︽ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠦᠭᠦ |
ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠦᠷᠦ ᠶᠢᠨ ᠶᠠᠪᠤᠳᠠᠯ ᠤᠨ |
ᠬᠤᠷᠢᠶ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠠᠷᠠᠳ ᠤᠨ ᠳᠡᠭᠡᠳᠦ ᠰᠢᠭᠦᠬᠦ ᠬᠤᠷᠢᠶ᠎ᠠ ᠠᠷᠠᠳ ᠤᠨ ᠳᠡᠭᠡᠳᠦ |
ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠪᠠ ᠲᠥᠪ ᠤᠨ |
ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ ᠰᠤᠳᠤᠯᠤᠭᠰᠠᠨ ᠶᠡᠷᠦᠩᠬᠡᠢ ᠪᠠᠶᠢᠳᠠᠯ ᠤᠨ |
ᠮᠡᠳᠡᠭᠦᠯᠦᠯᠲᠡ︾ ︽ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ |
ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠰᠠᠨᠠᠯ︾ ᠢ ᠬᠢᠨᠠᠨ ᠵᠥᠪᠯᠡᠵᠡᠢ |
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ |
ᠡᠷᠭᠢᠯᠡᠵᠡᠢ |
|
ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ |
ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 1 ᠰᠠᠷ᠎ᠠ ᠶᠢᠨ 20 ᠤ ᠡᠳᠦᠷ ᠬᠤᠷᠠᠯ |
ᠬᠤᠷᠠᠯᠳᠤᠭᠤᠯᠵᠤ᠂ ︽ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ |
ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ |
ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ |
ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ |
ᠮᠡᠳᠡᠭᠦᠯᠦᠯᠲᠡ ᠪᠠ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ ᠰᠤᠳᠤᠯᠤᠭᠰᠠᠨ |
ᠶᠡᠷᠦᠩᠬᠡᠢ ᠪᠠᠶᠢᠳᠠᠯ ᠤᠨ ᠮᠡᠳᠡᠭᠦᠯᠦᠯᠲᠡ︾᠂ ︽ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ |
ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠰᠠᠨᠠᠯ︾ ᠢ ᠬᠢᠨᠠᠨ ᠵᠥᠪᠯᠡᠵᠡᠢ᠃ ᠳᠤᠮᠳᠠᠳᠤ |
ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃ |
ᠬᠤᠷᠠᠯ ᠠᠴᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ |
ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ |
ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠪᠣᠯᠣᠨ ᠲᠥᠪ ᠤᠨ |
ᠱᠦᠵᠢ ᠨᠠᠷ ᠤᠨ ᠭᠠᠵᠠᠷ ᠤᠨ 2024 ᠣᠨ ᠤ ᠠᠵᠢᠯ ᠢ ᠭᠦᠢᠴᠡᠳ ᠨᠤᠲᠠᠯᠠᠵᠤ᠂ 2025 ᠣᠨ ᠤ ᠠᠵᠢᠯ ᠤᠨ |
ᠲᠣᠬᠢᠷᠠᠭᠤᠯᠤᠯᠲᠠ ᠶᠢ ᠨᠢ ᠵᠥᠪᠰᠢᠶᠡᠷᠡᠪᠡ᠃ ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ 5 ᠨᠠᠮ ᠤᠨ ᠤᠳᠤᠷᠢᠳᠬᠤ |
ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ |
ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ |
ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ |
ᠲᠤᠰᠢᠶᠠᠯ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠲᠤᠰ |
ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ |
ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ |
ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ |
ᠪᠦᠭᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠪᠡ᠃ ᠲᠥᠪ ᠤᠨ ᠱᠦᠵᠢ ᠨᠠᠷ ᠤᠨ ᠭᠠᠵᠠᠷ ᠨᠢ ᠨᠠᠮ ᠤᠨ |
ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ |
ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ |
ᠢᠳᠡᠪᠬᠢᠲᠡᠢ ᠠᠵᠢᠯᠯᠠᠵᠤ᠂ ᠨᠠᠮ ᠤᠨ ᠲᠥᠪ ᠬᠤᠷᠢᠶ᠎ᠠ ᠶᠢᠨ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ |
ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ |
ᠪᠠᠶᠢᠭᠤᠯᠤᠯᠲᠠ ᠶᠢ ᠴᠢᠩᠭᠠᠳᠬᠠᠬᠤ᠂ ᠤᠯᠠᠨ ᠲᠦᠮᠡᠨᠴᠢ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠠ |
ᠥᠭᠡᠷᠡᠴᠢᠯᠡᠯᠲᠡ ᠶᠢ ᠵᠢᠯᠤᠭᠤᠳᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ |
ᠬᠥᠩᠭᠡᠷᠡᠭᠦᠯᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠡᠢ ᠭᠡᠵᠦ ᠦᠵᠡᠪᠡ᠃ |
ᠬᠤᠷᠠᠯ ᠠᠴᠠ᠂ ᠰᠢᠨ᠎ᠡ ᠨᠢᠭᠡ ᠵᠢᠯ ᠳᠤ᠂ 5 ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠰᠢ ᠶᠢᠨ ᠫᠢᠩ ᠤᠨ |
ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ |
ᠵᠢᠯᠣᠭᠤᠳᠤᠯᠭ᠎ᠠ ᠪᠤᠯᠭᠠᠵᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠭᠡᠬᠦ ᠡᠨᠡ ᠬᠦ |
ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠢ ᠪᠠᠷᠢᠮᠲᠠᠯᠠᠵᠤ᠂ ᠦᠵᠡᠯ ᠰᠠᠨᠠᠭ᠎ᠠ ᠪᠠᠨ ᠨᠢᠭᠡᠳᠬᠡᠬᠦ᠂ ᠴᠢᠭᠯᠡᠯ ᠢᠶᠠᠨ |
ᠨᠢᠭᠡᠳᠬᠡᠬᠦ᠂ ᠵᠠᠷᠯᠢᠭ ᠴᠠᠭᠠᠵᠠ ᠶᠢ ᠳᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠵᠥᠪ ᠠᠵᠢᠯ ᠤᠨ ᠠᠮᠵᠢᠯᠲᠠ |
ᠪᠦᠲᠦᠮᠵᠢ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠠᠵᠢᠯ ᠬᠢᠬᠦ ᠶᠢ ᠲᠡᠷᠢᠭᠦᠨ ᠳᠤ ᠲᠠᠯᠪᠢᠬᠤ ᠶᠢ |
ᠪᠠᠷᠢᠮᠲᠠᠯᠠᠵᠤ᠂ ᠡᠷᠡᠮᠡᠬᠡᠶᠢᠯᠡᠨ ᠤᠷᠤᠭᠰᠢᠯᠠᠵᠤ᠂ ᠴᠢᠳᠠᠮᠠᠭᠠᠢ ᠬᠢᠵᠦ ᠴᠢᠳᠠᠮᠠᠭᠠᠢ ᠠᠵᠢᠯᠯᠠᠵᠤ᠂ ᠬᠦᠴᠦ ᠪᠠᠨ ᠬᠠᠮᠲᠤᠳᠬᠠᠨ |
ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ |
ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ |
ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠲᠥᠪ ᠤᠨ ᠱᠦᠵᠢ ᠨᠠᠷ ᠤᠨ |
ᠭᠠᠵᠠᠷ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠤᠯᠤᠰ ᠲᠦᠷᠦ ᠶᠢᠨ ᠴᠢᠳᠠᠪᠤᠷᠢ ᠪᠠᠨ |
ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠤᠰ ᠪᠡᠶ᠎ᠡ ᠶᠢᠨ |
ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢᠨ ᠲᠤᠰᠢᠶᠠᠭᠰᠠᠨ ᠡᠯ᠎ᠡ ᠵᠦᠢᠯ ᠤᠨ ᠡᠭᠦᠷᠭᠡ ᠶᠢ ᠴᠢᠨᠠᠷ |
ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ |
ᠬᠤᠷᠠᠯ ᠠᠴᠠ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ |
ᠬᠥᠭᠵᠢᠯᠲᠡ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠣᠯᠣᠨ ᠥᠨᠢᠳᠡ ᠶᠢᠨ |
ᠬᠥᠭᠵᠢᠯᠲᠡ ᠲᠠᠢ ᠬᠤᠯᠪᠣᠭᠳᠠᠬᠤ ᠮᠢᠩᠭᠠᠨ ᠣᠨ ᠤ ᠠᠤᠭ᠎ᠠ ᠪᠣᠳᠣᠯᠭ᠎ᠠ ᠮᠥᠨ᠂ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ |
ᠪᠣᠳᠣᠯᠭ᠎ᠠ ᠶᠢᠨ ᠵᠣᠷᠢᠯᠲᠠ ᠶᠢ ᠭᠦᠨᠵᠡᠭᠡᠢ ᠣᠶᠢᠯᠠᠭᠠᠵᠤ᠂ ᠬᠠᠮᠠᠭᠠᠯᠠᠬᠤ ᠶᠢ ᠴᠢᠬᠤᠯᠠᠴᠢᠯᠠᠬᠤ᠂ ᠵᠠᠰᠠᠯᠲᠠ ᠪᠠᠷ ᠭᠤᠣᠯᠳᠠᠯᠭ᠎ᠠ |
ᠪᠤᠯᠭᠠᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ |
ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠤ᠂ ᠬᠠᠲᠤᠨ ᠭᠤᠣᠯ ᠤᠨ ᠬᠠᠮᠠᠭᠠᠯᠠᠯᠲᠠ ᠶᠢᠨ |
ᠬᠠᠤᠯᠢ ᠶᠢ ᠪᠦᠭᠦ ᠲᠠᠯ᠎ᠠ ᠪᠠᠷ ᠬᠡᠷᠡᠭᠵᠢᠭᠦᠯᠬᠦ ᠶᠢ ᠠᠬᠢᠭᠤᠯᠵᠤ᠂ ᠪᠠᠶᠢᠭᠠᠯᠢ ᠶᠢᠨ ᠵᠢᠮ᠎ᠡ ᠶᠣᠰᠣ ᠶᠢ ᠭᠦᠨᠳᠦᠳᠭᠡᠵᠦ᠂ ᠤᠰᠤ |
ᠬᠢᠭᠡᠳ ᠬᠥᠮᠥᠨ ᠠᠮᠠ᠂ ᠠᠮᠤ ᠪᠤᠳᠠᠭ᠎ᠠ᠂ ᠡᠨᠧᠷᠭᠢ ᠶᠢᠨ ᠬᠠᠷᠢᠴᠠᠭ᠎ᠠ ᠶᠢ ᠭᠤᠣᠯᠳᠠᠯᠭ᠎ᠠ ᠲᠠᠢ ᠰᠠᠶᠢᠲᠤᠷ ᠰᠢᠢᠳᠪᠦᠷᠢᠯᠡᠵᠦ᠂ |
ᠬᠥᠭᠵᠢᠯᠲᠡ ᠶᠢᠨ ᠭᠡᠯᠪᠡᠷᠢ ᠶᠢ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ |
ᠬᠡᠷᠡᠭᠲᠡᠢ ᠭᠡᠵᠦ ᠵᠢᠭᠠᠵᠤ ᠭᠠᠷᠭᠠᠪᠠ᠃ |
ᠬᠤᠷᠠᠯ ᠠᠴᠠ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠶᠡᠭᠡ ᠬᠠᠮᠠᠭᠠᠯᠠᠯᠲᠠ ᠶᠡᠭᠡ |
ᠬᠠᠮᠵᠢᠯᠴᠠᠭ᠎ᠠ ᠶᠢᠨ ᠪᠠᠶᠢᠷᠢᠰᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠳᠡᠭᠡᠷ᠎ᠡ ᠤᠷᠤᠰᠬᠠᠯ ᠤᠨ ᠤᠰᠤᠨ ᠤ ᠡᠬᠢ |
ᠰᠤᠷᠪᠤᠯᠵᠢ ᠶᠢ ᠬᠠᠳᠠᠭᠠᠯᠠᠬᠤ ᠠᠷᠴᠢᠯᠠᠬᠤ ᠴᠢᠳᠠᠪᠤᠷᠢ ᠶᠢ ᠰᠢᠰᠲ᠋ᠧᠮ ᠲᠠᠢ ᠳᠡᠭᠡᠭᠰᠢᠯᠡᠭᠦᠯᠵᠦ᠂ ᠳᠤᠮᠳᠠ ᠤᠷᠤᠰᠬᠠᠯ ᠤᠨ |
ᠬᠥᠷᠥᠰᠥ ᠰᠢᠷᠣᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠳᠣᠣᠷ᠎ᠠ ᠤᠷᠤᠰᠬᠠᠯ ᠤᠨ ᠨᠤᠭᠤ ᠭᠠᠵᠠᠷ ᠤᠨ ᠬᠠᠮᠠᠭᠠᠯᠠᠯᠲᠠ ᠪᠠ |
ᠠᠮᠢ ᠠᠬᠤᠢ ᠶᠢᠨ ᠵᠠᠰᠠᠯᠲᠠ ᠶᠢ ᠠᠬᠢᠭᠤᠯᠬᠤ ᠬᠡᠷᠡᠭᠲᠡᠢ᠃ ᠤᠰᠤᠨ ᠤ ᠡᠬᠢ ᠪᠠᠶᠠᠯᠢᠭ ᠢ ᠬᠠᠮᠤᠭ ᠤᠨ ᠴᠢᠩᠭ᠎ᠠ ᠬᠢᠵᠠᠭᠠᠷᠯᠠᠯ |
ᠪᠤᠯᠭᠠᠵᠤ᠂ ᠤᠰᠤ ᠠᠷᠪᠢᠯᠠᠬᠤ ᠳᠠᠯᠳᠠ ᠬᠦᠴᠦᠨ ᠢ ᠭᠦᠨ ᠠᠭᠤᠳᠠᠯᠬᠤ ᠬᠡᠷᠡᠭᠲᠡᠢ᠃ ᠬᠠᠲᠤᠨ ᠭᠤᠣᠯ ᠤᠨ ᠡᠭᠦᠷᠢᠳᠡ |
ᠨᠣᠮᠣᠬᠠᠨ ᠳᠥᠯᠭᠡᠨ ᠪᠠᠶᠢᠬᠤ ᠶᠢ ᠥᠴᠥᠬᠡᠨ ᠴᠦ ᠰᠤᠯᠠᠷᠠᠭᠤᠯᠤᠯ ᠦᠭᠡᠢ ᠪᠠᠲᠤᠯᠠᠵᠤ᠂ ᠴᠢᠬᠤᠯᠠ ᠬᠠᠰᠢᠯᠭ᠎ᠠ ᠴᠥᠭᠦᠷᠥᠮ |
ᠪᠣᠯᠣᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠥᠭᠡᠷᠡᠴᠢᠯᠡᠯᠲᠡ ᠶᠢ ᠪᠦᠭᠦ ᠲᠠᠯ᠎ᠠ ᠪᠠᠷ |
ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠳᠤᠮᠳᠠ |
ᠣᠷᠣᠨ ᠢ ᠬᠥᠭᠵᠢᠭᠦᠯᠦᠨ ᠮᠠᠨᠳᠤᠭᠤᠯᠬᠤ ᠵᠡᠷᠭᠡ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ |
ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ |
ᠬᠡᠷᠡᠭᠲᠡᠢ᠃ ᠬᠠᠲᠤᠨ ᠭᠤᠣᠯ ᠤᠨ ᠰᠣᠶᠣᠯ ᠢ ᠬᠠᠮᠠᠭᠠᠯᠠᠨ ᠤᠯᠠᠮᠵᠢᠯᠠᠨ ᠪᠠᠳᠠᠷᠠᠭᠤᠯᠵᠤ᠂ ᠰᠣᠶᠣᠯ ᠤᠨ ᠥᠪ ᠤᠨ ᠪᠦᠬᠦᠯᠢ |
ᠴᠣᠭᠴᠠ ᠶᠢᠨ ᠴᠢᠨᠠᠷᠲᠠᠢ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠴᠢᠩᠭᠠᠳᠬᠠᠵᠤ᠂ ᠲᠡᠦᠬᠡ ᠰᠣᠶᠣᠯ ᠤᠨ ᠭᠤᠯᠣᠮᠲᠠ |
ᠪᠣᠯᠣᠨ ᠦᠨᠳᠦᠰᠦᠲᠡᠨ ᠤ ᠤᠭ ᠢᠵᠠᠭᠤᠷ ᠢ ᠤᠯᠠᠮᠵᠢᠯᠠᠨ ᠵᠠᠯᠭᠠᠮᠵᠢᠯᠠᠵᠤ᠂ ᠰᠣᠶᠣᠯ ᠪᠣᠯᠣᠨ ᠵᠢᠭᠤᠯᠴᠢᠯᠠᠯ ᠤᠨ |
ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ |
ᠤᠳᠤᠷᠢᠳᠬᠤ ᠳᠤᠭᠤᠶᠢᠯᠠᠩ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ |
ᠵᠢᠯᠤᠭᠤᠳᠬᠤ ᠪᠠᠨ ᠴᠢᠩᠭᠠᠳᠬᠠᠵᠤ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠮᠵᠢᠬᠦ ᠡᠷᠴᠢᠮ ᠢᠶᠠᠨ |
ᠴᠢᠩᠭᠠᠷᠠᠭᠤᠯᠵᠤ᠂ ᠬᠠᠲᠤᠨ ᠭᠤᠣᠯ ᠳᠠᠭᠠᠤ ᠶᠢᠨ ᠮᠤᠵᠢ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ |
ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠠᠮ ᠤᠨ ᠲᠥᠪ ᠬᠤᠷᠢᠶ᠎ᠠ ᠶᠢᠨ |
ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠭᠤᠣᠯᠳᠠᠯᠭ᠎ᠠ ᠲᠠᠢ ᠡᠭᠦᠷᠭᠡ ᠶᠢᠨ |
ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠴᠢᠬᠤᠯᠠ ᠶᠡᠭᠡ ᠥᠭᠡᠷᠡᠴᠢᠯᠡᠯᠲᠡ ᠶᠢᠨ ᠵᠦᠢᠯᠡᠰ ᠢ |
ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |