8 ᠰᠠᠷ᠎ᠠ ᠶᠢᠨ 30 ᠤ ᠡᠳᠦᠷ᠂ ᠠᠪᠠᠭ᠎ᠠ ᠬᠤᠰᠢᠭᠤᠨ ᠤ ︽ᠠᠵᠠ ᠬᠡᠶᠢᠮᠦᠷᠢᠲᠦ︾ ᠬᠥᠯ ᠪᠥᠮᠪᠦᠭᠡ ᠶᠢᠨ |
ᠨᠡᠶᠢᠭᠡᠮᠯᠢᠭ ᠪᠠᠶᠢᠭᠤᠯᠤᠭᠳᠠᠭᠰᠠᠨ ᠶᠡᠭᠡ ᠬᠤᠷᠠᠯ ᠠᠪᠠᠭ᠎ᠠ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ |
ᠲᠥᠪ ᠲᠤ ᠶᠠᠪᠤᠭᠳᠠᠪᠠ᠃ |
ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ |
ᠬᠤᠰᠢᠭᠤ ᠳᠡᠳ᠋ ᠳᠠᠷᠤᠭ᠎ᠠ ᠭᠧ ᠶᠦᠩ ᠵᠢᠶᠦ᠋ᠨ ᠬᠥᠯ ᠪᠥᠮᠪᠦᠭᠡ ᠶᠢᠨ ᠨᠡᠶᠢᠭᠡᠮᠯᠢᠭ ᠤᠨ ᠪᠠᠶᠢᠭᠤᠯᠤᠭᠳᠠᠭᠰᠠᠨ ᠳᠤ |
ᠪᠠᠶᠠᠷ ᠬᠦᠷᠭᠡᠬᠦ ᠶᠢᠨ ᠬᠠᠮᠲᠤ ᠵᠢᠭᠠᠵᠤ ᠭᠠᠷᠭᠠᠭᠰᠠᠨ ᠨᠢ᠂ ᠬᠥᠯ ᠪᠥᠮᠪᠦᠭᠡ ᠶᠢᠨ ᠨᠡᠶᠢᠭᠡᠮᠯᠢᠭ ᠪᠠᠶᠢᠭᠤᠯᠤᠭᠳᠠᠭᠰᠠᠨ ᠨᠢ |
ᠮᠠᠨ ᠤ ᠬᠤᠰᠢᠭᠤᠨ ᠤ ᠬᠥᠯ ᠪᠥᠮᠪᠦᠭᠡ ᠶᠢᠨ ᠬᠦᠳᠡᠯᠭᠡᠭᠡᠨ ᠤ ᠰᠢᠨ᠎ᠡ ᠬᠠᠭᠤᠳᠠᠰᠤ ᠶᠢ ᠰᠡᠬᠦᠭᠰᠡᠨ ᠢ ᠬᠠᠷᠠᠭᠤᠯᠵᠦ |
ᠪᠠᠶᠢᠨ᠎ᠠ᠃ ᠬᠦᠯ ᠪᠦᠮᠪᠦᠭᠡ ᠶᠢᠨ ᠨᠡᠶᠢᠭᠡᠮᠯᠢᠭ ᠨᠢ ᠵᠣᠬᠢᠶᠠᠨ ᠪᠠᠶᠢᠭᠤᠯᠤᠯᠲᠠ ᠶᠢᠨ ᠲᠠᠭᠠᠭᠤᠯᠤᠭᠴᠢ ᠦᠢᠯᠡᠳᠦᠯ ᠢᠶᠠᠨ |
ᠪᠠᠳᠠᠷᠠᠭᠤᠯᠵᠤ᠂ ᠡᠯ᠎ᠡ ᠲᠥᠷᠥᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠂ ᠬᠥᠯ ᠪᠥᠮᠪᠦᠭᠡ ᠶᠢᠨ |
ᠬᠥᠳᠡᠯᠭᠡᠭᠡᠨ ᠢ ᠨᠠᠩ ᠶᠡᠭᠡ ᠬᠡᠪᠴᠢᠶ᠎ᠡ ᠪᠠᠷ ᠲᠦᠭᠡᠮᠡᠯᠵᠢᠭᠦᠯᠦᠨ ᠳᠡᠯᠭᠡᠷᠡᠭᠦᠯᠬᠦ ᠶᠢᠨ ᠬᠠᠮᠲᠤ ᠬᠥᠯ ᠪᠥᠮᠪᠦᠭᠡ ᠶᠢᠨ |
ᠬᠥᠳᠡᠯᠭᠡᠭᠡᠨ ᠢᠶᠠᠷ ᠵᠢᠯᠣᠭᠤᠳᠣᠯᠭ᠎ᠠ ᠪᠣᠯᠭᠠᠵᠤ᠂ ᠪᠥᠬᠦ ᠬᠤᠰᠢᠭᠤᠨ ᠤ ᠬᠡᠪᠴᠢᠶᠡᠨ ᠳᠤ ︽ᠲᠠᠮᠢᠷ ᠤᠨ ᠬᠥᠳᠡᠯᠭᠡᠭᠡᠨ |
ᠳᠤ ᠪᠠᠭ᠋ᠠᠳᠠᠢ᠂ ᠡᠷᠡᠭᠦᠯ ᠠᠮᠢᠳᠤᠷᠠᠯ ᠢ ᠡᠳ᠋ᠯᠡᠬᠦ︾ ᠠᠮᠢᠳᠤᠷᠠᠯ ᠤᠨ ᠣᠶᠢᠯᠠᠭᠠᠭᠳᠠᠬᠤᠨ ᠢ ᠪᠣᠶ ᠪᠣᠯᠭᠠᠵᠤ᠂ ᠣᠯᠠᠨ |
ᠲᠦᠮᠡᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠠᠷᠠᠳ ᠣᠯᠠᠨ ᠤ ᠡᠷᠡᠭᠦᠯ |
ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠡᠶ᠃ |
ᠬᠤᠷᠠᠯ ᠳᠡᠭᠡᠷ᠎ᠡ ᠠᠷᠠᠳᠴᠢᠯᠠᠭᠰᠠᠨ ᠰᠣᠩᠭᠤᠭᠤᠯᠢ ᠪᠠᠷ ᠳᠠᠮᠵᠢᠨ᠂ ︽ᠠᠵᠠ ᠬᠡᠶᠢᠮᠦᠷᠢᠲᠦ︾ ᠬᠥᠯ |
ᠪᠦᠮᠪᠦᠭᠡ ᠶᠢᠨ ᠨᠡᠶᠢᠭᠡᠮᠯᠢᠭ ᠤᠨ ᠳᠠᠷᠤᠭ᠎ᠠ᠂ ᠨᠡᠶᠢᠭᠡᠮᠯᠢᠭ ᠤᠨ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠶᠢ |
ᠰᠣᠩᠭᠤᠨ ᠭᠠᠷᠭᠠᠪᠠ᠃ ᠡᠶᠢᠨᠬᠦ ᠠᠪᠠᠭ᠎ᠠ ᠬᠤᠰᠢᠭᠤᠨ ᠤ ︽ᠠᠵᠠ ᠬᠡᠶᠢᠮᠦᠷᠢᠲᠦ︾ ᠬᠥᠯ ᠪᠥᠮᠪᠦᠭᠡ ᠶᠢᠨ |
ᠨᠡᠶᠢᠭᠡᠮᠯᠢᠭ ᠨᠢ ᠲᠦᠷᠢᠮ ᠢᠶᠠᠷ ᠲᠦᠰᠢᠭ ᠪᠣᠯᠭᠠᠵᠤ᠂ ᠨᠡᠶᠢᠭᠡᠮᠯᠢᠭ ᠪᠠᠶᠢᠭᠤᠯᠬᠤ ᠪᠠᠷ ᠠᠵᠠ ᠲᠣᠬᠢᠶᠠᠯ ᠪᠣᠯᠭᠠᠨ᠂ ᠬᠥᠯ |
ᠪᠥᠮᠪᠦᠭᠡ ᠶᠢᠨ ᠬᠥᠳᠡᠯᠭᠡᠭᠡᠨ ᠤ ᠡᠬᠢ ᠪᠠᠶᠠᠯᠢᠭ ᠢ ᠭᠦᠢᠴᠡᠳ ᠠᠰᠢᠭᠯᠠᠵᠤ᠂ ᠡᠯ᠎ᠡ ᠲᠥᠷᠥᠯ ᠤᠨ ᠬᠥᠯ ᠪᠥᠮᠪᠦᠭᠡ ᠶᠢᠨ |
ᠪᠣᠯᠪᠠᠰᠤᠷᠠᠯ᠂ ᠤᠷᠤᠯᠳᠤᠭᠠᠨ ᠪᠠ ᠳᠡᠯᠭᠡᠷᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠣᠯᠠᠨ ᠲᠦᠮᠡᠨ ᠤ ᠬᠥᠯ |
ᠪᠥᠮᠪᠦᠭᠡ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠥᠷᠨᠢᠯᠲᠡ ᠶᠢ ᠠᠬᠢᠭᠤᠯᠵᠤ᠂ ᠪᠥᠬᠦ ᠠᠷᠠᠳ ᠤᠨ |
ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠶᠡᠬᠡᠪᠡᠷ ᠠᠬᠢᠭᠤᠯᠬᠤ ᠪᠤᠯᠤᠨ᠎ᠠ᠃ |
ᠬᠤᠰᠢᠭᠤ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠪᠠᠲᠤᠪᠠᠶᠠᠷ᠂ ᠬᠤᠰᠢᠭᠤ ᠰᠣᠶᠣᠯ ᠲᠠᠮᠢᠷ |
ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠳᠠᠷᠤᠭ᠎ᠠ ᠬᠠᠰᠪᠠᠭᠠᠨ᠎ᠠ ᠬᠤᠷᠠᠯ ᠳᠤ ᠣᠷᠣᠯᠴᠠᠵᠤ᠂ ᠬᠥᠯ |
ᠪᠥᠮᠪᠦᠭᠡ ᠶᠢᠨ ᠨᠡᠶᠢᠭᠡᠮᠯᠢᠭ ᠤᠨ ᠬᠤᠶᠢᠰᠢᠳᠠ ᠶᠢᠨ ᠪᠣᠳᠠᠲᠠᠶ ᠠᠵᠢᠯ ᠳᠤ ᠬᠠᠮᠢᠶ᠎ᠠ ᠪᠦᠬᠦᠢ ᠵᠢᠯᠣᠭᠤᠳᠣᠯᠭ᠎ᠠ ᠬᠢᠵᠡᠶ᠃ |