︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠬᠠᠮᠠᠳ |
ᠲᠠᠮᠢᠷᠴᠢᠨ ᠪᠠ ᠠᠬᠠᠮᠠᠳ ᠰᠤᠷᠭᠠᠭᠴᠢ ᠢ ᠬᠠᠯᠠᠮᠵᠢᠯᠠᠨ ᠲᠤᠰᠠᠯᠠᠬᠤ ᠪᠠᠯᠠ ᠮᠥᠩᠭᠦ ᠭᠤᠶᠤᠴᠢᠯᠠᠬᠤ ᠪᠠ ᠤᠯᠭᠤᠬᠤ |
ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠦᠨᠳᠦᠰᠦᠯᠡᠨ᠂ ᠲᠣᠰ ᠬᠥᠮᠦᠨ ᠤ ᠭᠤᠶᠤᠴᠢᠯᠠᠬᠤ᠂ ᠨᠢᠭᠡᠴᠢ ᠠᠴᠠ |
ᠲᠠᠨᠢᠯᠴᠠᠭᠤᠯᠬᠤ᠂ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠲᠤᠰᠬᠠᠶ ᠰᠡᠳᠦᠪᠲᠦ ᠬᠤᠷᠠᠯ ᠢᠶᠠᠷ ᠰᠤᠳᠤᠯᠬᠤ ᠵᠡᠷᠭᠡ |
ᠲᠠᠰ ᠳᠠᠷᠠᠭᠠᠯᠠᠯ ᠢᠶᠠᠷ ᠳᠡᠮᠵᠢᠨ᠂ ᠣᠲᠣ 2024 ᠣᠨ ᠤ ᠲᠤᠰᠠᠯᠠᠮᠵᠢ ᠶᠢᠨ ᠪᠠᠶᠢᠳᠠᠯ ᠢ ᠢᠯᠡ ᠨᠡᠶᠢᠲᠡᠯᠡᠪᠡ᠃ |
ᠨᠢᠭᠡ᠂ ᠲᠤᠰᠠᠯᠠᠨ ᠳᠡᠮᠵᠢᠬᠦ ᠠᠵᠢᠯᠲᠠᠨ ᠵᠢᠴᠢ ᠲᠤᠰᠠᠯᠠᠨ ᠳᠡᠮᠵᠢᠬᠦ ᠪᠡᠯᠡ ᠮᠦᠩᠭᠦ |
1. ᠵᠠᠩ ᠬᠦᠶ ᡁᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠠᠯᠠᠪᠤᠷ |
ᠣᠷᠳᠣᠨ ᠤ ᠦᠢᠯᠡᠴᠢᠯᠡᠭᠡᠨ ᠤ ᠲᠥᠪ ᠤᠨ ᠠᠵᠢᠯ ᠠᠴᠠ ᠪᠠᠨ ᠠᠮᠠᠷᠠᠭᠰᠠᠨ ᠠᠵᠢᠯᠲᠠᠨ ︵ᠤᠤᠯ ᠤᠨ ᠪᠡᠶ᠎ᠡ ᠶᠢᠨ |
ᠲᠠᠮᠢᠷ ᠤᠨ ᠨᠢᠭᠡᠳᠦᠭᠡᠷ ᠶᠡᠭᠡ ᠠᠩᠭᠢ ᠶᠢᠨ ᠲᠠᠮᠢᠷᠴᠢᠨ︶ ᠤᠷᠲᠤ ᠬᠤᠭᠤᠴᠠᠭᠠᠨ ᠤ ᠪᠣᠯᠪᠠᠰᠤᠷᠠᠯ ᠤᠷᠤᠯᠳᠤᠭᠠᠨ ᠠᠴᠠ |
ᠪᠣᠯᠵᠣ ᠭᠤᠷᠪᠠᠨ ᠲᠥᠷᠥᠯ ᠤᠨ ᠲᠠᠮᠢᠷ ᠤᠨ ᠬᠥᠳᠡᠯᠭᠡᠭᠡᠨ ᠤ ᠵᠡᠮᠳᠡᠭ ᠪᠣᠯᠤᠭᠰᠠᠨ ︵ᠬᠡᠰᠡᠭ ᠰᠤᠪᠢᠯᠠᠯᠲᠠ ᠳᠤ |
ᠲᠦᠰᠢᠭᠯᠡᠨ᠎ᠡ︶ ᠭᠤᠶᠤᠴᠢᠯᠠᠬᠤ ᠨᠥᠬᠦᠴᠡᠯ ᠳᠤ ᠨᠡᠶᠢᠴᠡᠭᠰᠡᠨ ᠲᠤᠯᠠ 2 ᠲᠦᠮᠡᠨ ᠲᠥᠭᠦᠷᠢᠭ ᠤᠨ ᠪᠡᠯᠡ ᠮᠦᠩᠭᠦ |
ᠪᠠᠷ ᠲᠤᠰᠠᠯᠠᠬᠤ ᠪᠠᠷ ᠪᠤᠢ᠃ |
2. ᠪᠥᠬᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠦᠷᠢᠰᠦᠯᠳᠦᠭᠡᠨᠳᠦ |
ᠤᠷᠤᠯᠳᠤᠭᠠᠨ ᠤ ᠪᠡᠶ᠎ᠡ ᠶᠢᠨ ᠲᠠᠮᠢᠷ ᠤᠨ ᠲᠥᠪ ᠤᠨ ᠠᠵᠢᠯ ᠠᠴᠠ ᠪᠠᠨ ᠠᠮᠠᠷᠠᠭᠰᠠᠨ ᠰᠤᠷᠭᠠᠭᠴᠢ ︵ᠤᠤᠯ ᠤᠨ |
ᠪᠡᠶ᠎ᠡ ᠶᠢᠨ ᠲᠠᠮᠢᠷ ᠤᠨ ᠭᠤᠷᠪᠠᠳᠤᠭᠠᠷ ᠶᠡᠭᠡ ᠠᠩᠭᠢ ᠶᠢᠨ ᠲᠠᠮᠢᠷᠴᠢᠨ︶ ᠬᠦᠨᠳᠦ ᠶᠡᠭᠡ ᠡᠪᠡᠳᠴᠢᠨ ᠡᠮᠭᠡᠭ᠂ |
ᠭᠡᠨᠡᠳᠲᠡ ᠶᠢᠨ ᠬᠡᠷᠡᠭ ᠵᠡᠷᠭᠡ ᠰᠢᠯᠲᠠᠭᠠᠨ ᠠᠴᠠ ᠪᠣᠯᠵᠤ ᠠᠮᠢᠳᠤᠷᠠᠯ ᠨᠢ ᠬᠦᠴᠢᠷᠳᠡᠯ ᠲᠠᠢ ᠪᠤᠯᠤᠭᠰᠠᠨ ᠬᠥᠮᠥᠰ ᠤᠨ |
ᠭᠤᠶᠤᠴᠢᠯᠠᠬᠤ ᠨᠥᠬᠦᠴᠡᠯ ᠳᠤ ᠨᠡᠶᠢᠴᠡᠭᠰᠡᠨ ᠲᠤᠯᠠ 1 ᠲᠦᠮᠡᠨ ᠲᠥᠭᠦᠷᠢᠭ ᠤᠨ ᠪᠡᠯᠡ ᠮᠦᠩᠭᠦ ᠪᠠᠷ ᠲᠤᠰᠠᠯᠠᠬᠤ ᠪᠠᠷ |
ᠪᠤᠢ᠃ |
ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ |
2024 ᠣᠨ ᠤ 9 ᠰᠠᠷ᠎ᠠ ᠶᠢᠨ 14 ᠤ ᠡᠳᠦᠷ ᠠᠴᠠ 9 ᠰᠠᠷ᠎ᠠ ᠶᠢᠨ 23 ᠤ ᠡᠳᠦᠷ |
ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ |
ᠨᠢᠭᠡᠴᠢ ᠪᠤᠶᠤ ᠬᠤᠪᠢ ᠬᠥᠮᠦᠨ ᠨᠢ ᠨᠡᠶᠢᠲᠡᠯᠡᠭᠰᠡᠨ ᠪᠠᠶᠢᠳᠠᠯ ᠳᠤ ᠣᠨᠳᠣᠤ ᠰᠠᠨᠠᠯ ᠲᠠᠢ ᠪᠣᠯ᠂ ᠤᠳᠠᠰᠦ᠂ |
ᠰᠤᠷᠪᠤᠯᠵᠢᠯᠠᠭ᠎ᠠ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ |
ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠵᠤ ᠪᠠᠢᠭ᠎ᠠ |
ᠠᠰᠠᠭᠤᠳᠠᠯ ᠳᠠᠭᠠᠨ ᠪᠠᠶᠢᠴᠠᠭᠠᠵᠦ ᠪᠣᠯᠬᠤ ᠭᠡᠷᠡᠴᠢ ᠪᠠ ᠬᠤᠯᠪᠣᠭᠳᠠᠯ ᠪᠦᠬᠦᠢ ᠪᠤᠰᠤᠳ ᠮᠠᠲ᠋ᠧᠷᠢᠶᠠᠯ ᠢ ᠬᠠᠩᠭᠠᠨ᠎ᠠ᠃ |
ᠬᠦᠯᠢᠶᠡᠨ ᠠᠪᠴᠤ ᠰᠢᠢᠳᠪᠦᠷᠢᠯᠡᠬᠦ ᠴᠠᠭ᠄ ᠦᠳᠡ ᠶᠢᠨ ᠡᠮᠦᠨ᠎ᠡ 9᠄ 00 - 12᠄ 00 ᠦᠳᠡ ᠶᠢᠨ |
ᠬᠤᠶᠢᠨ᠎ᠠ 14᠄ 30 - 17᠄ 30 |
ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0471 - 6396117 |
|
ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ |
ᠪᠡᠶ᠎ᠡ ᠶᠢᠨ ᠲᠠᠮᠢᠷ ᠤᠨ ᠲᠤᠪᠴᠢᠶ᠎ᠠ |
2024 ᠣᠨ ᠤ 9 ᠰᠠᠷ᠎ᠠ ᠶᠢᠨ 13 ᠤ ᠡᠳᠦᠷ |