ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ |
ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 9 ᠳ᠋ᠦ᠋ᠭᠡᠷ ᠰᠠᠷ᠎ᠠ ᠶᠢᠨ 18 ᠤ ᠡᠳᠦᠷ ᠲᠦᠷᠦ ᠶᠢᠨ |
ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠦᠢᠯᠡᠰ ᠪᠣᠰᠬᠠᠬᠤ ᠪᠡᠯᠡ |
ᠣᠷᠤᠭᠤᠯᠤᠯᠲᠠ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠰᠤᠳᠤᠯᠵᠤ᠂ ᠡᠨᠡ ᠵᠢᠯ ᠤᠨ |
ᠠᠮᠤ ᠪᠤᠳᠠᠭᠠᠨ ᠤ ᠦᠢᠯᠡᠳᠪᠦᠷᠢᠯᠡᠯ ᠤᠨ ᠪᠠᠶᠢᠳᠠᠯ ᠬᠢᠭᠡᠳ ᠲᠠᠷᠢᠶᠠᠯᠠᠩ ᠤᠨ ᠠᠵᠢᠯ ᠤᠨ ᠪᠠᠶᠢᠳᠠᠯ ᠤᠨ ᠬᠠᠷᠢᠭᠤ |
ᠮᠡᠳᠡᠭᠦᠯᠦᠯᠲᠡ ᠶᠢ ᠰᠣᠨᠣᠰᠴᠤ᠂ ︽ᠦᠷᠡᠭᠳᠡᠭᠰᠡᠨ ᠪᠠᠭᠠᠲᠤᠷᠴᠤᠳ ᠢ ᠮᠠᠭᠲᠠᠨ ᠰᠠᠶᠢᠰᠢᠶᠠᠬᠤ ᠲᠦᠷᠢᠮ ︵ᠵᠠᠰᠠᠪᠤᠷᠢ |
ᠣᠷᠣᠭᠤᠯᠤᠭᠰᠠᠨ ᠲᠥᠰᠦᠯ︶︾ ᠪᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠶᠠᠷ ᠬᠡᠷᠡᠭᠯᠡᠭᠡᠨ ᠤ |
ᠪᠠᠷᠠᠭ᠎ᠠ ᠵᠦᠢᠯᠡᠰ ᠢ ᠭᠠᠳᠠᠭᠠᠳᠤ ᠳᠤ ᠭᠠᠷᠭᠠᠬᠤ ᠶᠢ ᠵᠠᠬᠢᠷᠤᠨ ᠬᠠᠮᠢᠶᠠᠷᠬᠤ ᠲᠦᠷᠢᠮ ︵ᠲᠥᠰᠦᠯ︶︾ ᠢ ᠬᠢᠨᠠᠨ ᠵᠥᠪᠯᠡᠵᠦ |
ᠪᠠᠲᠤᠯᠠᠪᠠ᠃ |
ᠬᠤᠷᠠᠯᠳᠤᠭᠠᠨ ᠢᠶᠠᠷ᠂ ᠦᠢᠯᠡᠰ ᠪᠤᠰᠬᠠᠬᠤ ᠪᠡᠯᠡ ᠣᠷᠣᠭᠤᠯᠤᠯᠲᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ |
ᠰᠢᠨ᠎ᠡ ᠡᠭᠦᠳᠦᠯᠲᠡ᠂ ᠠᠵᠤ ᠦᠢᠯᠡᠰ ᠤᠨ ᠲᠡᠰ ᠳᠡᠪᠰᠢᠬᠦ ᠪᠠ ᠴᠢᠨᠠᠷ ᠰᠠᠶᠢᠲᠠᠢ ᠬᠥᠭᠵᠢᠯᠲᠡ ᠲᠠᠢ ᠬᠤᠯᠪᠣᠭᠳᠠᠨ᠎ᠠ᠃ |
︽ᠴᠤᠭᠯᠠᠭᠤᠯᠬᠤ ᠣᠷᠣᠭᠤᠯᠬᠤ ᠬᠠᠮᠢᠶᠠᠷᠬᠤ ᠪᠤᠴᠠᠭᠠᠬᠤ︾ ᠡᠯ᠎ᠡ ᠭᠤᠭᠴᠣᠭᠠᠨ ᠳᠠᠬᠢ ᠲᠦᠭᠵᠢᠷᠡᠯ ᠢ ᠲᠦᠷᠭᠡᠬᠡᠨ |
ᠨᠡᠪᠲᠡᠷᠡᠭᠦᠯᠵᠦ᠂ ᠨᠥᠬᠦᠴᠡᠯ ᠳᠤ ᠨᠡᠶᠢᠴᠡᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ |
ᠠᠬᠤᠶᠢᠯᠠᠯ ᠤᠳ ᠤᠨ ᠬᠢᠯᠢ ᠶᠢᠨ ᠳᠣᠲᠣᠨ᠎ᠠ ᠭᠠᠳᠠᠨᠠᠬᠢ ᠵᠠᠬ᠎ᠠ ᠳᠡᠯᠭᠡᠭᠦᠷ ᠲᠤ ᠭᠠᠷᠬᠤ ᠶᠢ ᠨᠢ ᠳᠡᠮᠵᠢᠵᠦ᠂ ᠰᠲ᠋ᠣᠺ ᠤᠨ ᠡᠷᠬᠡ |
ᠰᠢᠯᠵᠢᠭᠦᠯᠬᠦ᠂ ᠨᠡᠶᠢᠯᠡᠭᠦᠯᠦᠨ ᠬᠤᠳᠠᠯᠳᠤᠵᠤ ᠠᠪᠬᠤ ᠵᠠᠬ᠎ᠠ ᠳᠡᠯᠭᠡᠭᠦᠷ ᠢ ᠶᠡᠭᠡ ᠪᠠᠷ ᠬᠥᠭᠵᠢᠭᠦᠯᠵᠦ᠂ ᠪᠣᠳᠠᠲᠤ ᠶᠠᠭᠤᠮ᠎ᠠ ᠪᠠᠷ |
ᠬᠤᠪᠢᠶᠠᠷᠢᠯᠠᠬᠤ ᠰᠲ᠋ᠣᠺ ᠤᠨ ᠲᠤᠷᠰᠢᠯᠲᠠ ᠶᠢᠨ ᠴᠡᠭ ᠤᠳ ᠢ ᠳᠡᠯᠭᠡᠷᠡᠭᠦᠯᠵᠦ᠂ ᠨᠡᠶᠢᠭᠡᠮ ᠤᠨ ᠬᠦᠷᠦᠩᠭᠡ ᠶᠢ ᠵᠣᠷᠢᠭᠵᠢᠭᠤᠯᠵᠤ |
ᠪᠠᠶᠢᠭᠠᠳ ᠡᠬᠡ ᠰᠠᠭᠤᠷᠢ ᠮᠥᠩᠭᠦ ᠪᠠᠨ ᠵᠠᠬ᠎ᠠ ᠳᠡᠯᠭᠡᠭᠦᠷᠴᠢᠯᠡᠵᠦ ᠨᠡᠶᠢᠯᠡᠭᠦᠯᠦᠨ ᠬᠤᠳᠠᠯᠳᠤᠵᠤ ᠠᠪᠬᠤ ᠪᠤᠶᠤ ᠦᠢᠯᠡᠰ |
ᠪᠣᠰᠬᠠᠬᠤ ᠪᠡᠯᠡ ᠣᠷᠣᠭᠤᠯᠤᠯᠲᠠ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠰᠠᠭᠤᠷᠢ ᠮᠥᠩᠭᠦ ᠶᠢ ᠪᠠᠶᠢᠭᠤᠯᠵᠤ᠂ |
ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠠᠵᠢᠯ ᠲᠦᠷᠦᠯ ᠤᠨ ᠰᠠᠶᠢᠨ ᠣᠷᠴᠢᠯ ᠢ ᠠᠬᠢᠭᠤᠯᠬᠤ ᠬᠡᠷᠡᠭᠲᠡᠢ᠃ |
ᠤᠯᠤᠰ ᠤᠨ ᠥᠮᠴᠢᠯᠡᠯᠲᠦ ᠡᠳ᠋ ᠬᠦᠷᠦᠩᠭᠡ ᠪᠠᠷ ᠭᠠᠷᠭᠠᠬᠤ ᠪᠡᠯᠡ ᠮᠥᠩᠭᠦ ᠶᠢ ᠨᠡᠩ ᠬᠠᠷᠢᠭᠤᠴᠠᠯᠭ᠎ᠠ ᠲᠠᠢ ᠤᠷᠳᠤ |
ᠬᠤᠭᠤᠴᠠᠭᠠᠨ ᠤ ᠬᠦᠷᠦᠩᠭᠡ᠂ ᠬᠦᠯᠢᠴᠡᠩᠭᠦᠢ ᠬᠥᠷᠥᠩᠭᠡ ᠪᠣᠯᠭᠠᠬᠤ ᠶᠢ ᠨᠢ ᠠᠬᠢᠭᠤᠯᠵᠤ᠂ ᠤᠯᠤᠰ ᠤᠨ ᠥᠮᠴᠢᠯᠡᠯᠲᠦ ᠪᠡᠯᠡ |
ᠮᠥᠩᠭᠦ ᠪᠠᠷ ᠪᠡᠯᠡ ᠭᠠᠷᠭᠠᠬᠤ᠂ ᠰᠢᠯᠭᠠᠨ ᠬᠢᠨᠠᠬᠤ᠂ ᠠᠯᠳᠠᠰᠢ ᠶᠢ ᠨᠢ ᠠᠭᠤᠴᠢᠯᠠᠨ ᠪᠠᠭᠲᠠᠭᠠᠬᠤ᠂ ᠪᠤᠴᠠᠭᠠᠨ |
ᠭᠠᠷᠭᠠᠬᠤ ᠯᠤᠭ᠎ᠠ ᠬᠤᠯᠪᠣᠭᠳᠠᠭᠰᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ᠃ ᠦᠢᠯᠡᠰ |
ᠪᠣᠰᠬᠠᠬᠤ ᠪᠡᠯᠡ ᠣᠷᠣᠭᠤᠯᠤᠯᠲᠠ ᠶᠢᠨ ᠡᠷᠡᠭᠦᠯ ᠢᠶᠠᠷ ᠬᠥᠭᠵᠢᠬᠦ ᠳᠦᠷᠢᠮ ᠤᠨ ᠰᠠᠭᠤᠷᠢ ᠶᠢ ᠪᠠᠬᠢᠵᠢᠭᠦᠯᠵᠦ᠂ ᠬᠥᠷᠥᠩᠭᠡ ᠶᠢᠨ |
ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢᠨ ᠭᠤᠣᠯᠳᠠᠯᠭ᠎ᠠ ᠪᠣᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ |
ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠳᠠᠮᠵᠢ ᠶᠢ ᠲᠡᠭᠦᠯᠳᠡᠷᠵᠢᠭᠦᠯᠦᠨ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ |
ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ |
ᠬᠤᠷᠠᠯᠳᠤᠭᠠᠨ ᠢᠶᠠᠷ᠂ ᠥᠨᠥ ᠵᠢᠯ ᠡᠬᠢᠯᠡᠭᠰᠡᠨ ᠠᠴᠠ ᠨᠠᠭᠠᠰᠢ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ |
ᠰᠠᠯᠠᠭ᠎ᠠ ᠮᠥᠴᠢᠷ ᠠᠮᠤ ᠪᠤᠳᠠᠭᠠᠨ ᠤ ᠦᠢᠯᠡᠳᠪᠦᠷᠢᠯᠡᠯ ᠬᠢᠭᠡᠳ ᠲᠠᠷᠢᠶᠠᠯᠠᠩ ᠤᠨ ᠠᠵᠢᠯ ᠢ ᠤᠷᠳᠤ ᠬᠤᠭᠤᠴᠠᠭ᠎ᠠ ᠪᠠᠷ |
ᠰᠠᠶᠢᠲᠤᠷ ᠠᠳᠬᠤᠵᠤ᠂ ᠦᠶᠡᠷ ᠤᠰᠤᠲᠤᠯ ᠤᠨ ᠭᠠᠮᠰᠢᠭ ᠵᠡᠷᠭᠡ ᠠᠰᠢᠭ ᠦᠭᠡᠢ ᠨᠥᠯᠥᠭᠡ ᠶᠢ ᠪᠦᠲᠦᠮᠵᠢᠲᠡᠢ ᠠᠷᠭᠠᠴᠠᠭᠠᠵᠤ᠂ |
ᠵᠣᠨ ᠤ ᠠᠮᠤ ᠪᠤᠳᠠᠭᠠᠨ ᠤ ᠤᠨᠠᠯᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠨᠠᠮᠤᠷ ᠤᠨ ᠠᠮᠤ ᠪᠤᠳᠠᠭ᠎ᠠ ᠡᠯᠪᠡᠭ |
ᠬᠤᠷᠢᠶᠠᠯᠲᠠ ᠣᠯᠣᠮᠠᠷ ᠪᠠᠶᠢᠵᠤ᠂ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠬᠠᠩᠭᠠᠯᠭ᠎ᠠ ᠭᠦᠢᠴᠡᠳ ᠪᠣᠯᠣᠨ᠎ᠠ᠃ |
ᠨᠠᠮᠤᠷ ᠤᠨ ᠭᠠᠵᠠᠷ ᠲᠡᠭᠰᠢᠯᠡᠬᠦ᠂ ᠳᠠᠯᠠᠩᠨᠠᠬᠤ᠂ ᠪᠣᠷᠳᠣᠭᠤᠷ ᠣᠷᠣᠭᠤᠯᠬᠤ ᠠᠵᠢᠯ ᠢ ᠬᠢᠨᠠᠮᠠᠭᠠᠢ ᠵᠣᠬᠢᠶᠠᠨ ᠪᠠᠶᠢᠭᠤᠯᠵᠤ |
ᠰᠠᠶᠢᠲᠤᠷ ᠠᠳᠬᠤᠨ᠂ ᠭᠠᠮᠰᠢᠭ ᠢ ᠬᠢᠨᠠᠨ ᠰᠢᠨᠵᠢᠵᠦ ᠰᠡᠷᠡᠮᠵᠢᠯᠡᠭᠦᠯᠬᠦ ᠪᠠ ᠰᠡᠷᠭᠡᠶᠢᠯᠡᠨ ᠠᠷᠭᠠᠴᠠᠭᠠᠬᠤ ᠶᠢ ᠴᠢᠩᠭᠠᠳᠬᠠᠵᠤ᠂ |
ᠮᠠᠰᠢᠨ ᠢᠶᠠᠷ ᠬᠤᠷᠢᠶᠠᠬᠤ ᠶᠢ ᠵᠣᠬᠢᠶᠠᠨ ᠪᠠᠶᠢᠭᠤᠯᠵᠤ ᠲᠣᠬᠢᠷᠠᠭᠤᠯᠬᠤ ᠠᠵᠢᠯ ᠢᠶᠠᠨ ᠰᠠᠶᠢᠲᠤᠷ ᠬᠢᠵᠦ᠂ ᠨᠠᠮᠤᠷ ᠤᠨ ᠠᠮᠤ |
ᠪᠤᠳᠠᠭᠠᠨ ᠤ ᠡᠯᠪᠡᠭ ᠬᠤᠷᠢᠶᠠᠯᠲᠠ ᠶᠢ ᠦᠨᠡᠨ ᠬᠦ ᠪᠠᠲᠤᠯᠠᠬᠤ ᠬᠡᠷᠡᠭᠲᠡᠶ᠃ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ |
ᠲᠥᠷᠥ ᠶᠢᠨ ᠪᠣᠳᠣᠯᠭ᠎ᠠ ᠶᠢᠨ ᠪᠡᠯᠡᠳᠬᠡᠯ ᠲᠥᠰᠦᠯ ᠢ ᠡᠷᠲᠡᠬᠡᠨ ᠰᠤᠳᠤᠯᠤᠨ ᠲᠣᠭᠲᠠᠭᠠᠵᠤ᠂ ᠰᠢᠨ᠎ᠡ ᠣᠨ ᠤ ᠪᠤᠭᠤᠳᠠᠶ |
ᠬᠤᠳᠠᠯᠳᠤᠨ ᠠᠪᠬᠤ ᠬᠠᠮᠤᠭ ᠤᠨ ᠳᠣᠣᠷ᠎ᠠ ᠦᠨ᠎ᠡ ᠶᠢ ᠲᠦᠷᠭᠡᠬᠡᠨ ᠨᠡᠶᠢᠲᠡᠯᠡᠵᠦ᠂ ᠰᠢᠷ᠎ᠠ ᠪᠤᠷᠴᠠᠭ ᠡᠳ᠋ᠰᠢᠭᠦᠯᠬᠦ ᠶᠢᠨ ᠱᠠᠩᠨᠠᠨ |
ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ |
ᠰᠠᠶᠢᠲᠤᠷ ᠪᠠᠲᠤᠯᠠᠬᠤ ᠬᠡᠷᠡᠭᠲᠡᠶ᠃ ᠦᠬᠡᠷ ᠬᠤᠨᠢ ᠲᠡᠵᠢᠭᠡᠨ ᠦᠷᠡᠵᠢᠭᠦᠯᠬᠦ ᠵᠡᠷᠭᠡ ᠶᠢ ᠳᠡᠮᠵᠢᠬᠦ ᠡᠷᠴᠢᠮ ᠢᠶᠠᠨ |
ᠴᠢᠩᠭᠠᠷᠠᠭᠤᠯᠵᠤ᠂ ᠬᠦᠴᠢᠷᠳᠡᠯ ᠢ ᠨᠢ ᠲᠠᠶᠢᠯᠬᠤ ᠨᠢᠭᠡ ᠪᠦᠯᠦᠭ ᠲᠥᠷᠥ ᠶᠢᠨ ᠪᠣᠳᠣᠯᠭ᠎ᠠ ᠶᠢ ᠰᠢᠮᠳᠠᠭᠤᠯᠤᠨ ᠬᠡᠷᠡᠭᠵᠢᠭᠦᠯᠵᠦ᠂ |
ᠲᠡᠵᠢᠭᠡᠨ ᠦᠷᠡᠵᠢᠭᠦᠯᠬᠦ ᠡᠷᠦᠬᠡ ᠨᠦᠭᠦᠳ ᠤᠨ ᠬᠦᠴᠢᠷ ᠢ ᠲᠤᠭᠤᠯᠬᠤ ᠳᠤ ᠨᠢ ᠬᠠᠪᠰᠤᠷᠤᠯᠭ᠎ᠠ ᠦᠵᠡᠭᠦᠯᠬᠦ ᠬᠡᠷᠡᠭᠲᠡᠶ ᠭᠡᠵᠦ |
ᠵᠢᠭᠠᠵᠤ ᠭᠠᠷᠭᠠᠪᠠ᠃ |
ᠬᠤᠷᠠᠯᠳᠤᠭᠠᠨ ᠢᠶᠠᠷ ︽ᠦᠷᠡᠭᠳᠡᠭᠰᠡᠨ ᠪᠠᠭᠠᠲᠤᠷᠴᠤᠳ ᠢ ᠮᠠᠭᠲᠠᠨ ᠰᠠᠶᠢᠰᠢᠶᠠᠬᠤ ᠳᠦᠷᠢᠮ ︵ᠵᠠᠰᠠᠪᠤᠷᠢ |
ᠣᠷᠣᠭᠤᠯᠤᠭᠰᠠᠨ ᠲᠥᠰᠦᠯ︶︾ ᠢ ᠬᠢᠨᠠᠨ ᠵᠥᠪᠯᠡᠵᠦ ᠪᠠᠲᠤᠯᠠᠭᠠᠳ ᠦᠷᠡᠭᠳᠡᠭᠰᠡᠨ ᠪᠠᠭᠠᠲᠤᠷᠴᠤᠳ ᠢ ᠮᠠᠭᠲᠠᠨ |
ᠰᠠᠶᠢᠰᠢᠶᠠᠬᠤ ᠪᠠᠨ ᠴᠢᠩᠭᠠᠳᠬᠠᠬᠤ ᠨᠢ ᠨᠠᠮ ᠪᠣᠯᠤᠨ ᠤᠯᠤᠰ ᠠᠴᠠ ᠪᠠᠭᠠᠲᠤᠷᠴᠤᠳ ᠢ ᠳᠤᠷᠠᠰᠤᠨ ᠰᠠᠨᠠᠭᠠᠯᠵᠠᠬᠤ ᠪᠠ |
ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠢ ᠬᠠᠶᠢᠷᠠᠯᠠᠨ ᠬᠠᠯᠠᠮᠵᠢᠯᠠᠵᠤ ᠪᠠᠶᠢᠬᠤ ᠪᠠᠨ ᠢᠯᠡᠷᠡᠭᠦᠯᠵᠦ ᠪᠠᠶᠢᠨ᠎ᠠ᠃ |
ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠳᠤ ᠦᠢᠯᠡᠴᠢᠯᠡᠭᠡ ᠪᠠᠲᠤᠯᠠᠭ᠎ᠠ ᠶᠢ ᠰᠠᠶᠢᠲᠤᠷ ᠬᠢᠵᠦ᠂ |
ᠠᠮᠢᠳᠤᠷᠠᠯ ᠤᠨ ᠲᠠᠯ᠎ᠠ ᠪᠠᠷ᠂ ᠠᠵᠢᠯ ᠤᠨ ᠲᠠᠯ᠎ᠠ ᠪᠠᠷ ᠨᠡᠩ ᠢᠯᠡᠭᠦᠦ ᠠᠩᠬᠠᠷᠤᠨ ᠬᠠᠯᠠᠮᠵᠢᠯᠠᠵᠤ᠂ ᠪᠣᠳᠠᠲᠠᠢ ᠬᠦᠴᠢᠷᠳᠡᠯ ᠢ ᠨᠢ |
ᠬᠠᠪᠰᠤᠷᠤᠨ ᠰᠢᠢᠳᠪᠦᠷᠢᠯᠡᠬᠦ ᠬᠡᠷᠡᠭᠲᠡᠢ᠃ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠪᠡᠯᠡᠳᠬᠡᠮᠵᠢ ᠶᠢᠨ |
ᠬᠠᠮᠠᠭᠠᠯᠠᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠬᠤᠪᠢᠰᠬᠠᠯ ᠤᠨ ᠬᠤᠪᠣᠷ ᠨᠠᠨᠳᠢᠨ ᠡᠬᠢ ᠪᠠᠶᠠᠯᠢᠭ ᠤᠳ ᠢ ᠰᠠᠶᠢᠲᠤᠷ |
ᠠᠰᠢᠭᠯᠠᠵᠤ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠳᠠᠶᠠᠭᠠᠷ ᠲᠤ ᠪᠠᠭᠠᠲᠤᠷᠴᠤᠳ ᠢ |
ᠬᠦᠨᠳᠦᠳᠬᠡᠬᠦ᠂ ᠡᠷᠡᠯᠬᠡᠭᠯᠡᠨ ᠲᠡᠮᠡᠴᠡᠵᠦ ᠬᠤᠪᠢ ᠨᠡᠮᠡᠷᠢ ᠦᠵᠡᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ |
ᠬᠡᠷᠡᠭᠲᠡᠢ ᠭᠡᠵᠦ ᠵᠢᠭᠠᠵᠤ ᠭᠠᠷᠭᠠᠪᠠ᠃ |
ᠬᠤᠷᠠᠯᠳᠤᠭᠠᠨ ᠢᠶᠠᠷ ︽ᠪᠦᠭᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠬᠤᠶᠠᠷ ᠬᠡᠷᠡᠭᠯᠡᠭᠡᠨ ᠤ ᠪᠠᠷᠠᠭ᠎ᠠ |
ᠵᠦᠢᠯᠡᠰ ᠢ ᠭᠠᠲᠠᠭᠠᠲᠤ ᠳᠤ ᠭᠠᠷᠭᠠᠬᠤ ᠶᠢ ᠵᠠᠬᠢᠷᠤᠨ ᠬᠠᠮᠢᠶᠠᠷᠬᠤ ᠲᠦᠷᠢᠮ ︵ᠲᠦᠰᠦᠯ︶︾ ᠢ ᠬᠢᠨᠠᠨ ᠵᠦᠪᠯᠡᠵᠦ |
ᠪᠠᠲᠤᠯᠠᠪᠠ᠃ |
ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ |