡᠯᠲᠡ ᠶᠢᠨ ᠶᠣᠰᠣᠯᠠᠯ ᠳᠡᠭᠡᠷ᠎ᠡ᠂ ᠡᠯ᠎ᠡ ᠬᠤᠰᠢᠭᠤ ᠰᠢᠶᠠᠨ ᠬᠤᠳᠠ ᠲᠣᠭᠤᠷᠢᠭ ᠤᠨ ᠵᠢᠭᠰᠠᠭᠠᠯ ᠤᠨ ᠠᠩᠭᠢ |
ᠬᠤᠶᠢᠨ᠎ᠠ ᠬᠤᠶᠢᠨ᠎ᠠ ᠠᠴᠠ ᠪᠠᠨ ᠲᠣᠳᠣᠷᠠᠵᠤ᠂ ᠥᠩᠭᠡ ᠮᠢᠷᠠᠯᠵᠠᠭᠰᠠᠨ ᠦᠨᠳᠦᠰᠦᠲᠡᠨ ᠤ ᠬᠤᠪᠴᠠᠰᠤ ᠵᠠᠰᠠᠯ ᠲᠠᠢ |
ᠲᠠᠮᠢᠷᠴᠢᠳ ᠴᠢᠷᠠᠢ ᠳᠠᠭᠠᠨ ᠪᠠᠶᠠᠷ ᠤᠨ ᠡᠳᠦᠷ ᠤᠨ ᠮᠦᠰᠢᠶᠡᠳᠦ ᠲᠣᠳᠣᠷᠠᠭᠤᠯᠤᠨ᠂ ᠲᠡᠷᠢᠭᠦᠯᠡᠭᠴᠢᠳ ᠤᠨ ᠲᠠᠶᠢᠰᠠᠨ ᠤ |
ᠡᠮᠦᠨ᠎ᠡ ᠠᠨᠳᠠᠢ ᠦᠰᠦᠷᠴᠦ᠂ ᠠᠷᠠᠳ ᠤᠨ ᠳᠠᠭᠤᠤ ᠬᠠᠩᠭᠢᠨᠠᠭᠤᠯᠤᠨ᠂ ᠲᠦᠩᠯᠢᠶᠣᠣ ᠶᠢᠨ ᠦᠨᠳᠦᠰᠦᠲᠡᠨ ᠨᠦᠭᠦᠳ ᠤᠨ |
ᠬᠥᠪᠡᠭᠦᠳ ᠥᠬᠢᠳ ᠤᠨ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ |
ᠳᠠᠭᠤᠤ ︽ᠮᠠᠭᠲᠠᠭᠠᠯ ᠳᠠᠭᠤᠤ︾᠂ ᠪᠥᠵᠢᠭ ︽ᠮᠣᠷᠢᠨ ᠤ ᠮᠠᠭᠲᠠᠭᠠᠯ︾ ᠵᠡᠷᠭᠡ ᠭᠤᠶᠢᠳᠠ ᠰᠠᠶᠢᠬᠠᠨ ᠲᠣᠬᠯᠠᠯᠲᠠ ᠨᠢ |
ᠦᠵᠡᠭᠴᠢᠳ ᠲᠤ ᠨᠢᠭᠡ ᠤᠳᠠᠭᠠᠨ ᠤ ᠦᠨᠳᠦᠰᠦᠲᠡᠨ ᠤ ᠰᠣᠶᠣᠯ ᠤᠨ ᠦᠪᠡᠳᠡᠭᠰᠢ ᠳᠠᠶᠢᠯᠠᠯᠭ᠎ᠠ ᠬᠠᠩᠭᠠᠭᠰᠠᠨ |
ᠪᠠᠶᠢᠨ᠎ᠠ᠃ |
ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ︽8·18︾ ᠵᠢᠷᠢᠮ ᠤᠨ ᠮᠣᠷᠢᠨ ᠤᠷᠤᠯᠳᠤᠭᠠᠨ ᠤ ᠨᠠᠶᠢᠷ ᠨᠢ 8 |
ᠰᠠᠷ᠎ᠠ ᠶᠢᠨ 20 ᠤ ᠡᠳᠦᠷ ᠪᠤᠯᠲᠠᠯ᠎ᠠ ᠶᠠᠪᠤᠭᠳᠠᠵᠤ᠂ ᠮᠣᠷᠢ ᠤᠷᠤᠯᠳᠤᠬᠤ᠂ ᠪᠦᠭᠡ ᠪᠠᠷᠢᠯᠳᠤᠬᠤ᠂ ᠰᠤᠷ ᠬᠠᠷᠪᠤᠬᠤ᠂ |
ᠪᠢᠯᠠᠭᠤ ᠰᠢᠳᠡᠬᠦ᠂ ᠮᠣᠩᠭᠤᠯ ᠰᠢᠲᠠᠷ᠎ᠠ᠂ ᠲᠥᠪᠡᠳ ᠪᠦᠭᠡ ᠵᠡᠷᠭᠡ ᠨᠡᠶᠢᠲᠡ 6 ᠶᠡᠭᠡ ᠲᠥᠷᠥᠯ᠂ 25 ᠪᠠᠭ᠎ᠠ |
ᠲᠥᠷᠥᠯ ᠤᠨ ᠤᠷᠤᠯᠳᠤᠭᠠᠨ ᠲᠣᠬᠢᠷᠠᠭᠤᠯᠤᠭᠰᠠᠨ ᠪᠠᠶᠢᠨ᠎ᠠ᠃ ︽8·18︾ ᠵᠢᠷᠢᠮ ᠤᠨ ᠮᠣᠷᠢᠨ ᠤᠷᠤᠯᠳᠤᠭᠠᠨ ᠤ |
ᠨᠠᠶᠢᠷ ᠢ 1995 ᠣᠨ ᠠᠴᠠ ᠡᠬᠢᠯᠡᠨ ᠶᠠᠪᠤᠭᠳᠠᠭᠤᠯᠤᠭᠰᠠᠨ ᠠᠴᠠ ᠨᠠᠭᠠᠰᠢ᠂ ᠨᠢᠭᠡᠨᠲᠡ 24 ᠬᠤᠭᠤᠴᠠᠭ᠎ᠠ |
ᠠᠮᠵᠢᠯᠲᠠ ᠲᠠᠢ ᠡᠷᠭᠢᠯᠡᠨ᠂ ᠤᠯᠠᠮᠵᠢᠯᠠᠯᠲᠤ ᠪᠡᠶ᠎ᠡ ᠶᠢᠨ ᠲᠠᠮᠢᠷ᠂ ᠦᠨᠳᠦᠰᠦᠲᠡᠨ ᠤ ᠰᠣᠶᠣᠯ ᠪᠠ ᠣᠨᠴᠠᠯᠢᠭᠲᠤ |
ᠵᠢᠭᠤᠯᠴᠢᠯᠠᠯ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠰᠣᠶᠣᠯ ᠵᠢᠭᠤᠯᠴᠢᠯᠠᠯ ᠤᠨ ᠦᠪᠡᠳᠡᠭᠰᠢ |
ᠴᠤᠭᠯᠠᠭᠠᠨ ᠪᠣᠯᠵᠤ᠂ ᠬᠤᠷᠢ ᠭᠠᠷᠤᠢ ᠵᠢᠯ ᠤᠨ ᠤᠯᠠᠮᠵᠢᠯᠠᠯ ᠪᠠ ᠰᠢᠨ᠎ᠡ ᠡᠭᠦᠳᠦᠯᠲᠡ ᠪᠠᠷ ᠳᠠᠮᠵᠢᠭᠠᠳ᠂ ᠨᠢᠭᠡᠨᠲᠡ |
︽ᠲᠦᠩᠯᠢᠶᠣᠣ ᠳᠤ ᠵᠤᠭᠠᠯᠠᠶ᠎ᠠ︾ ᠭᠡᠬᠦ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠤᠨ ᠬᠠᠮᠤᠭ ᠤᠨ ᠲᠥᠯᠥᠭᠡᠯᠡᠬᠦ |
ᠴᠢᠨᠠᠷᠲᠠᠢ ᠪᠠᠶᠠᠷ ᠳᠤᠷᠠᠰᠬᠠᠯ ᠤᠨ ᠠᠵᠢᠯᠯᠠᠭ᠎ᠠ ᠪᠣᠯᠵᠤ᠂ ᠬᠤᠷᠴᠢᠨ ᠤ ᠲᠠᠯ᠎ᠠ ᠨᠤᠲᠤᠭ ᠤᠨ ᠭᠤᠶᠤ ᠰᠠᠶᠢᠬᠠᠨ |
ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ᠃ |