— ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ |
ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠭᠤᠣᠯ ᠵᠣᠷᠢᠯᠲᠠᠲᠤ ᠶᠠᠷᠢᠶ᠎ᠠ |
︵2024 ᠣᠨ ᠤ 9 ᠰᠠᠷ᠎ᠠ ᠶᠢᠨ 5 ᠤ ᠡᠳᠦᠷ ᠪᠡᠭᠡᠵᠢᠩ ᠳᠤ︶ |
ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ |
|
ᠬᠦᠨᠳᠦᠲᠦ ᠶᠡᠷᠦᠩᠬᠡᠶᠢᠯᠡᠭᠴᠢ ᠹᠠᠶᠧ᠂ |
ᠬᠦᠨᠳᠦᠲᠦ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ᠵᠢᠵᠢᠭᠦᠷ ᠲᠡᠷᠢᠭᠦᠯᠡᠭᠴᠢ ᠶᠡᠷᠦᠩᠬᠡᠶᠢᠯᠡᠭᠴᠢ ᠵᠢᠶᠠᠽᠸᠠᠨᠢ᠂ |
ᠬᠦᠨᠳᠦᠲᠦ ᠡᠯ᠎ᠡ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠦᠷᠦᠭᠦᠴᠦᠳ᠂ ᠲᠥᠯᠥᠭᠡᠯᠡᠭᠴᠢᠳ ᠤᠨ ᠪᠦᠯᠬᠦᠮ ᠤᠨ |
ᠳᠠᠷᠤᠭ᠎ᠠ ᠨᠠᠷ᠂ |
ᠬᠦᠨᠳᠦᠲᠦ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠧᠶᠢᠰ ᠠᠪᠤᠭᠠᠢ᠂ |
ᠬᠦᠨᠳᠦᠲᠦ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ᠵᠥᠪᠯᠡᠯ ᠤᠨ ᠲᠡᠷᠢᠭᠦᠯᠡᠭᠴᠢ ᠹᠠᠵᠢ ᠠᠪᠤᠭᠠᠢ᠂ |
ᠨᠠᠶᠢᠵᠠ ᠨᠠᠷ ᠠ᠋᠂ ᠡᠷᠬᠢᠮ ᠵᠣᠴᠢᠳ ᠠ᠋᠄ |
ᠴᠡᠴᠡᠭ ᠳᠡᠯᠭᠡᠷᠡᠨ ᠦᠷ᠎ᠡ ᠰᠠᠭᠤᠵᠤ᠂ ᠠᠯᠢᠪᠠ ᠪᠥᠬᠦᠨ ᠡᠯᠪᠡᠭ ᠳᠡᠯᠪᠡᠭ᠃ ᠡᠨᠡ ᠬᠦ ᠡᠯᠪᠡᠭ ᠬᠤᠷᠢᠶᠠᠯᠲᠠ ᠶᠢᠨ |
ᠤᠯᠠᠷᠢᠯ ᠳᠤ ᠰᠢᠨ᠎ᠡ ᠬᠠᠭᠤᠴᠢᠨ ᠨᠠᠶᠢᠵᠠ ᠨᠠᠷ ᠲᠠᠢ ᠪᠠᠨ ᠪᠡᠭᠡᠵᠢᠩ ᠳᠤ ᠴᠤᠭᠯᠠᠷᠠᠵᠤ᠂ ᠰᠢᠨ᠎ᠡ ᠴᠠᠭ ᠦᠶ᠎ᠡ ᠶᠢᠨ ᠳᠤᠮᠳᠠᠳᠤ |
ᠠᠹᠷᠢᠺᠠ ᠶᠢᠨ ᠨᠥᠬᠦᠷᠰᠡᠭ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠬᠦ ᠪᠣᠯᠣᠭᠰᠠᠨ ᠳᠠᠭᠠᠨ ᠮᠠᠰᠢ |
ᠪᠠᠶᠠᠷ ᠲᠠᠢ ᠪᠠᠶᠢᠨ᠎ᠠ᠃ ᠡᠩ ᠲᠡᠷᠢᠭᠦᠨ ᠳᠤ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ |
ᠤᠯᠤᠰ ᠤᠨ ᠠᠷᠠᠳ ᠲᠦᠮᠡᠨ ᠤ ᠡᠮᠦᠨ᠎ᠡ ᠠᠴᠠ ᠲᠠ ᠣᠯᠠᠨ ᠤ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ |
ᠪᠠᠶᠢᠬᠤ ᠪᠠᠨ ᠢᠯᠡᠳᠬᠡᠶ᠎ᠡ︕ |
ᠳᠤᠮᠳᠠᠳᠤ ᠠᠹᠷᠢᠺᠠ ᠶᠢᠨ ᠨᠥᠬᠦᠷᠯᠡᠯ ᠴᠠᠭ ᠣᠷᠣᠨ ᠵᠠᠢ ᠶᠢ ᠠᠯᠤᠰᠯᠠᠨ᠂ ᠠᠭᠤᠯᠠ ᠳᠠᠯᠠᠢ ᠶᠢ ᠳᠠᠪᠠᠵᠤ᠂ ᠦᠶ᠎ᠡ ᠶᠢᠨ |
ᠦᠶ᠎ᠡ ᠳᠤ ᠤᠯᠠᠮᠵᠢᠯᠠᠭᠳᠠᠨ᠎ᠠ᠃ 2000 ᠣᠨ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ |
ᠪᠠᠶᠢᠭᠤᠯᠤᠭᠳᠠᠭᠰᠠᠨ ᠨᠢ ᠳᠤᠮᠳᠠᠳᠤ ᠠᠹᠷᠢᠺᠠ ᠶᠢᠨ ᠬᠠᠷᠢᠯᠴᠠᠭᠠᠨ ᠤ ᠲᠡᠦᠬᠡᠨ ᠳᠡᠭᠡᠷ᠎ᠡ ᠴᠢᠬᠤᠯᠠ ᠬᠥᠰᠢᠶ᠎ᠡ ᠳᠤᠷᠠᠰᠬᠠᠯ ᠤᠨ |
ᠠᠴᠢ ᠬᠤᠯᠪᠣᠭᠳᠠᠯ ᠲᠠᠢ ᠶᠤᠮ᠃ 24 ᠵᠢᠯ ᠤᠨ ᠲᠤᠷᠰᠢ ᠢᠯᠠᠩᠭᠤᠶ᠎ᠠ ᠰᠢᠨ᠎ᠡ ᠴᠠᠭ ᠦᠶ᠎ᠡ ᠶᠢᠨ ᠠᠴᠠ ᠨᠠᠭᠠᠰᠢ ᠳᠤᠮᠳᠠᠳᠤ |
ᠤᠯᠤᠰ ᠠᠹᠷᠢᠺᠠ ᠲᠢᠪ ᠤᠨ ᠠᠬ᠎ᠠ ᠡᠭᠡᠴᠢ ᠳᠡᠭᠦᠦ ᠨᠠᠷ ᠲᠠᠢ ᠦᠨᠡᠨ ᠪᠣᠳᠠᠲᠠᠢ ᠳᠣᠲᠣᠨᠣ ᠦᠨᠡᠨᠴᠢ ᠪᠠᠶᠢᠬᠤ |
ᠣᠶᠢᠯᠠᠭᠠᠭᠳᠠᠬᠤᠨ ᠢᠶᠠᠷ ᠭᠠᠷ ᠬᠤᠯᠪᠣᠨ ᠤᠷᠤᠭᠰᠢᠯᠠᠪᠠ᠃ ᠪᠢᠳᠡ ᠳᠡᠯᠡᠬᠡᠢ ᠶᠢᠨ ᠵᠠᠭᠤᠨ ᠵᠢᠯ ᠤᠨ ᠬᠤᠪᠢᠰᠤᠯᠲᠠ ᠶᠢᠨ |
ᠳᠤᠮᠳᠠ ᠮᠥᠷᠥ ᠵᠡᠷᠭᠡᠴᠡᠨ ᠭᠠᠷ ᠭᠠᠷ ᠢᠶᠠᠨ ᠬᠤᠯᠪᠣᠵᠤ᠂ ᠵᠦᠢ ᠶᠣᠰᠣᠨ ᠤ ᠡᠷᠬᠡ ᠠᠰᠢᠭ ᠢᠶᠠᠨ ᠬᠠᠷᠢᠯᠴᠠᠨ ᠡᠷᠡᠰ |
ᠬᠠᠮᠠᠭᠠᠯᠠᠪᠠ︔ ᠪᠢᠳᠡ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ ᠤᠷᠤᠰᠬᠠᠯ ᠳᠤᠮᠳᠠ ᠶᠠᠰᠤ ᠰᠢᠷᠪᠦᠰᠦ ᠪᠠᠨ |
ᠬᠠᠲᠠᠭᠤᠵᠢᠭᠤᠯᠵᠤ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠵᠤ᠂ ᠡᠯᠪᠡᠭ ᠪᠠᠶᠠᠯᠢᠭ ᠦᠷ᠎ᠡ ᠪᠦᠲᠦᠭᠡᠯ ᠢᠶᠠᠷ ᠳᠤᠮᠳᠠᠳᠤ |
ᠠᠹᠷᠢᠺᠠ ᠶᠢᠨ ᠲᠦᠭ ᠲᠦᠮᠡᠨ ᠠᠷᠠᠳ ᠲᠦᠮᠡᠨ ᠳᠤ ᠠᠰᠢᠭ ᠬᠦᠷᠲᠡᠭᠡᠪᠡ︔ ᠪᠢᠳᠡ ᠶᠡᠭᠡ ᠭᠠᠮᠰᠢᠭ ᠶᠡᠭᠡ ᠬᠢᠵᠢᠭ ᠤᠨ |
ᠡᠮᠦᠨ᠎ᠡ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠠᠮᠲᠤ ᠪᠠᠷ ᠲᠡᠮᠡᠴᠡᠵᠦ᠂ ᠳᠤᠮᠳᠠᠳᠤ ᠠᠹᠷᠢᠺᠠ ᠶᠢᠨ ᠨᠥᠬᠦᠷᠯᠡᠯ ᠤᠨ |
ᠰᠡᠳᠬᠢᠯ ᠬᠥᠳᠡᠯᠭᠡᠮ᠎ᠡ ᠦᠯᠢᠭᠡᠷ ᠤᠳ ᠢ ᠪᠢᠴᠢᠭᠯᠡᠪᠡ︔ ᠪᠢᠳᠡ ᠢᠮᠠᠭᠲᠠ ᠬᠠᠷᠢᠯᠴᠠᠨ ᠣᠶᠢᠯᠠᠭᠠᠯᠴᠠᠵᠤ᠂ ᠬᠠᠷᠢᠯᠴᠠᠨ |
ᠳᠡᠮᠵᠢᠵᠦ᠂ ᠰᠢᠨ᠎ᠡ ᠬᠡᠯᠪᠡᠷᠢ ᠶᠢᠨ ᠣᠯᠠᠨ ᠤᠯᠤᠰ ᠤᠨ ᠬᠠᠷᠢᠯᠴᠠᠭᠠᠨ ᠤ ᠬᠡᠪ ᠳᠠᠭᠤᠷᠢᠶᠠᠯ ᠢ ᠪᠣᠢ ᠪᠣᠯᠭᠠᠪᠠ᠃ |
70 ᠰᠢᠬᠠᠮ ᠵᠢᠯ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠨ ᠳᠤᠮᠳᠠᠳᠤ ᠠᠹᠷᠢᠺᠠ ᠶᠢᠨ ᠬᠠᠷᠢᠯᠴᠠᠭ᠎ᠠ |
ᠲᠡᠦᠬᠡ ᠶᠢᠨ ᠬᠠᠮᠤᠭ ᠤᠨ ᠰᠠᠶᠢᠬᠠᠨ ᠴᠠᠭ ᠦᠶ᠎ᠡ ᠳᠡᠭᠡᠨ ᠬᠦᠷᠴᠦ ᠢᠷᠡᠯ᠎ᠡ᠃ ᠢᠷᠡᠭᠡᠳᠦᠢ ᠳᠤ ᠬᠠᠨᠳᠤᠵᠤ ᠪᠢ ᠳᠤᠮᠳᠠᠳᠤ |
ᠤᠯᠤᠰ ᠪᠣᠯᠣᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ ᠪᠦᠬᠦ᠋ᠢᠯᠡ ᠤᠯᠤᠰ ᠯᠤᠭ᠎ᠠ ᠶᠢᠨ ᠬᠤᠶᠠᠷ |
ᠲᠠᠯ᠎ᠠ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠷᠢᠯᠴᠠᠭᠠᠨ ᠤ ᠲᠦᠪᠰᠢᠨ ᠳᠤ ᠬᠦᠷᠲᠡᠯ᠎ᠡ ᠳᠡᠭᠡᠭᠰᠢᠯᠡᠭᠦᠯᠵᠦ᠂ |
ᠳᠤᠮᠳᠠᠳᠤ ᠠᠹᠷᠢᠺᠠ ᠶᠢᠨ ᠬᠠᠷᠢᠯᠴᠠᠭᠠᠨ ᠤ ᠪᠦᠬᠦᠯᠢ ᠴᠣᠭᠴᠠ ᠶᠢᠨ ᠪᠠᠶᠢᠷᠢ ᠲᠣᠭᠲᠠᠭᠠᠯᠲᠠ ᠶᠢ ᠰᠢᠨ᠎ᠡ ᠴᠠᠭ ᠦᠶ᠎ᠡ ᠶᠢᠨ ᠴᠠᠭ |
ᠮᠥᠴᠡ ᠪᠥᠬᠦᠨ ᠤ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠳᠤ ᠬᠦᠷᠲᠡᠯ᠎ᠡ ᠳᠡᠭᠡᠭᠰᠢᠯᠡᠭᠦᠯᠬᠦ ᠶᠢ |
ᠰᠠᠨᠠᠭᠠᠴᠢᠯᠠᠵᠤ ᠪᠠᠶᠢᠨ᠎ᠠ︕ |
ᠨᠠᠶᠢᠵᠠ ᠨᠠᠷ ᠠ᠋᠂ ᠡᠷᠬᠢᠮ ᠵᠣᠴᠢᠳ ᠠ᠋︕ |
ᠣᠳᠣᠬᠢᠴᠢᠯᠠᠯᠲᠠ ᠶᠢ ᠪᠡᠶᠡᠯᠡᠭᠦᠯᠬᠦ ᠪᠣᠯ ᠳᠡᠯᠡᠬᠡᠢ ᠶᠢᠨ ᠡᠯ᠎ᠡ ᠤᠯᠤᠰ ᠤᠨ ᠪᠤᠯᠢᠶᠠᠵᠤ ᠪᠣᠯᠣᠰᠢ ᠦᠭᠡᠢ ᠡᠷᠬᠡ ᠮᠥᠨ᠃ |
ᠥᠷᠥᠨᠡᠳᠠᠬᠢᠨ ᠤ ᠣᠳᠣᠬᠢᠴᠢᠯᠠᠯᠲᠠ ᠶᠢᠨ ᠠᠬᠢᠴᠠ ᠨᠢ ᠥᠷᠭᠡᠨ ᠣᠯᠠᠨ ᠬᠥᠭᠵᠢᠵᠦ ᠪᠠᠶᠢᠭ᠎ᠠ ᠤᠯᠤᠰ ᠲᠤ ᠬᠦᠨᠳᠦ ᠨᠣᠴᠢᠲᠠᠢ |
ᠭᠠᠰᠠᠯᠠᠩ ᠵᠣᠪᠠᠯᠠᠩ ᠢ ᠠᠪᠴᠢᠷᠠᠭᠰᠠᠨ ᠶᠤᠮ᠃ ᠳᠡᠯᠡᠬᠡᠢ ᠶᠢᠨ ᠬᠤᠶᠠᠳᠤᠭᠠᠷ ᠳᠠᠶᠢᠨ ᠳᠠᠭᠤᠰᠤᠭᠰᠠᠨ ᠤ ᠳᠠᠷᠠᠭ᠎ᠠ ᠳᠤᠮᠳᠠᠳᠤ |
ᠤᠯᠤᠰ ᠪᠠ ᠠᠹᠷᠢᠺᠠ ᠲᠢᠪ ᠢᠶᠠᠷ ᠲᠥᠯᠥᠭᠡᠯᠡᠭᠦᠯᠦᠭᠰᠡᠨ ᠭᠤᠷᠪᠠᠳᠤᠭᠠᠷ ᠶᠢᠷᠲᠢᠨᠴᠦ ᠶᠢᠨ ᠤᠯᠤᠰ ᠤᠳ ᠵᠠᠯᠭᠠᠭ᠎ᠠ ᠪᠠᠷ |
ᠲᠤᠰᠠᠭᠠᠷ ᠲᠣᠭᠲᠠᠨᠢᠯ ᠪᠠ ᠬᠥᠭᠵᠢᠯᠲᠡ ᠪᠠᠨ ᠪᠡᠶᠡᠯᠡᠭᠦᠯᠵᠦ᠂ ᠣᠳᠣᠬᠢᠴᠢᠯᠠᠯᠲᠠ ᠶᠢᠨ ᠠᠬᠢᠴᠠ ᠳᠠᠬᠢ ᠲᠡᠦᠬᠡ ᠶᠢᠨ ᠭᠤᠣᠯᠴᠢ |
ᠪᠤᠰᠤ ᠪᠠᠶᠢᠳᠠᠯ ᠢ ᠲᠠᠰᠤᠷᠠᠯᠲᠠ ᠦᠭᠡᠢ ᠵᠠᠯᠠᠷᠠᠭᠤᠯᠪᠠ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠳᠠᠯ ᠦᠭᠡᠢ |
75 ᠵᠢᠯ ᠤᠨ ᠣᠢ ᠪᠠᠨ ᠤᠭᠲᠤᠬᠤ ᠪᠣᠯᠣᠨ᠎ᠠ᠃ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ |
ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ |
ᠡᠷᠡᠰ ᠭᠤᠶᠢᠪᠢᠰᠢ ᠦᠭᠡᠢ ᠪᠥᠬᠦ ᠲᠠᠯ᠎ᠠ ᠪᠠᠷ ᠠᠬᠢᠭᠤᠯᠵᠤ ᠪᠠᠶᠢᠨ᠎ᠠ᠃ ᠠᠹᠷᠢᠺᠠ ᠲᠢᠪ ᠴᠦ ᠰᠢᠨ᠎ᠡ ᠰᠡᠬᠡᠭᠡᠷᠡᠯᠲᠡ ᠶᠢ ᠶᠠᠭ |
ᠥᠩᠭᠡᠷᠡᠭᠡᠵᠦ᠂ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ︽2063 ᠣᠨ ᠤ ᠵᠥᠪᠯᠡᠬᠦ ᠵᠦᠢᠯ︾ ᠳᠤ |
ᠵᠢᠷᠤᠭᠯᠠᠭᠰᠠᠨ ᠣᠳᠣᠬᠢᠴᠢᠯᠠᠯᠲᠠ ᠶᠢᠨ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠵᠤ ᠪᠠᠶᠢᠨ᠎ᠠ᠃ ᠳᠤᠮᠳᠠᠳᠤ |
ᠠᠹᠷᠢᠺᠠ ᠶᠢᠨ ᠬᠢᠨ ᠣᠳᠣᠬᠢᠴᠢᠯᠠᠯᠲᠠ ᠶᠢᠨ ᠬᠦᠰᠡᠯ ᠵᠡᠭᠦᠳᠦ ᠲᠡᠶᠢᠰᠢ ᠬᠠᠮᠲᠤ ᠪᠠᠷ ᠤᠷᠤᠭᠰᠢᠯᠠᠵᠤ ᠪᠠᠶᠢᠭ᠎ᠠ ᠶᠠᠪᠤᠳᠠᠯ ᠨᠢ |
ᠪᠥᠬᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢᠨ ᠬᠠᠯᠠᠭᠤᠨ ᠥᠷᠨᠢᠯᠲᠡ ᠶᠢ ᠪᠣᠢ |
ᠪᠣᠯᠭᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠣ ᠰᠢᠨ᠎ᠡ |
ᠬᠠᠭᠤᠳᠠᠰᠤ ᠶᠢ ᠪᠢᠴᠢᠭᠯᠡᠬᠦ ᠨᠢ ᠯᠠᠪᠲᠠᠢ ᠶᠤᠮ᠃ |
— ᠲᠥᠪ ᠭᠤᠣᠯᠴᠢ ᠵᠦᠢ ᠵᠣᠬᠢᠰᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠤᠯᠤᠰ ᠤᠨ |
ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠣᠳᠣᠬᠢᠴᠢᠯᠠᠯᠲᠠ ᠶᠢᠨ ᠡᠩ ᠤᠨ ᠵᠢᠮ᠎ᠡ ᠶᠣᠰᠣ ᠶᠢ |
ᠵᠢᠷᠤᠮᠯᠠᠬᠤ ᠬᠡᠷᠡᠭᠲᠡᠢ ᠮᠥᠷᠲᠡᠭᠡᠨ ᠲᠣᠰ ᠤᠯᠤᠰ ᠤᠨ ᠢᠶᠠᠨ ᠪᠣᠳᠠᠲᠤ ᠪᠠᠶᠢᠳᠠᠯ ᠲᠠᠢ ᠨᠡᠶᠢᠴᠡᠭᠦᠯᠬᠦ ᠬᠡᠷᠡᠭᠲᠡᠢ᠃ ᠳᠤᠮᠳᠠᠳᠤ |
ᠤᠯᠤᠰ ᠳᠤᠷᠠᠲᠠᠶ᠎ᠠ ᠠᠹᠷᠢᠺᠠ ᠯᠤᠭ᠎ᠠ ᠲᠥᠷᠥ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠶᠢᠨ ᠰᠣᠯᠢᠯᠴᠠᠭ᠎ᠠ ᠪᠠᠨ |
ᠴᠢᠩᠭᠠᠳᠬᠠᠵᠤ᠂ ᠡᠯ᠎ᠡ ᠤᠯᠤᠰ ᠤᠨ ᠬᠢᠨ ᠲᠣᠰ ᠤᠯᠤᠰ ᠤᠨ ᠢᠶᠠᠨ ᠪᠠᠶᠢᠳᠠᠯ ᠳᠤ ᠵᠣᠬᠢᠴᠠᠬᠤ ᠣᠳᠣᠬᠢᠴᠢᠯᠠᠯᠲᠠ ᠶᠢᠨ ᠵᠠᠮ ᠢ |
ᠰᠦᠪᠡᠭᠴᠢᠯᠡᠬᠦ ᠶᠢ ᠳᠡᠮᠵᠢᠵᠦ᠂ ᠡᠯ᠎ᠡ ᠤᠯᠤᠰ ᠤᠨ ᠡᠷᠬᠡ ᠠᠰᠢᠭ ᠨᠢ ᠲᠥᠪ ᠭᠤᠣᠯᠴᠢ᠂ ᠠᠵᠠ ᠲᠣᠬᠢᠶᠠᠯ ᠨᠢ ᠲᠥᠪ |
ᠭᠤᠣᠯᠴᠢ ᠪᠠᠶᠢᠬᠤ ᠶᠢ ᠪᠠᠲᠤᠯᠠᠨ᠎ᠠ᠃ |
— ᠨᠡᠭᠡᠭᠡᠯᠲᠡ ᠬᠢᠵᠦ ᠬᠠᠮᠲᠤ ᠪᠠᠷ ᠠᠰᠢᠭ ᠬᠦᠷᠲᠡᠬᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ |
ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠣᠯ ᠡᠯ᠎ᠡ ᠤᠯᠤᠰ ᠤᠨ ᠠᠯᠤᠰ ᠬᠡᠳᠦ ᠶᠢᠨ ᠪᠠ ᠦᠨᠳᠦᠰᠦᠨ ᠠᠰᠢᠭ ᠲᠤᠰᠠ ᠲᠠᠢ |
ᠨᠡᠶᠢᠴᠡᠬᠦ ᠰᠠᠷᠠᠭᠤᠯ ᠳᠠᠷᠳᠠᠩ ᠵᠠᠮ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠠᠵᠤ ᠦᠢᠯᠡᠳᠪᠦᠷᠢ᠂ |
ᠬᠥᠳᠡᠭᠡ ᠠᠵᠤ ᠠᠬᠤᠢ᠂ ᠰᠠᠭᠤᠷᠢ ᠲᠥᠬᠦᠭᠡᠷᠦᠮᠵᠢ᠂ ᠠᠷᠠᠯᠵᠢᠶ᠎ᠠ ᠪᠡᠯᠡ ᠣᠷᠤᠭᠤᠯᠤᠯᠲᠠ ᠵᠡᠷᠭᠡ ᠬᠦᠷᠢᠶᠡᠨ ᠤ |
ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ |
ᠪᠠᠶᠢᠭᠤᠯᠬᠤ ᠬᠡᠪ ᠳᠠᠭᠤᠷᠢᠶᠠᠯ ᠢ ᠪᠣᠢ ᠪᠣᠯᠭᠠᠵᠤ᠂ ᠪᠥᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ |
ᠨᠠᠶᠢᠳᠠᠪᠤᠷᠢᠵᠢᠭᠤᠯᠬᠤ ᠬᠡᠪ ᠳᠠᠭᠤᠷᠢᠶᠠᠯ ᠢ ᠬᠠᠮᠲᠤ ᠪᠠᠷ ᠴᠣᠭᠴᠠᠯᠠᠨ᠎ᠠ᠃ |
— ᠠᠷᠠᠳ ᠲᠦᠮᠡᠨ ᠢ ᠳᠡᠭᠡᠳᠦᠯᠡᠬᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠬᠥᠮᠥᠨ ᠤ ᠡᠷᠬᠡ |
ᠴᠢᠯᠦᠭᠡ ᠲᠠᠢ ᠪᠥᠬᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠡᠴᠦᠰ ᠤᠨ ᠬᠠᠷᠠᠯᠲᠠ ᠮᠥᠨ᠃ |
ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠴᠢᠳᠠᠪᠤᠷᠢᠲᠠᠨ ᠬᠥᠮᠥᠵᠢᠭᠦᠯᠬᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ |
ᠴᠥᠭᠡᠳᠬᠡᠬᠦ᠂ ᠠᠵᠢᠯ ᠣᠯᠭᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠠᠷᠠᠳ |
ᠲᠦᠮᠡᠨ ᠤ ᠣᠳᠣᠬᠢᠴᠢᠯᠠᠯᠲᠠ ᠶᠢᠨ ᠠᠬᠢᠴᠠ ᠳᠠᠬᠢ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ |
ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠦ᠂ ᠣᠳᠣᠬᠢᠴᠢᠯᠠᠯᠲᠠ ᠪᠠᠷ ᠪᠥᠬᠦ ᠠᠷᠠᠳ ᠲᠦᠮᠡᠨ ᠳᠤ ᠠᠰᠢᠭ ᠬᠦᠷᠲᠡᠭᠡᠬᠦ ᠶᠢ |
ᠠᠬᠢᠭᠤᠯᠤᠨ᠎ᠠ᠃ |
— ᠣᠯᠠᠨ ᠡᠰᠢᠲᠦ ᠪᠠᠭᠲᠠᠭᠠᠮᠵᠢᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠪᠣᠳᠠᠰ ᠤᠨ |
ᠪᠣᠯᠪᠠᠰᠤᠨ ᠪᠠ ᠤᠶᠤᠨ ᠤ ᠪᠣᠯᠪᠠᠰᠤᠨ ᠤ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠡᠷᠬᠢᠮ |
ᠳᠡᠭᠡᠳᠦ ᠬᠥᠭᠡᠭᠡᠴᠡᠯᠳᠦᠯ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠰᠣᠶᠣᠯ ᠢᠷᠭᠡᠨᠰᠢᠯ ᠤᠨ |
ᠰᠣᠯᠢᠯᠴᠠᠭ᠎ᠠ ᠪᠠᠨ ᠨᠢᠭᠲᠠᠷᠠᠭᠤᠯᠵᠤ᠂ ᠣᠳᠣᠬᠢᠴᠢᠯᠠᠯᠲᠠ ᠶᠢᠨ ᠠᠬᠢᠴᠠ ᠳᠤᠮᠳᠠ ᠠᠳᠠᠯᠢ ᠪᠤᠰᠤ ᠪᠣᠯᠪᠠᠰᠤᠨ ᠤ ᠬᠠᠷᠢᠯᠴᠠᠨ |
ᠬᠦᠨᠳᠦᠳᠬᠡᠬᠦ᠂ ᠪᠠᠭᠲᠠᠭᠠᠮᠵᠢᠲᠠᠢ ᠬᠠᠮᠲᠤ ᠪᠠᠷ ᠣᠷᠣᠰᠢᠬᠤ ᠶᠢ ᠰᠠᠨᠠᠭᠠᠴᠢᠯᠠᠵᠤ᠂ ᠪᠦᠭᠦ ᠪᠥᠮᠪᠥᠷᠴᠡᠭ ᠤᠨ ᠪᠣᠯᠪᠠᠰᠤᠨ ᠤ |
ᠰᠠᠨᠠᠭᠠᠴᠢᠯᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠬᠠᠮᠲᠤ ᠪᠠᠷ ᠠᠬᠢᠭᠤᠯᠤᠨ᠎ᠠ᠃ |
— ᠠᠮᠢ ᠠᠬᠤᠢ ᠨᠥᠭᠦᠷᠰᠡᠭ ᠪᠠᠶᠢᠬᠤ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠪᠣᠬᠢᠷᠳᠤᠯ ᠦᠭᠡᠢ |
ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠣᠳᠣᠬᠢᠴᠢᠯᠠᠯᠲᠠ ᠶᠢᠨ ᠢᠯᠡ ᠲᠣᠳᠣ ᠪᠡᠯᠭᠡ ᠲᠡᠮᠳᠡᠭ ᠮᠥᠨ᠃ ᠳᠤᠮᠳᠠᠳᠤ |
ᠤᠯᠤᠰ ᠳᠤᠷᠠᠲᠠᠶ᠎ᠠ ᠠᠹᠷᠢᠺᠠ ᠲᠢᠪ ᠢ ᠬᠠᠪᠰᠤᠷᠤᠨ ︽ᠪᠣᠬᠢᠷᠳᠤᠯ ᠦᠭᠡᠢ ᠨᠡᠮᠡᠭᠳᠡᠯ ᠤᠨ ᠬᠥᠳᠡᠯᠭᠡᠭᠦᠷ︾ ᠢ ᠴᠣᠭᠴᠠᠯᠠᠵᠤ᠂ |
ᠡᠨᠧᠷᠭᠢ ᠶᠢᠨ ᠬᠦᠷᠦᠯᠴᠡᠬᠦ᠋ᠢᠴᠡ ᠴᠢᠨᠠᠷ ᠤᠨ ᠵᠥᠷᠢᠶ᠎ᠡ ᠶᠢ ᠪᠠᠭᠠᠰᠬᠠᠨ᠂ ᠬᠠᠮᠲᠤ ᠪᠠᠷ ᠬᠠᠷᠢᠭᠤᠴᠠᠬᠤ ᠪᠤᠯᠪᠠᠴᠤ |
ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠪᠣᠬᠢᠷᠳᠤᠯ ᠦᠭᠡᠢ |
ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠬᠠᠮᠲᠤ ᠪᠠᠷ ᠠᠬᠢᠭᠤᠯᠤᠨ᠎ᠠ᠃ |
— ᠡᠩᠬᠡ ᠲᠠᠶᠢᠪᠤᠩ ᠠᠮᠤᠷ ᠲᠦᠪᠰᠢᠨ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ |
ᠣᠳᠣᠬᠢᠴᠢᠯᠠᠯᠲᠠ ᠨᠢ ᠡᠩᠬᠡ ᠲᠠᠶᠢᠪᠤᠩ ᠲᠣᠭᠲᠠᠭᠤᠨ ᠬᠥᠭᠵᠢᠯᠲᠡ ᠶᠢᠨ ᠣᠷᠴᠢᠨ ᠨᠥᠬᠦᠴᠡᠯ ᠠᠴᠠ ᠰᠠᠯᠵᠤ ᠴᠢᠳᠠᠬᠤ ᠦᠭᠡᠢ |
ᠶᠤᠮ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠡᠩᠬᠡ ᠲᠠᠶᠢᠪᠤᠩ ᠲᠣᠭᠲᠠᠭᠤᠨ ᠢᠶᠠᠨ ᠪᠡᠶ᠎ᠡ ᠪᠠᠨ ᠳᠠᠭᠠᠭᠠᠵᠤ |
ᠬᠠᠮᠠᠭᠠᠯᠠᠬᠤ ᠴᠢᠳᠠᠪᠤᠷᠢ ᠶᠢ ᠬᠠᠪᠰᠤᠷᠤᠨ ᠳᠡᠭᠡᠭᠰᠢᠯᠡᠭᠦᠯᠵᠦ᠂ ᠪᠦᠭᠦ ᠪᠥᠮᠪᠥᠷᠴᠡᠭ ᠤᠨ ᠠᠮᠤᠷ ᠲᠦᠪᠰᠢᠨ ᠤ |
ᠰᠠᠨᠠᠭᠠᠴᠢᠯᠠᠭ᠎ᠠ ᠶᠢ ᠡᠩ ᠲᠡᠷᠢᠭᠦᠨ ᠳᠤ ᠠᠹᠷᠢᠺᠠ ᠲᠢᠪ ᠲᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠢᠨᠠᠷ ᠰᠠᠶᠢᠲᠠᠢ |
ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠠᠬᠢᠭᠤᠯᠵᠤ᠂ |
ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ᠃ |
ᠨᠠᠶᠢᠵᠠ ᠨᠠᠷ ᠠ᠋᠂ ᠡᠷᠬᠢᠮ ᠵᠣᠴᠢᠳ ᠠ᠋︕ |
ᠳᠤᠮᠳᠠᠳᠤ ᠤᠯᠤᠰ ᠪᠣᠯᠣᠨ ᠠᠹᠷᠢᠺᠠ ᠲᠢᠪ ᠳᠡᠯᠡᠬᠡᠢ ᠶᠢᠨ ᠪᠦᠭᠦ ᠬᠥᠮᠥᠨ ᠠᠮᠠ ᠶᠢᠨ ᠭᠤᠷᠪᠠᠨ ᠤ ᠨᠢᠭᠡ ᠶᠢ ᠡᠵᠡᠯᠡᠨ᠎ᠡ᠂ |
ᠳᠤᠮᠳᠠᠳᠤ ᠠᠹᠷᠢᠺᠠ ᠶᠢᠨ ᠣᠳᠣᠬᠢᠴᠢᠯᠠᠯᠲᠠ ᠪᠠᠶᠢᠬᠤ ᠦᠭᠡᠢ ᠪᠣᠯ ᠳᠡᠯᠡᠬᠡᠢ ᠶᠢᠨ ᠣᠳᠣᠬᠢᠴᠢᠯᠠᠯᠲᠠ ᠴᠦ ᠪᠠᠶᠢᠵᠤ ᠴᠢᠳᠠᠬᠤ |
ᠦᠭᠡᠢ᠃ ᠢᠷᠡᠭᠡᠳᠦᠢ ᠶᠢᠨ 3 ᠵᠢᠯ ᠳᠤ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠬᠢᠨ ᠲᠠᠢ ᠣᠳᠣᠬᠢᠴᠢᠯᠠᠯᠲᠠ ᠶᠢᠨ |
ᠠᠷᠪᠠᠨ ᠶᠡᠭᠡ ᠬᠠᠨᠢᠲᠠᠨ ᠤ ᠠᠵᠢᠯᠯᠠᠭ᠎ᠠ ᠶᠢ ᠭᠠᠷ ᠬᠤᠯᠪᠣᠨ ᠠᠬᠢᠭᠤᠯᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢ |
ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢ ᠬᠥᠲᠥᠯᠥᠨ |
ᠳᠠᠭᠠᠭᠤᠯᠤᠨ᠎ᠠ᠃ |
ᠨᠢᠭᠡᠳᠦᠭᠡᠷ ᠲᠤ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ |
ᠳᠤᠷᠠᠲᠠᠶ᠎ᠠ ᠠᠹᠷᠢᠺᠠ ᠶᠢᠨ ᠬᠢᠨ ᠲᠠᠢ ᠳᠤᠮᠳᠠᠳᠤ ᠠᠹᠷᠢᠺᠠ ᠶᠢᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ |
ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠳᠤᠮᠳᠠᠳᠤ ᠠᠹᠷᠢᠺᠠ ᠶᠢᠨ ᠬᠥᠭᠵᠢᠯᠲᠡ ᠶᠢᠨ ᠮᠡᠳᠡᠯᠭᠡ ᠶᠢᠨ ᠰᠦᠯᠵᠢᠶ᠎ᠡ ᠪᠣᠯᠣᠨ |
25 ᠳᠤᠮᠳᠠᠳᠤ ᠠᠹᠷᠢᠺᠠ ᠶᠢᠨ ᠰᠤᠳᠤᠯᠭᠠᠨ ᠤ ᠲᠥᠪ ᠢ ᠪᠠᠶᠢᠭᠤᠯᠤᠨ᠎ᠠ᠃ ᠠᠹᠷᠢᠺᠠ ᠲᠢᠪ ᠤᠨ ᠤᠳᠤᠷᠢᠳᠬᠤ ᠬᠦᠴᠦᠨ ᠤ |
ᠳᠡᠭᠡᠳᠦ ᠰᠤᠷᠭᠠᠭᠤᠯᠢ ᠳᠤ ᠲᠦᠰᠢᠭᠯᠡᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠴᠢᠳᠠᠪᠤᠷᠢᠲᠠᠨ ᠢ ᠬᠥᠮᠥᠵᠢᠭᠦᠯᠵᠦ᠂ ᠠᠹᠷᠢᠺᠠ |
ᠲᠢᠪ ᠤᠨ 1000 ᠲᠦᠷᠦ ᠶᠢᠨ ᠨᠠᠮ ᠤᠨ ᠬᠥᠮᠥᠰ ᠢ ᠤᠷᠢᠵᠤ ᠳᠤᠮᠳᠠᠳᠤ ᠤᠯᠤᠰ ᠲᠤ ᠢᠷᠡᠭᠦᠯᠦᠨ ᠰᠣᠯᠢᠯᠴᠠᠭ᠎ᠠ ᠭᠢᠯᠭᠡᠵᠤ᠂ |
ᠬᠤᠶᠠᠷ ᠲᠠᠯ᠎ᠠ ᠶᠢᠨ ᠨᠠᠮ ᠢ ᠵᠠᠰᠠᠵᠤ ᠲᠦᠷᠦ ᠶᠢ ᠵᠠᠰᠠᠬᠤ ᠲᠤᠷᠰᠢᠯᠭ᠎ᠠ ᠶᠢᠨ ᠰᠣᠯᠢᠯᠴᠠᠭ᠎ᠠ ᠶᠢ ᠭᠦᠨᠵᠡᠭᠡᠶᠢᠷᠡᠭᠦᠯᠦᠨ᠎ᠡ᠃ |
ᠬᠤᠶᠠᠳᠤᠭᠠᠷ ᠲᠤ᠂ ᠠᠷᠠᠯᠵᠢᠶ᠎ᠠ ᠴᠡᠴᠡᠭᠯᠡᠨ ᠬᠥᠭᠵᠢᠭᠰᠡᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ |
ᠵᠠᠬ᠎ᠠ ᠳᠡᠯᠭᠡᠭᠦᠷ ᠤᠨ ᠨᠡᠭᠡᠭᠡᠯᠲᠡ ᠶᠢ ᠰᠠᠨᠠᠭᠠᠴᠢᠯᠠᠭ᠎ᠠ ᠠᠴᠠ ᠪᠠᠨ ᠭᠠᠭᠴᠠ ᠲᠠᠯ᠎ᠠ ᠠᠴᠠ ᠥᠷᠭᠡᠳᠬᠡᠵᠦ᠂ ᠠᠹᠷᠢᠺᠠ ᠲᠢᠪ ᠤᠨ |
33 ᠤᠯᠤᠰ ᠢ ᠪᠠᠭᠲᠠᠭᠠᠭᠰᠠᠨ ᠪᠤᠢ ᠪᠦᠬᠦᠢ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ |
ᠬᠠᠮᠤᠭ ᠤᠨ ᠬᠥᠭᠵᠢᠭᠡᠳᠦᠢ ᠤᠯᠤᠰ ᠤᠨ 100% ᠶᠢᠨ ᠭᠠᠶᠢᠯᠢ ᠶᠢᠨ ᠲᠦᠷᠦᠯ ᠤᠨ ᠪᠦᠲᠦᠭᠡᠭᠳᠡᠬᠦᠨ ᠳᠤ ᠪᠣᠭᠤᠮᠲᠠ ᠶᠢᠨ |
ᠭᠠᠶᠢᠯᠢ ᠲᠤᠰᠢᠶᠠᠬᠤ ᠦᠭᠡᠢ ᠬᠠᠷᠠᠭᠠᠯᠵᠠᠯ ᠦᠵᠡᠭᠦᠯᠭᠦ ᠪᠠᠷ ᠲᠣᠭᠲᠠᠵᠤ᠂ ᠡᠨᠡ ᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ |
ᠠᠩᠬᠠᠳᠠᠭᠴᠢ ᠬᠥᠭᠵᠢᠵᠦ ᠪᠠᠶᠢᠭ᠎ᠠ ᠲᠣᠮᠣ ᠤᠯᠤᠰ ᠪᠠ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠪᠣᠯᠵᠤ᠂ |
ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠢ ᠠᠹᠷᠢᠺᠠ ᠲᠢᠪ ᠤᠨ ᠲᠣᠮᠣ ᠠᠵᠠ ᠲᠣᠭᠢᠶᠠᠯ ᠪᠤᠯᠭᠠᠬᠤ ᠶᠢ ᠠᠬᠢᠭᠤᠯᠤᠨ᠎ᠠ᠃ |
ᠠᠹᠷᠢᠺᠠ ᠲᠢᠪ ᠤᠨ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ |
ᠥᠷᠭᠡᠳᠬᠡᠵᠦ᠂ ᠡᠯᠧᠺᠲᠷᠤᠨ ᠬᠤᠳᠠᠯᠳᠤᠭ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ |
︽ᠳᠤᠮᠳᠠᠳᠤ ᠠᠹᠷᠢᠺᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠲᠥᠯᠥᠪᠯᠡᠭᠡ︾ ᠶᠢ ᠬᠡᠷᠡᠭᠵᠢᠭᠦᠯᠦᠨ᠎ᠡ᠃ ᠳᠤᠮᠳᠠᠳᠤ ᠤᠯᠤᠰ |
ᠳᠤᠷᠠᠲᠠᠶ᠎ᠠ ᠠᠹᠷᠢᠺᠠ ᠲᠢᠪ ᠯᠦᠭᠡ ᠬᠠᠮᠲᠤ ᠪᠠᠷ ᠬᠥᠭᠵᠢᠬᠦ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠪᠦᠳᠦᠭᠦᠪᠴᠢ |
ᠬᠡᠯᠡᠯᠴᠡᠭᠡᠷ ᠢ ᠵᠥᠪᠳᠡᠯᠴᠡᠨ ᠲᠣᠭᠲᠠᠵᠤ᠂ ᠳᠤᠮᠳᠠᠳᠤ ᠠᠹᠷᠢᠺᠠ ᠶᠢᠨ ᠠᠷᠠᠯᠵᠢᠶᠠᠨ ᠤ ᠪᠡᠯᠡ ᠣᠷᠣᠭᠤᠯᠤᠯᠲᠠ ᠳᠤ ᠤᠷᠳᠤ |
ᠬᠤᠭᠤᠴᠠᠭᠠᠨ ᠤ᠂ ᠲᠣᠭᠲᠠᠭᠤᠨ᠂ ᠵᠢᠱᠢᠵᠦ ᠪᠣᠯᠬᠤᠶᠢᠴᠠ ᠳᠦᠷᠢᠮ ᠤᠨ ᠪᠠᠲᠤᠯᠠᠭ᠎ᠠ ᠬᠠᠩᠭᠠᠨ᠎ᠠ᠃ |
ᠭᠤᠷᠪᠠᠳᠤᠭᠠᠷ ᠲᠤ᠂ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ |
ᠤᠯᠤᠰ ᠳᠤᠷᠠᠲᠠᠶ᠎ᠠ ᠠᠹᠷᠢᠺᠠ ᠲᠢᠪ ᠯᠦᠭᠡ ᠠᠵᠤ ᠦᠢᠯᠡᠰ ᠤᠨ ᠬᠠᠮᠲᠤᠷᠠᠯᠴᠠᠭᠠᠨ ᠤ ᠨᠡᠮᠡᠭᠳᠡᠯ ᠤᠨ ᠲᠣᠭᠤᠷᠢᠭ ᠢ ᠪᠠᠶᠢᠭᠤᠯᠵᠤ᠂ |
ᠳᠤᠮᠳᠠᠳᠤ ᠠᠹᠷᠢᠺᠠ ᠶᠢᠨ ᠠᠵᠤ ᠠᠬᠤᠢ ᠠᠷᠠᠯᠵᠢᠶᠠᠨ ᠤ ᠭᠦᠨᠵᠡᠭᠡᠢ ᠬᠠᠮᠲᠤᠷᠠᠯᠴᠠᠭᠠᠨ ᠤ ᠬᠤᠰᠢᠭᠤᠴᠢ ᠣᠷᠣᠨ ᠢ ᠬᠦᠴᠦᠯᠡᠨ |
ᠪᠠᠶᠢᠭᠤᠯᠵᠤ᠂ ︽ᠠᠹᠷᠢᠺᠠ ᠲᠢᠪ ᠤᠨ ᠳᠤᠮᠳᠠ ᠪᠠᠭ᠎ᠠ ᠠᠵᠤ ᠠᠬᠤᠶᠢᠯᠠᠯ ᠳᠤ ᠬᠦᠴᠦᠨ ᠴᠢᠳᠠᠯ ᠣᠯᠭᠤᠬᠤ ᠲᠥᠯᠥᠪᠯᠡᠭᠡ︾ |
ᠶᠢ ᠡᠬᠢᠯᠡᠭᠦᠯᠦᠨ᠎ᠡ᠃ ᠳᠤᠮᠳᠠᠳᠤ ᠠᠹᠷᠢᠺᠠ ᠶᠢᠨ ᠲᠣᠭᠠᠴᠢᠯᠠᠭᠰᠠᠨ ᠮᠡᠷᠭᠡᠵᠢᠯ ᠤᠨ ᠬᠠᠮᠲᠤᠷᠠᠯᠴᠠᠭᠠᠨ ᠤ ᠲᠥᠪ ᠢ ᠬᠠᠮᠲᠤ ᠪᠠᠷ |
ᠪᠠᠶᠢᠭᠤᠯᠵᠤ᠂ ᠲᠣᠭᠠᠴᠢᠯᠠᠭᠰᠠᠨ ᠵᠢᠱᠢᠶ᠎ᠡ ᠦᠵᠡᠭᠦᠯᠭᠦ 20 ᠲᠦᠷᠦᠯ ᠵᠦᠢᠯ ᠢ ᠪᠠᠶᠢᠭᠤᠯᠵᠤ᠂ ᠰᠢᠨ᠎ᠡ ᠨᠢᠭᠡ ᠡᠭᠡᠯᠵᠢ ᠶᠢᠨ |
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢ ᠬᠠᠮᠲᠤ ᠪᠠᠷ |
ᠤᠭᠲᠤᠨ᠎ᠠ᠃ |
ᠳᠥᠷᠪᠡᠳᠦᠭᠡᠷ ᠲᠤ᠂ ᠬᠤᠯᠪᠣᠯᠳᠤᠨ ᠨᠡᠪᠲᠡᠷᠡᠯᠴᠡᠬᠦ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ |
ᠲᠢᠪ ᠲᠤ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ 30 ᠲᠥᠷᠥᠯ ᠵᠦᠢᠯ ᠢ ᠬᠡᠷᠡᠭᠵᠢᠭᠦᠯᠵᠦ᠂ ︽ᠨᠢᠭᠡ |
ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠭᠠᠷ ᠬᠤᠯᠪᠣᠨ ᠠᠬᠢᠭᠤᠯᠵᠤ᠂ ᠬᠠᠭᠤᠷᠠᠢ |
ᠲᠡᠯᠡᠶ ᠬᠤᠯᠪᠤᠭᠠᠯᠠᠨ ᠬᠥᠳᠡᠯᠦᠯᠴᠡᠭᠰᠡᠨ᠂ ᠬᠠᠮᠵᠢᠯᠴᠠᠨ ᠬᠥᠭᠵᠢᠭᠰᠡᠨ ᠳᠤᠮᠳᠠᠳᠤ ᠠᠹᠷᠢᠺᠠ ᠶᠢᠨ ᠬᠤᠯᠪᠣᠯᠳᠤᠨ ᠨᠡᠪᠲᠡᠷᠡᠯᠴᠡᠬᠦ |
ᠲᠣᠣᠷ ᠢ ᠪᠠᠶᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠡᠬᠡ ᠬᠠᠭᠤᠷᠠᠢ ᠶᠢᠨ ᠴᠢᠯᠦᠭᠡᠲᠦ |
ᠠᠷᠠᠯᠵᠢᠶᠠᠨ ᠤ ᠣᠷᠣᠨ ᠤ ᠪᠦᠲᠦᠭᠡᠨ ᠪᠠᠶᠢᠭᠤᠯᠤᠯᠲᠠ ᠳᠤ ᠬᠠᠪᠰᠤᠷᠤᠯᠭ᠎ᠠ ᠦᠵᠡᠭᠦᠯᠵᠦ᠂ ᠪᠠᠷᠠᠭᠠᠨ ᠤ ᠭᠦᠢᠯᠭᠡᠭᠡ ᠪᠣᠯᠣᠨ |
ᠮᠥᠩᠭᠦᠨ ᠭᠦᠢᠯᠭᠡᠭᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠹᠷᠢᠺᠠ ᠲᠢᠪ ᠤᠨ ᠣᠷᠣᠨ ᠪᠦᠰᠡ ᠠᠯᠤᠰᠯᠠᠭᠰᠠᠨ |
ᠬᠥᠭᠵᠢᠯᠲᠡ ᠳᠤ ᠬᠦᠴᠦᠨ ᠨᠡᠮᠡᠷᠢᠯᠡᠨ᠎ᠡ᠃ |
ᠲᠠᠪᠤᠳᠤᠭᠠᠷ ᠲᠤ᠂ ᠬᠥᠭᠵᠢᠯᠲᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ |
ᠠᠹᠷᠢᠺᠠ ᠲᠢᠪ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠪᠣᠷᠣ ᠲᠥᠯᠥᠪ ᠤᠨ |
ᠳᠣᠲᠣᠷ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠬᠠᠮᠲᠤᠷᠠᠭᠰᠠᠨ ᠢᠯᠡᠷᠬᠡᠶᠢᠯᠡᠯᠲᠡ ᠶᠢ ᠨᠡᠶᠢᠲᠡᠯᠡᠵᠦ᠂ ︽ᠪᠠᠭ᠎ᠠ ᠮᠥᠷᠲᠡᠭᠡᠨ |
ᠨᠠᠷᠢᠯᠢᠭ ᠰᠠᠶᠢᠬᠠᠨ︾ ᠠᠷᠠᠳ ᠤᠨ ᠠᠮᠢᠳᠤᠷᠠᠯ ᠤᠨ 1000 ᠲᠦᠷᠦᠯ ᠵᠦᠢᠯ ᠢ ᠬᠡᠷᠡᠭᠵᠢᠭᠦᠯᠦᠨ᠎ᠡ᠃ ᠳᠤᠮᠳᠠᠳᠤ ᠤᠯᠤᠰ |
— ᠳᠡᠯᠡᠬᠡᠢ ᠶᠢᠨ ᠪᠠᠩᠬᠢ ᠶᠢᠨ ᠬᠠᠨᠢᠲᠠᠨ ᠤ ᠬᠠᠷᠢᠯᠴᠠᠭ᠎ᠠ ᠶᠢᠨ ᠰᠠᠭᠤᠷᠢ ᠮᠥᠩᠭᠦ ᠳᠤ ᠪᠡᠯᠡ ᠣᠷᠣᠭᠤᠯᠵᠤ᠂ ᠠᠹᠷᠢᠺᠠ |
ᠲᠢᠪ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ 2026 ᠣᠨ ᠤ ᠵᠠᠯᠠᠭᠤᠴᠤᠳ ᠤᠨ ᠣᠯᠢᠮᠫᠢᠺ ᠤᠨ ᠲᠠᠮᠢᠷ ᠤᠨ |
ᠴᠤᠭᠯᠠᠭᠠᠨ ᠪᠠ 2027 ᠣᠨ ᠤ ᠠᠹᠷᠢᠺᠠ ᠲᠢᠪ ᠬᠤᠨᠳᠠᠭᠠᠲᠤ ᠤᠷᠤᠯᠳᠤᠭᠠᠨ ᠢ ᠡᠷᠭᠢᠯᠡᠭᠦ ᠶᠢ ᠳᠡᠮᠵᠢᠵᠦ᠂ ᠬᠥᠭᠵᠢᠯᠲᠡ ᠶᠢᠨ |
ᠦᠷ᠎ᠡ ᠪᠦᠲᠦᠭᠡᠯ ᠢ ᠠᠬᠢᠭᠤᠯᠵᠤ ᠳᠤᠮᠳᠠᠳᠤ ᠠᠹᠷᠢᠺᠠ ᠶᠢᠨ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠨ᠎ᠡ᠃ |
ᠵᠢᠷᠭᠤᠳᠤᠭᠠᠷ ᠲᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ |
ᠳᠤᠷᠠᠲᠠᠶ᠎ᠠ ᠠᠹᠷᠢᠺᠠ ᠶᠢᠨ ᠲᠠᠯ᠎ᠠ ᠲᠠᠢ ᠳᠤᠮᠳᠠᠳᠤ ᠠᠹᠷᠢᠺᠠ ᠶᠢᠨ ᠡᠮᠨᠡᠯᠭᠡ ᠶᠢᠨ ᠬᠤᠷᠢᠶ᠎ᠠ ᠶᠢᠨ ᠬᠤᠯᠪᠤᠭ᠎ᠠ ᠶᠢ ᠪᠠᠶᠢᠭᠤᠯᠵᠤ᠂ |
ᠬᠠᠮᠲᠤᠷᠠᠭᠰᠠᠨ ᠠᠨᠠᠭᠠᠬᠤ ᠤᠬᠠᠭᠠᠨ ᠤ ᠲᠥᠪ ᠢ ᠬᠠᠮᠲᠤ ᠪᠠᠷ ᠪᠠᠶᠢᠭᠤᠯᠤᠨ᠎ᠠ᠃ ᠠᠹᠷᠢᠺᠠ ᠲᠢᠪ ᠲᠤ 2000 ᠡᠮᠴᠢᠯᠡᠭᠡᠨ ᠤ |
ᠠᠵᠢᠯᠲᠠᠨ ᠲᠣᠮᠢᠯᠠᠵᠤ᠂ ᠡᠮᠴᠢᠯᠡᠭᠡ ᠡᠷᠡᠭᠦᠯ ᠬᠠᠮᠠᠭᠠᠯᠠᠯ ᠪᠣᠯᠣᠨ ᠰᠢᠯᠦᠬᠡᠢ ᠡᠪᠡᠳᠴᠢᠨ ᠢ ᠡᠰᠡᠷᠭᠦᠴᠡᠬᠦ 20 ᠲᠦᠷᠦᠯ |
ᠵᠦᠢᠯ ᠢ ᠬᠡᠷᠡᠭᠵᠢᠭᠦᠯᠵᠦ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠡᠮ ᠲᠠᠩ ᠤᠨ ᠦᠢᠯᠡᠳᠪᠦᠷᠢᠯᠡᠯ ᠳᠤ ᠪᠡᠯᠡ |
ᠣᠷᠣᠭᠤᠯᠬᠤ ᠶᠢ ᠠᠬᠢᠭᠤᠯᠵᠤ᠂ ᠠᠹᠷᠢᠺᠠ ᠲᠢᠪ ᠲᠤ ᠲᠤᠯᠭᠠᠷᠠᠭᠰᠠᠨ ᠬᠢᠵᠢᠭ ᠤᠨ ᠪᠠᠶᠢᠳᠠᠯ ᠳᠤ ᠦᠷᠭᠦᠯᠵᠢᠯᠡᠨ ᠴᠢᠳᠠᠯ ᠤᠨ |
ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ᠃ ᠠᠹᠷᠢᠺᠠ ᠲᠢᠪ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ |
ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠠᠹᠷᠢᠺᠠ ᠲᠢᠪ ᠤᠨ ᠡᠯ᠎ᠡ ᠤᠯᠤᠰ ᠤᠨ ᠤᠯᠠᠨ ᠨᠡᠶᠢᠲᠡ ᠶᠢᠨ ᠡᠷᠡᠭᠦᠯ |
ᠬᠠᠮᠠᠭᠠᠯᠠᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ |
ᠳᠣᠯᠣᠳᠤᠭᠠᠷ ᠲᠤ᠂ ᠲᠠᠷᠢᠶᠠᠯᠠᠩ ᠢ ᠬᠥᠭᠵᠢᠭᠦᠯᠦᠨ ᠠᠷᠠᠳ ᠲᠤ ᠠᠰᠢᠭ ᠬᠦᠷᠲᠡᠭᠡᠬᠦ ᠬᠠᠨᠢᠲᠠᠨ ᠤ ᠠᠵᠢᠯᠯᠠᠭ᠎ᠠ᠃ |
ᠳᠤᠮᠳᠠᠳᠤ ᠤᠯᠤᠰ ᠠᠹᠷᠢᠺᠠ ᠲᠢᠪ ᠲᠤ 10 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠤᠨ ᠠᠮᠤ ᠪᠤᠳᠠᠭᠠᠨ ᠤ ᠪᠠᠴᠢᠮ |
ᠲᠤᠰᠠᠯᠠᠮᠵᠢ ᠬᠠᠩᠭᠠᠵᠤ᠂ 10 ᠲᠦᠮᠡᠨ ᠮᠦ ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠭᠦ ᠣᠷᠣᠨ ᠢ |
ᠪᠠᠶᠢᠭᠤᠯᠵᠤ᠂ 500 ᠲᠠᠷᠢᠶᠠᠯᠠᠩ ᠤᠨ ᠲᠤᠰᠬᠠᠢ ᠮᠡᠷᠭᠡᠵᠢᠯᠲᠡᠨ ᠲᠣᠮᠢᠯᠠᠨ᠂ ᠳᠤᠮᠳᠠᠳᠤ ᠠᠹᠷᠢᠺᠠ ᠶᠢᠨ ᠲᠠᠷᠢᠶᠠᠯᠠᠩ ᠤᠨ |
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠤᠭ᠎ᠠ ᠶᠢ ᠪᠠᠶᠢᠭᠤᠯᠤᠨ᠎ᠠ᠃ ᠨᠡᠶᠢᠲᠡ ᠶᠢᠨ |
ᠠᠰᠠᠷᠠᠮᠵᠢ ᠶᠢᠨ 500 ᠲᠥᠷᠥᠯ ᠵᠦᠢᠯ ᠢ ᠬᠡᠷᠡᠭᠵᠢᠭᠦᠯᠦᠨ᠎ᠡ᠃ ᠳᠤᠮᠳᠠᠳᠤ ᠠᠹᠷᠢᠺᠠ ᠶᠢᠨ ᠠᠵᠤ ᠠᠬᠤᠶᠢᠯᠠᠯ ᠤᠨ ︽ᠥᠭᠡᠳᠡ |
ᠥᠭᠡᠳᠡ ᠠᠴᠠ ᠪᠠᠨ ᠲᠡᠮᠡᠦᠯᠵᠦ︾ ᠪᠡᠯᠡ ᠣᠷᠣᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠵᠤ᠂ ᠠᠵᠤ ᠦᠢᠯᠡᠰ ᠤᠨ |
ᠨᠡᠮᠡᠯᠲᠡ ᠦᠷᠳᠡᠭ ᠢ ᠠᠹᠷᠢᠺᠠ ᠲᠢᠪ ᠲᠤ ᠦᠯᠡᠳᠡᠭᠡᠵᠦ᠂ ᠠᠹᠷᠢᠺᠠ ᠲᠢᠪ ᠲᠤ 100 ᠲᠦᠮᠡ ᠠᠴᠠ ᠳᠡᠭᠡᠭᠰᠢ ᠠᠵᠢᠯ ᠤᠨ |
ᠪᠠᠶᠢᠷᠢ ᠡᠭᠦᠳᠴᠦ ᠥᠭᠭᠦᠨ᠎ᠡ᠃ |
ᠨᠠᠢᠮᠠᠳᠤᠭᠠᠷ ᠲᠤ᠂ ᠰᠣᠶᠣᠯ ᠢᠷᠭᠡᠨᠰᠢᠯ ᠤᠨ ᠰᠣᠯᠢᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ |
ᠳᠤᠷᠠᠲᠠᠶ᠎ᠠ ᠠᠹᠷᠢᠺᠠ ᠯᠤᠭ᠎ᠠ ︽ᠢᠷᠡᠭᠡᠳᠦᠢ ᠶᠢᠨ ᠠᠹᠷᠢᠺᠠ ᠲᠢᠪ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ︾ ᠤᠨ |
ᠲᠥᠯᠥᠪᠯᠡᠭᠡ ᠶᠢ ᠭᠦᠨᠵᠡᠭᠡᠢ ᠠᠬᠢᠭᠤᠯᠵᠤ᠂ ᠢᠨᠵᠧᠨᠧᠷᠢᠩ ᠤᠨ ᠮᠡᠷᠭᠡᠵᠢᠯ ᠤᠨ ᠳᠡᠭᠡᠳᠦ ᠰᠤᠷᠭᠠᠭᠤᠯᠢ ᠶᠢ ᠬᠠᠮᠲᠤ ᠪᠠᠷ |
ᠪᠠᠶᠢᠭᠤᠯᠵᠤ᠂ ︽ᠯᠦ ᠪᠠᠨ ᠦᠢᠯᠡᠳᠬᠡᠯ ᠤᠨ ᠭᠠᠵᠠᠷ︾ 10 ᠶᠢ ᠪᠠᠶᠢᠭᠤᠯᠤᠨ᠎ᠠ᠃ ᠠᠹᠷᠢᠺᠠ ᠲᠢᠪ ᠤᠨ ᠡᠮᠡᠭᠲᠡᠶᠢᠴᠦᠳ |
ᠪᠣᠯᠣᠨ ᠵᠠᠯᠠᠭᠤᠴᠤᠳ ᠲᠤ ᠭᠤᠣᠯᠳᠠᠯᠭ᠎ᠠ ᠲᠠᠢ ᠬᠠᠨᠳᠤᠭᠤᠯᠤᠭᠰᠠᠨ ᠰᠤᠳᠤᠯᠤᠨ ᠰᠤᠷᠤᠯᠴᠠᠬᠤ ᠣᠷᠣᠨ ᠲᠤᠭ᠎ᠠ ᠶᠢ 6 ᠲᠦᠮᠡ |
ᠬᠠᠩᠭᠠᠨ᠎ᠠ᠃ ᠳᠤᠮᠳᠠᠳᠤ ᠠᠹᠷᠢᠺᠠ ᠶᠢᠨ ︽ᠰᠣᠶᠣᠯ ᠤᠨ ᠲᠣᠷᠭᠠᠨ ᠵᠠᠮ︾ ᠤᠨ ᠲᠥᠯᠥᠪᠯᠡᠭᠡ ᠪᠠ ︽ᠷᠠᠳᠢᠣ᠋ ᠺᠢᠨᠣ᠋ |
ᠲᠧᠯᠸᠢᠰ ᠤᠨ ᠬᠠᠷᠠᠭ᠎ᠠ ᠰᠣᠨᠣᠰᠬᠠᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠲᠥᠯᠥᠪᠯᠡᠭᠡ︾ ᠶᠢ ᠬᠠᠮᠲᠤ ᠪᠠᠷ |
ᠬᠡᠷᠡᠭᠵᠢᠭᠦᠯᠦᠨ᠎ᠡ᠃ ᠬᠤᠶᠠᠷ ᠲᠠᠯ᠎ᠠ ᠪᠠᠷ ᠢᠶᠠᠨ 2026 ᠣᠨ ᠢ ︽ᠳᠤᠮᠳᠠᠳᠤ ᠠᠹᠷᠢᠺᠠ ᠶᠢᠨ ᠰᠣᠶᠣᠯ ᠢᠷᠭᠡᠨᠰᠢᠯ ᠤᠨ |
ᠰᠣᠯᠢᠯᠴᠠᠭᠠᠨ ᠤ ᠣᠨ︾ ᠢᠶᠠᠷ ᠲᠣᠭᠲᠠᠭᠠᠪᠠ᠃ |
ᠶᠢᠰᠦᠳᠦᠭᠡᠷ ᠲᠤ᠂ ᠪᠣᠬᠢᠷᠳᠤᠯ ᠦᠭᠡᠢ ᠬᠥᠭᠵᠢᠯᠲᠡ ᠶᠢᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ |
ᠠᠹᠷᠢᠺᠠ ᠲᠢᠪ ᠲᠤ 30 ᠴᠡᠪᠡᠷ ᠡᠨᠧᠷᠭᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠡᠬᠢᠨ ᠤ ᠦᠶ᠎ᠡ ᠶᠢᠨ ᠤᠷᠢᠳᠴᠢᠯᠠᠨ |
ᠰᠡᠷᠡᠮᠵᠢᠯᠡᠭᠦᠯᠭᠦ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠲᠠᠪᠴᠠᠩ ᠢ ᠪᠠᠶᠢᠭᠤᠯᠵᠤ᠂ ᠭᠠᠮᠰᠢᠭ ᠢ ᠰᠡᠷᠭᠡᠶᠢᠯᠡᠬᠦ |
ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ |
ᠬᠠᠮᠲᠤᠷᠠᠯᠴᠠᠭ᠎ᠠ ᠥᠷᠨᠢᠭᠦᠯᠦᠨ᠎ᠡ᠃ ᠳᠤᠮᠳᠠᠳᠤ ᠠᠹᠷᠢᠺᠠ ᠶᠢᠨ ᠴᠥᠮ᠎ᠡ ᠶᠢᠨ ᠮᠡᠷᠭᠡᠵᠢᠯ ᠢ ᠨᠠᠶᠢᠷᠠᠮᠳᠠᠯ ᠢᠶᠠᠷ ᠠᠰᠢᠭᠯᠠᠬᠤ |
ᠶᠠᠷᠢᠶᠠᠨ ᠤ ᠲᠠᠪᠴᠠᠩ ᠢ ᠪᠠᠶᠢᠭᠤᠯᠵᠤ᠂ 30 ᠬᠠᠮᠲᠤᠷᠠᠭᠰᠠᠨ ᠲᠤᠷᠰᠢᠯᠲᠠ ᠶᠢᠨ ᠲᠠᠰᠤᠭ ᠢ ᠬᠠᠮᠲᠤ ᠪᠠᠷ ᠪᠠᠶᠢᠭᠤᠯᠵᠤ᠂ |
ᠳᠠᠭᠠᠭᠤᠯᠢ ᠤᠳᠤᠨ ᠤ ᠠᠯᠤᠰ ᠰᠡᠷᠡᠯ᠂ ᠰᠠᠷᠠᠨ ᠪᠥᠮᠪᠥᠷᠴᠡᠭ ᠪᠠ ᠭᠦᠨ ᠣᠭᠲᠠᠷᠭᠤᠢ ᠶᠢ ᠬᠠᠶᠢᠨ ᠬᠡᠮᠵᠢᠬᠦ ᠬᠠᠮᠲᠤᠷᠠᠯᠴᠠᠭ᠎ᠠ |
ᠥᠷᠨᠢᠭᠦᠯᠵᠦ᠂ ᠠᠹᠷᠢᠺᠠ ᠲᠢᠪ ᠤᠨ ᠪᠣᠬᠢᠷᠳᠤᠯ ᠦᠭᠡᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ |
ᠠᠷᠪᠠᠳᠤᠭᠠᠷ ᠲᠤ᠂ ᠠᠮᠤᠷ ᠲᠦᠪᠰᠢᠨ ᠢ ᠬᠠᠮᠲᠤ ᠪᠠᠷ ᠴᠣᠭᠴᠠᠯᠠᠬᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ |
ᠳᠤᠷᠠᠲᠠᠶ᠎ᠠ ᠠᠹᠷᠢᠺᠠ ᠲᠢᠪ ᠤᠨ ᠬᠢᠨ ᠲᠠᠢ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢᠨ ᠬᠠᠨᠢᠲᠠᠨ ᠤ |
ᠬᠠᠷᠢᠯᠴᠠᠭ᠎ᠠ ᠶᠢ ᠨᠠᠶᠢᠳᠠᠪᠤᠷᠢᠵᠢᠭᠤᠯᠵᠤ᠂ ᠬᠠᠮᠲᠤᠷᠠᠯᠴᠠᠭᠠᠨ ᠤ ᠵᠢᠱᠢᠶ᠎ᠡ ᠦᠵᠡᠭᠦᠯᠭᠦ ᠣᠷᠣᠨ ᠢ ᠪᠠᠶᠢᠭᠤᠯᠵᠤ᠂ ᠠᠹᠷᠢᠺᠠ |
ᠲᠢᠪ ᠤᠨ ᠬᠢᠨ ᠳᠤ 10 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠤᠨ ᠲᠥᠯᠥᠪᠦᠷᠢ ᠦᠭᠡᠢ ᠴᠡᠷᠢᠭ ᠤᠨ ᠶᠠᠪᠤᠳᠠᠯ ᠤᠨ |
ᠲᠤᠰᠠᠯᠠᠮᠵᠢ ᠬᠠᠩᠭᠠᠵᠤ᠂ ᠠᠹᠷᠢᠺᠠ ᠲᠢᠪ ᠤᠨ ᠬᠢᠨ ᠳᠤ 6000 ᠴᠡᠷᠢᠭ ᠠᠩᠭᠢ ᠶᠢᠨ ᠴᠢᠳᠠᠪᠤᠷᠢᠲᠠᠨ ᠪᠣᠯᠣᠨ 1000 |
ᠴᠠᠭᠳᠠᠭᠠᠨ ᠤ ᠶᠠᠪᠤᠳᠠᠯ ᠤᠨ ᠬᠠᠤᠯᠢ ᠬᠡᠷᠡᠭᠵᠢᠭᠦᠯᠬᠦ ᠠᠵᠢᠯᠲᠠᠨ ᠢ ᠪᠤᠯᠪᠠᠰᠤᠷᠠᠭᠤᠯᠵᠤ᠂ 500 ᠵᠠᠯᠠᠭᠤ ᠴᠡᠷᠢᠭ ᠤᠨ |
ᠳᠠᠷᠤᠭ᠎ᠠ ᠶᠢ ᠤᠷᠢᠵᠤ ᠳᠤᠮᠳᠠᠳᠤ ᠤᠯᠤᠰ ᠲᠤ ᠠᠶᠢᠯᠴᠢᠯᠠᠭᠤᠯᠤᠨ᠎ᠠ᠃ ᠳᠤᠮᠳᠠᠳᠤ ᠠᠹᠷᠢᠺᠠ ᠶᠢᠨ ᠴᠡᠷᠢᠭ ᠠᠩᠭᠢ ᠶᠢᠨ |
ᠬᠠᠮᠲᠤᠷᠠᠭᠰᠠᠨ ᠰᠣᠷᠢᠯᠲᠠ ᠬᠠᠮᠲᠤᠷᠠᠭᠰᠠᠨ ᠰᠤᠷᠭᠠᠭᠤᠯᠢᠯᠠᠯ ᠪᠠ ᠬᠠᠮᠲᠤᠷᠠᠭᠰᠠᠨ ᠴᠠᠭᠳᠠᠨ ᠪᠠᠶᠢᠴᠠᠭᠠᠯᠲᠠ ᠶᠢ ᠥᠷᠨᠢᠭᠦᠯᠵᠦ᠂ |
︽ᠠᠹᠷᠢᠺᠠ ᠲᠢᠪ ᠤᠨ ᠠᠶᠤᠩᠭ᠎ᠠ ᠶᠢᠨ ᠠᠶᠤᠯ ᠠᠴᠠ ᠮᠤᠯᠲᠤᠷᠠᠬᠤ ᠳᠤ ᠲᠤᠰᠠᠯᠠᠬᠤ ᠠᠵᠢᠯᠯᠠᠭ᠎ᠠ︾ ᠶᠢ ᠬᠡᠷᠡᠭᠵᠢᠭᠦᠯᠵᠦ᠂ |
ᠠᠵᠢᠯᠲᠠᠨ ᠪᠠ ᠲᠦᠷᠦᠯ ᠵᠦᠢᠯ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠨ᠎ᠠ᠃ |
︽ᠠᠷᠪᠠᠨ ᠶᠡᠭᠡ ᠬᠠᠨᠢᠲᠠᠨ ᠤ ᠠᠵᠢᠯᠯᠠᠭ᠎ᠠ︾ ᠶᠢ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ ᠢᠷᠡᠬᠦ 3 ᠵᠢᠯ ᠳᠤ |
ᠳᠤᠮᠳᠠᠳᠤ ᠤᠯᠤᠰ ᠤᠨ ᠵᠠᠰᠠᠭ ᠤᠨ ᠣᠷᠳᠣᠨ ᠳᠤᠷᠠᠲᠠᠶ᠎ᠠ 2100 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ |
ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠣᠯᠣᠨ 800 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠡᠯ᠎ᠡ |
ᠲᠦᠷᠦᠯ ᠤᠨ ᠲᠤᠰᠠᠯᠠᠮᠵᠢ ᠶᠢ ᠬᠠᠩᠭᠠᠬᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠠᠹᠷᠢᠺᠠ ᠲᠢᠪ ᠲᠠᠬᠢ ᠪᠡᠯᠡ |
ᠣᠷᠣᠭᠤᠯᠤᠯᠲᠠ 700 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠠᠴᠠ ᠪᠠᠭ᠎ᠠ ᠦᠭᠡᠢ ᠪᠠᠶᠢᠬᠤ ᠶᠢ |
ᠠᠬᠢᠭᠤᠯᠬᠤ ᠶᠢ ᠪᠠᠭᠲᠠᠭᠠᠭᠰᠠᠨ 3600 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠪᠡᠯᠡ ᠮᠥᠩᠭᠦ ᠶᠢᠨ |
ᠳᠡᠮᠵᠢᠯᠭᠡ ᠬᠠᠩᠭᠠᠨ᠎ᠠ᠃ ᠳᠤᠮᠳᠠᠳᠤ ᠤᠯᠤᠰ ᠪᠠᠰᠠ ᠠᠹᠷᠢᠺᠠ ᠲᠢᠪ ᠤᠨ ᠬᠢᠨ ᠤ ᠳᠤᠮᠳᠠᠳᠤ ᠤᠯᠤᠰ ᠲᠤ ︽ᠮᠠᠯᠤᠷ ᠦᠳᠡᠭᠡ |
ᠵᠢᠭᠡᠯᠡᠯᠭᠡ ᠶᠢᠨ ᠲᠡᠮᠳᠡᠭᠲᠦ︾ ᠲᠠᠷᠬᠠᠭᠠᠬᠤ ᠶᠢ ᠵᠣᠷᠢᠭᠵᠢᠭᠤᠯᠤᠨ ᠳᠡᠮᠵᠢᠵᠦ᠂ ᠳᠤᠮᠳᠠᠳᠤ ᠠᠹᠷᠢᠺᠠ ᠶᠢᠨ ᠡᠯ᠎ᠡ ᠬᠦᠷᠢᠶᠡᠨ ᠤ |
ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠳᠤ ᠬᠦᠴᠦᠲᠡᠢ ᠳᠡᠮᠵᠢᠯᠭᠡ ᠬᠠᠩᠭᠠᠨ᠎ᠠ᠃ |
ᠨᠠᠶᠢᠵᠠ ᠨᠠᠷ ᠠ᠋᠂ ᠡᠷᠬᠢᠮ ᠵᠣᠴᠢᠳ ᠠ᠋︕ |
ᠡᠨᠡ ᠵᠢᠯ ᠤᠨ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ |
ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠮᠵᠢᠯᠲᠠ ᠲᠠᠢ ᠬᠤᠷᠠᠯᠳᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ |
ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ |
ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ᠃ ᠡᠨᠡ ᠨᠢ ᠳᠤᠮᠳᠠᠳᠤ ᠤᠯᠤᠰ ᠢ ᠤᠯᠠᠮ ᠨᠢᠭᠡ ᠠᠯᠬᠤᠮ ᠭᠦᠨᠵᠡᠭᠡᠢ |
ᠬᠤᠪᠢᠷᠠᠭᠤᠯᠬᠤ ᠪᠥᠭᠡᠳ ᠠᠹᠷᠢᠺᠠ ᠲᠢᠪ ᠤᠨ ᠤᠯᠤᠰ ᠤᠳ ᠲᠤ ᠳᠤᠮᠳᠠᠳᠤ ᠠᠹᠷᠢᠺᠠ ᠶᠢᠨ ᠬᠠᠮᠲᠤ ᠪᠠᠷ |
ᠣᠳᠣᠬᠢᠴᠢᠯᠠᠯᠲᠠ ᠶᠢᠨ ᠵᠡᠭᠦᠳᠦ ᠶᠢ ᠬᠥᠭᠡᠭᠡᠴᠡᠯᠳᠦᠬᠦ ᠳᠤ ᠰᠢᠨ᠎ᠡ ᠠᠵᠠ ᠲᠣᠭᠢᠶᠠᠯ ᠬᠠᠩᠭᠠᠵᠤ᠂ ᠰᠢᠨ᠎ᠡ ᠬᠥᠳᠡᠯᠭᠡᠬᠦ |
ᠴᠢᠳᠠᠪᠤᠷᠢ ᠨᠡᠮᠡᠷᠢᠯᠡᠬᠦ ᠨᠢ ᠯᠠᠪᠲᠠᠢ᠃ |
ᠠᠹᠷᠢᠺᠠ ᠲᠢᠪ ᠲᠤ ︽ᠵᠠᠮ ᠨᠢᠭᠡᠲᠡᠨ ᠪᠣᠯ ᠰᠠᠶ᠋ᠢ ᠵᠢᠩᠬᠢᠨᠢ ᠨᠠᠶᠢᠵᠠ ᠮᠥᠨ︾ ᠭᠡᠰᠡᠨ ᠵᠦᠢᠷ ᠦᠭᠡ ᠪᠠᠶᠢᠳᠠᠭ᠃ |
ᠣᠳᠣᠬᠢᠴᠢᠯᠠᠯᠲᠠ ᠶᠢᠨ ᠵᠠᠮ ᠳᠡᠭᠡᠷ᠎ᠡ ᠨᠢᠭᠡ ᠶᠢ ᠴᠦ ᠣᠷᠬᠢᠭᠳᠠᠭᠤᠯᠵᠤ ᠪᠤᠯᠬᠤ ᠦᠭᠡᠢ᠂ ᠨᠢᠭᠡ ᠤᠯᠤᠰ ᠢ ᠴᠤ |
ᠬᠤᠴᠣᠷᠤᠭᠤᠯᠵᠤ ᠪᠤᠯᠬᠤ ᠦᠭᠡᠢ᠃ ᠪᠢᠳᠡ 28 ᠳ᠋ᠦᠩᠰᠢᠭᠤᠷ ᠭᠠᠷᠤᠢ ᠳᠤᠮᠳᠠᠳᠤ ᠠᠹᠷᠢᠺᠠ ᠶᠢᠨ ᠠᠷᠠᠳ ᠲᠦᠮᠡᠨ ᠤ ᠰᠦᠷ |
ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠣᠳᠣᠬᠢᠴᠢᠯᠠᠯᠲᠠ ᠶᠢᠨ ᠠᠶᠠᠨ ᠳᠤ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ |
ᠳᠤᠮᠳᠠᠳᠤ ᠠᠹᠷᠢᠺᠠ ᠶᠢᠨ ᠣᠳᠣᠬᠢᠴᠢᠯᠠᠯᠲᠠ ᠪᠠᠷ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ |
ᠣᠳᠣᠬᠢᠴᠢᠯᠠᠯᠲᠠ ᠳᠤ ᠬᠦᠴᠦᠨ ᠨᠡᠮᠡᠷᠢᠯᠡᠵᠦ᠂ ᠬᠥᠮᠥᠨ ᠲᠥᠷᠥᠯᠬᠢᠲᠡᠨ ᠤ ᠬᠥᠭᠵᠢᠯᠲᠡ ᠶᠢᠨ ᠲᠡᠦᠬᠡᠨ ᠳᠡᠭᠡᠷᠡᠬᠢ ᠴᠣ ᠰᠢᠨ᠎ᠡ |
ᠵᠢᠷᠤᠭ ᠲᠥᠰᠥᠪ ᠢ ᠵᠢᠷᠤᠭᠯᠠᠵᠤ᠂ ᠳᠡᠯᠡᠬᠡᠢ ᠳ᠋ᠠᠬᠢᠨ ᠤ ᠡᠩᠬᠡ ᠲᠠᠶᠢᠪᠤᠩ᠂ ᠠᠮᠤᠷ ᠲᠦᠪᠰᠢᠨ᠂ ᠬᠥᠭᠵᠢᠯ ᠴᠡᠴᠡᠭᠯᠡᠯ᠂ |
ᠲᠠᠪᠰᠢᠯᠳᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠬᠤ ᠶᠢ ᠬᠠᠮᠲᠤ ᠪᠠᠷ ᠠᠬᠢᠭᠤᠯᠵᠠᠭᠠᠶ᠎ᠠ︕ |
ᠪᠠᠶᠠᠷᠯᠠᠯ᠎ᠠ᠃ |