ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 6 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ |
ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ |
ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠤ ᠦᠳᠡ ᠶᠢᠨ ᠡᠮᠦᠨ᠎ᠡ ᠳᠤᠮᠳᠠᠳᠤ ᠤᠯᠤᠰ ᠤᠨ ᠡᠪ ᠬᠠᠮᠲᠤ |
ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ |
ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ ᠦᠶ᠎ᠡ ᠠᠴᠠ ᠨᠠᠭᠠᠰᠢ᠂ ᠪᠦᠭᠦ ᠲᠠᠯ᠎ᠠ ᠪᠠᠷ ᠨᠠᠮ ᠢ |
ᠴᠢᠩᠭ᠎ᠠ ᠵᠠᠰᠠᠬᠤ ᠪᠠ ᠢᠯᠵᠢᠷᠡᠯ ᠢ ᠡᠰᠡᠷᠭᠦᠴᠡᠬᠦ ᠲᠡᠮᠡᠴᠡᠯ ᠢ ᠠᠬᠢᠭᠤᠯᠬᠤ ᠡᠷᠴᠢᠮ ᠤᠷᠢᠳ ᠡᠮᠦᠨ᠎ᠡ ᠪᠠᠶᠢᠭ᠎ᠠ ᠦᠭᠡᠢ |
ᠴᠢᠩᠭᠠᠷᠠᠵᠤ᠂ ᠦᠷ᠎ᠡ ᠪᠦᠲᠦᠮᠵᠢ ᠨᠢ ᠤᠯᠠᠨ ᠤ ᠠᠩᠬᠠᠷᠤᠯ ᠢ ᠲᠠᠲᠠᠭᠰᠠᠨ ᠪᠠᠶᠢᠨ᠎ᠠ᠃ ᠢᠯᠵᠢᠷᠡᠯ ᠢ ᠡᠰᠡᠷᠭᠦᠴᠡᠬᠦ ᠠᠵᠢᠯ |
ᠡᠭᠦᠷᠢᠳᠡ ᠵᠣᠭᠰᠣᠰᠢ ᠦᠭᠡᠢ ᠪᠠᠶᠢᠬᠤ ᠡᠷᠡᠰ ᠪᠠᠲᠤ ᠪᠠᠷᠢᠮᠲᠠᠯᠠᠯ ᠢ ᠢᠮᠠᠭᠲᠠ ᠪᠠᠲᠤᠯᠠᠵᠤ᠂ ᠪᠠᠶᠢᠯᠳᠤᠬᠤ ᠪᠣᠳᠣᠯᠭ᠎ᠠ ᠶᠢᠨ |
ᠲᠣᠭᠲᠠᠯ ᠬᠦᠴᠦᠨ ᠪᠠ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ ᠨᠢᠭᠡ ᠠᠯᠬᠤᠮ ᠴᠤ ᠵᠣᠭᠰᠣᠯ ᠦᠭᠡᠢ᠂ ᠬᠠᠭᠠᠰ |
ᠠᠯᠬᠤᠮ ᠴᠤ ᠤᠬᠤᠷᠢᠬᠤ ᠦᠭᠡᠢ ᠪᠠᠶᠢᠵᠤ᠂ ᠢᠯᠵᠢᠷᠡᠬᠦ ᠠᠴᠠ ᠵᠢᠷᠦᠬᠡᠰᠢᠶᠡᠬᠦ᠂ ᠢᠯᠵᠢᠷᠡᠵᠦ ᠪᠤᠯᠬᠤ ᠦᠭᠡᠢ᠂ ᠢᠯᠵᠢᠷᠡᠬᠦ ᠶᠢ |
ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠡᠨᠡ ᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠂ |
ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠵᠦ |
ᠴᠢᠬᠤᠯᠠᠴᠢᠯᠠᠪᠠ᠃ |
|
1 ᠰᠠᠷ᠎ᠠ ᠶᠢᠨ 6 ᠤ ᠡᠳᠦᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ |
ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠤᠮᠳᠠᠳᠤ |
ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ |
ᠳᠥᠷᠪᠡᠳᠦᠭᠡᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ |
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ |
|
ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ |
ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ |
ᠬᠤᠷᠠᠯ ᠳᠤ ᠣᠷᠣᠯᠴᠠᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ |
ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠯᠢ ᠰᠢ |
ᠬᠤᠷᠠᠯ ᠢ ᠡᠷᠭᠢᠯᠡᠪᠡ᠃ |
ᠰᠢ ᠶᠢᠨ ᠫᠢᠩ᠂ 2024 ᠣᠨ ᠳᠤ᠂ ᠨᠠᠮ ᠤᠨ ᠲᠥᠪ ᠬᠤᠷᠢᠶ᠎ᠠ ᠠᠴᠠ ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ |
ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ |
ᠢᠮᠠᠭᠲᠠ ᠲᠤᠭᠤᠰᠢᠯᠠᠭᠤᠯᠵᠤ᠂ ᠰᠢᠨ᠎ᠡ ᠠᠬᠢᠴᠠ ᠪᠠ ᠦᠷ᠎ᠡ ᠪᠦᠲᠦᠮᠵᠢ ᠣᠯᠪᠠ᠃ ᠪᠦᠭᠦ ᠨᠠᠮ ᠢᠶᠠᠷ ᠢᠶᠠᠨ ᠥᠪᠡᠷ ᠪᠡᠶ᠎ᠡ ᠶᠢᠨ |
ᠬᠤᠪᠢᠰᠬᠠᠯ ᠬᠢᠬᠦ ᠡᠨᠡ ᠬᠦ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠲᠠᠨᠢᠯᠲᠠ ᠨᠢ ᠨᠡᠩ ᠰᠡᠷᠭᠡᠭ ᠪᠣᠯᠵᠤ᠂ ᠦᠢᠯᠡ |
ᠠᠵᠢᠯᠯᠠᠭ᠎ᠠ ᠨᠢ ᠨᠡᠩ ᠡᠷᠡᠰ ᠪᠠᠲᠤ ᠪᠤᠯᠪᠠ︔ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ |
ᠪᠠᠲᠤᠲᠠᠢ ᠥᠷᠨᠢᠭᠦᠯᠵᠦ᠂ ᠪᠦᠭᠦ ᠨᠠᠮ ᠤᠨ ᠨᠥᠬᠦᠳ ᠤᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ |
ᠤᠬᠠᠮᠰᠠᠷ ᠢᠯᠡᠳᠲᠡ ᠴᠢᠩᠭᠠᠷᠠᠪᠠ︔ ᠢᠯᠵᠢᠷᠡᠯ ᠢ ᠡᠰᠡᠷᠭᠦᠴᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ |
ᠢᠯᠵᠢᠷᠡᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠠᠷᠢᠯᠭᠠᠪᠠ︔ ᠤᠯᠠᠨ ᠲᠦᠮᠡᠨ ᠤ ᠳᠡᠷᠭᠡᠳᠡᠬᠢ |
ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠢ |
ᠥᠷᠨᠢᠭᠦᠯᠵᠦ᠂ ᠤᠯᠠᠨ ᠲᠦᠮᠡᠨ ᠤ ᠲᠤᠰᠬᠠᠯ ᠴᠢᠩᠭ᠎ᠠ ᠠᠯᠢ ᠤᠯᠠᠨ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠪᠡ︔ |
ᠳᠦᠷᠢᠮ ᠢᠶᠠᠷ ᠨᠠᠮ ᠢ ᠵᠠᠰᠠᠬᠤ᠂ ᠲᠣᠭᠲᠠᠭᠠᠯ ᠢᠶᠠᠷ ᠨᠠᠮ ᠢ ᠵᠠᠰᠠᠬᠤ ᠶᠢ ᠭᠦᠨᠵᠡᠭᠡᠶᠢᠷᠡᠭᠦᠯᠵᠦ᠂ ᠨᠠᠮ ᠠᠴᠠ ᠢᠯᠵᠢᠷᠡᠯ ᠢ |
ᠡᠰᠡᠷᠭᠦᠴᠡᠬᠦ ᠲᠡᠮᠡᠴᠡᠯ ᠢ ᠤᠳᠤᠷᠢᠳᠬᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠴᠢᠳᠠᠪᠤᠷᠢ ᠶᠢ ᠤᠯᠠᠮ |
ᠨᠢᠭᠡ ᠠᠯᠬᠤᠮ ᠳᠡᠭᠡᠭᠰᠢᠯᠡᠭᠦᠯᠪᠡ ᠭᠡᠵᠦ ᠵᠢᠭᠠᠵᠤ ᠭᠠᠷᠭᠠᠪᠠ᠃ |
ᠰᠢ ᠶᠢᠨ ᠫᠢᠩ᠂ ᠢᠯᠵᠢᠷᠡᠯ ᠪᠣᠯ ᠮᠠᠨ ᠤ ᠨᠠᠮ ᠳᠤ ᠲᠤᠯᠭᠠᠷᠠᠵᠤ ᠪᠠᠶᠢᠭ᠎ᠠ ᠬᠠᠮᠤᠭ ᠤᠨ ᠶᠡᠭᠡ ᠰᠦᠷᠳᠡᠭᠦᠯᠦᠯ ᠮᠥᠨ᠂ |
ᠢᠯᠵᠢᠷᠡᠯ ᠢ ᠡᠰᠡᠷᠭᠦᠴᠡᠬᠦ ᠪᠣᠯ ᠬᠠᠮᠤᠭ ᠤᠨ ᠲᠦᠢᠯᠪᠤᠷᠢᠲᠠᠢ ᠥᠪᠡᠷ ᠪᠡᠶ᠎ᠡ ᠶᠢᠨ ᠬᠤᠪᠢᠰᠬᠠᠯ ᠪᠣᠯᠣᠨ᠎ᠠ᠃ ᠰᠢᠨ᠎ᠡ ᠴᠠᠭ |
ᠦᠶ᠎ᠡ ᠳᠤ ᠣᠷᠣᠵᠤ᠂ ᠨᠠᠮ ᠤᠨ ᠳᠣᠲᠣᠭᠠᠳᠤ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ |
ᠢᠯᠵᠢᠷᠡᠯ ᠢ ᠡᠰᠡᠷᠭᠦᠴᠡᠬᠦ ᠲᠡᠮᠡᠴᠡᠯ ᠤᠨ ᠲᠣᠪᠤᠶᠢᠮ᠎ᠠ ᠠᠰᠠᠭᠤᠳᠠᠯ ᠤᠨ ᠡᠮᠦᠨ᠎ᠡ᠂ ᠪᠢᠳᠡ ᠢᠯᠵᠢᠷᠡᠭᠰᠠᠳ ᠪᠠᠶᠢᠪᠠᠯ ᠯᠠᠪᠲᠠᠢ |
ᠡᠰᠡᠷᠭᠦᠴᠡᠬᠦ᠂ ᠱᠠᠮᠰᠢᠭᠰᠠᠳ ᠪᠠᠶᠢᠪᠠᠯ ᠯᠠᠪᠲᠠᠢ ᠠᠷᠢᠯᠭᠠᠬᠤ ᠶᠢ ᠪᠠᠷᠢᠮᠲᠠᠯᠠᠵᠤ᠂ ᠺᠠᠳ᠋ᠷ ᠤᠨ ᠡᠩᠨᠡᠭᠡ ᠶᠢ ᠲᠠᠰᠤᠷᠠᠯᠳᠠ ᠦᠭᠡᠢ |
ᠴᠡᠪᠡᠷᠰᠢᠭᠦᠯᠵᠦ᠂ ᠨᠠᠮ ᠤᠨ ᠳᠦᠷᠢ ᠲᠥᠷᠬᠦ ᠶᠢ ᠬᠠᠮᠠᠭᠠᠯᠠᠨ᠂ ᠬᠤᠪᠢᠰᠬᠠᠯᠲᠤ ᠲᠦᠷᠦ ᠭᠦᠷᠦᠨ ᠢ ᠪᠠᠬᠢᠵᠢᠭᠦᠯᠵᠦ᠂ ᠨᠠᠮ ᠤᠨ |
ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠰᠤᠷᠲᠠᠯ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ |
ᠲᠡᠦᠬᠡᠨ ᠰᠠᠨᠠᠭᠠᠴᠢᠯᠠᠭᠠᠲᠤ ᠡᠷᠬᠡ ᠶᠢ ᠣᠯᠵᠤ᠂ ᠨᠠᠮ ᠠᠴᠠ ᠪᠦᠭᠦ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ |
ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ |
ᠲᠥᠯᠥᠭᠡ ᠬᠠᠮᠲᠤ ᠪᠠᠷ ᠲᠡᠮᠡᠴᠡᠬᠦ ᠲᠡᠦᠬᠡᠨ ᠰᠠᠨᠠᠭᠠᠴᠢᠯᠠᠭᠠᠲᠤ ᠡᠷᠬᠡ ᠶᠢ ᠣᠯᠪᠠ ᠭᠡᠵᠦ ᠴᠢᠬᠤᠯᠠᠴᠢᠯᠠᠪᠠ᠃ |
ᠰᠢ ᠶᠢᠨ ᠫᠢᠩ᠂ ᠣᠳᠣᠬᠠᠨ ᠤ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ |
ᠪᠤᠳᠤᠯᠢᠶᠠᠨᠲᠠᠢ ᠪᠠᠶᠢᠨ᠎ᠠ᠃ ᠢᠯᠵᠢᠷᠡᠯ ᠤᠨ ᠦᠯᠡᠳᠡᠭᠳᠡᠯ ᠬᠡᠮᠵᠢᠶ᠎ᠡ ᠶᠢ ᠬᠠᠷᠠᠬᠠᠨ ᠠᠷᠢᠯᠭᠠᠭᠠᠳᠤᠢ ᠪᠠᠶᠢᠵᠤ᠂ ᠨᠡᠮᠡᠭᠳᠡᠯ ᠤᠨ |
ᠬᠡᠮᠵᠢᠶ᠎ᠡ ᠪᠠᠰᠠ ᠦᠷᠭᠦᠯᠵᠢᠯᠡᠨ ᠡᠭᠦᠰᠴᠦ᠂ ᠢᠯᠵᠢᠷᠡᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ |
ᠠᠷᠢᠯᠭᠠᠬᠤ ᠡᠭᠦᠷᠭᠡ ᠮᠥᠨ ᠯᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠨ᠎ᠠ᠃ ᠢᠯᠵᠢᠷᠡᠯ ᠢ ᠡᠰᠡᠷᠭᠦᠴᠡᠬᠦ |
ᠲᠡᠮᠡᠴᠡᠯ ᠢ ᠲᠠᠨᠢᠬᠤ ᠳᠤ ᠵᠠᠪᠠᠯ ᠲᠡᠦᠬᠡᠨ ᠬᠠᠷᠠᠴᠠ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠲᠠᠢ ᠪᠠᠶᠢᠵᠤ᠂ ᠨᠠᠮ ᠤᠨ |
ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠶᠢ ᠪᠣᠳᠣᠯᠬᠢᠯᠠᠬᠤ ᠬᠡᠷᠡᠭᠲᠡᠢ᠃ ᠢᠯᠵᠢᠷᠡᠯ ᠢ ᠡᠰᠡᠷᠭᠦᠴᠡᠬᠦ ᠲᠡᠮᠡᠴᠡᠯ ᠨᠢ ᠡᠷᠬᠡᠪᠰᠢ |
ᠡᠷᠡᠰ ᠭᠤᠶᠢᠪᠢᠰᠢ ᠦᠭᠡᠢ ᠪᠠᠶᠢᠵᠤ᠂ ᠶᠠᠮᠠᠷᠪᠠ ᠡᠷᠡᠭᠡᠯᠵᠡᠬᠦ ᠭᠤᠶᠢᠪᠢᠯᠵᠠᠬᠤ᠂ ᠰᠤᠯᠠᠷᠠᠬᠤ ᠢᠯᠳᠠᠷ ᠬᠠᠶᠠᠬᠤ ᠪᠤᠶᠤ ᠳᠤᠲᠠᠭᠤ |
ᠲᠣᠷᠭᠤᠨ ᠵᠣᠬᠰᠣᠬᠤ ᠨᠢ ᠴᠥᠮ ᠨᠤᠷᠠᠭᠠᠯᠲᠠ ᠶᠢᠨ ᠴᠢᠨᠠᠷᠲᠠᠢ ᠠᠯᠳᠠᠭ᠎ᠠ ᠭᠠᠷᠭᠠᠬᠤ ᠪᠣᠯᠣᠨ᠎ᠠ᠃ ᠡᠯ᠎ᠡ ᠵᠦᠢᠯ ᠤᠨ ᠪᠤᠷᠤᠭᠤ |
ᠲᠠᠨᠢᠯᠲᠠ ᠶᠢ ᠡᠷᠡᠰ ᠲᠣᠳᠣᠷᠬᠠᠶᠢᠯᠠᠵᠤ᠂ ᠦᠵᠡᠯ ᠰᠠᠨᠠᠭᠠᠨ ᠤ ᠲᠥᠭᠡᠷᠢᠭᠳᠡᠯ ᠢ ᠠᠷᠢᠯᠭᠠᠨ᠂ ᠢᠯᠵᠢᠷᠡᠯ ᠢ ᠡᠰᠡᠷᠭᠦᠴᠡᠬᠦ |
ᠲᠡᠮᠡᠴᠡᠯ ᠤᠨ ᠡᠷᠡᠰ ᠵᠣᠷᠢᠭ ᠪᠠ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ ᠭᠡᠵᠦ ᠵᠢᠭᠠᠵᠤ |
ᠭᠠᠷᠭᠠᠪᠠ᠃ |
ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠡᠷᠬᠡᠪᠰᠢ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠣᠨ |
ᠴᠢᠩᠭ᠎ᠠ ᠪᠠᠶᠢᠬᠤ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠨᠡᠩ ᠶᠡᠭᠡ ᠦᠷ᠎ᠡ ᠪᠦᠲᠦᠮᠵᠢ |
ᠣᠯᠬᠤ ᠪᠠᠷ ᠴᠢᠷᠮᠠᠶᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ |
ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ |
ᠪᠠᠲᠤᠯᠠᠵᠤ᠂ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠠᠲᠤ |
ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ |
ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |
ᠰᠢ ᠶᠢᠨ ᠫᠢᠩ᠂ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠪᠣᠳᠠᠲᠠᠶᠢᠵᠢᠭᠤᠯᠬᠤ᠂ ᠣᠨᠣᠪᠴᠢᠲᠠᠢ ᠪᠤᠯᠭᠠᠬᠤ᠂ |
ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ |
ᠪᠠᠶᠢᠬᠤ ᠶᠢ ᠡᠷᠬᠡᠪᠰᠢ ᠬᠡᠯᠡᠭᠰᠡᠨ ᠳᠡᠭᠡᠨ ᠭᠦᠷᠲᠡᠯ᠎ᠡ ᠬᠢᠬᠦ ᠬᠡᠷᠡᠭᠲᠡᠢ᠃ ᠦᠵᠡᠯ ᠰᠠᠨᠠᠭᠠᠨ ᠤ ᠲᠠᠯ᠎ᠠ ᠪᠠᠷ᠂ ᠨᠠᠮ ᠤᠨ ᠰᠢᠨ᠎ᠡ ᠶᠢ |
ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢᠨ ᠲᠤᠰ |
ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠶᠢᠨ ᠲᠤᠬᠠᠢ ᠬᠠᠷᠠᠯᠲᠠ ᠪᠠᠶᠢᠷᠢ |
ᠲᠣᠭᠲᠠᠭᠠᠯᠲᠠ ᠪᠠ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠦᠵᠡᠯ ᠰᠠᠨᠠᠭ᠎ᠠ ᠨᠢᠭᠡᠳᠦᠯᠲᠡᠢ᠂ |
ᠴᠢᠭᠯᠡᠯ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠲᠠᠯ᠎ᠠ ᠪᠠᠷ᠂ ᠨᠠᠮ ᠤᠨ ᠲᠥᠪ |
ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠰᠠᠬᠢᠯᠭ᠎ᠠ ᠪᠠᠲᠤ |
ᠪᠣᠯᠣᠨ ᠤᠯᠤᠰ ᠲᠦᠷᠦ ᠶᠢᠨ ᠶᠣᠰᠣ ᠳᠦᠷᠢᠮ ᠢ ᠴᠢᠩᠳᠠᠯᠠᠵᠤ᠂ ︽ᠲᠤᠯᠤᠭᠠᠨ ᠪᠠᠶᠢᠬᠤ︾ ᠶᠢ ᠤᠬᠳᠤ ᠵᠥᠪᠰᠢᠶᠡᠷᠡᠬᠦ ᠦᠭᠡᠢ᠂ |
ᠦᠭᠡ ᠶᠠᠷᠢᠶ᠎ᠠ ᠦᠢᠯᠡ ᠠᠵᠢᠯᠯᠠᠭ᠎ᠠ ᠨᠢᠭᠡᠳᠦᠯᠲᠡᠢ ᠪᠠᠶᠢᠬᠤ᠂ ᠵᠠᠷᠯᠢᠭ ᠴᠠᠭᠠᠵᠠ ᠶᠢ ᠲᠠᠭᠠᠬᠤ ᠶᠢ ᠪᠠᠲᠤᠯᠠᠬᠤ ᠬᠡᠷᠡᠭᠲᠡᠢ᠃ |
ᠦᠢᠯᠡ ᠠᠵᠢᠯᠯᠠᠭ᠎ᠠ ᠶᠢᠨ ᠲᠠᠯ᠎ᠠ ᠪᠠᠷ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ |
ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠯᠤᠰ ᠲᠦᠷᠦ ᠶᠢᠨ ᠬᠢᠨᠠᠯᠲᠠ ᠲᠠᠯᠪᠢᠬᠤ ᠭᠤᠣᠯᠳᠠᠯᠭ᠎ᠠ |
ᠪᠤᠯᠭᠠᠵᠤ᠂ ᠬᠦᠴᠦ ᠪᠠᠨ ᠬᠠᠮᠲᠤᠳᠬᠠᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠠᠬᠢᠭᠤᠯᠵᠤ᠂ ᠴᠢᠨᠠᠷ ᠰᠠᠶᠢᠲᠠᠢ |
ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ |
ᠰᠢ ᠶᠢᠨ ᠫᠢᠩ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠨᠢᠭᠡ ᠵᠦᠢᠯ ᠤᠨ |
ᠪᠠᠶᠢᠩᠭᠤ ᠶᠢᠨ ᠴᠢᠨᠠᠷᠲᠠᠢ ᠠᠵᠢᠯ ᠪᠣᠯᠣᠨ᠎ᠠ᠂ ᠨᠠᠮ ᠤᠨ ᠭᠡᠰᠢᠭᠦᠨ᠂ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ |
ᠪᠤᠰᠤᠳ ᠢᠶᠠᠷ ᠱᠠᠭᠠᠷᠳᠠᠭᠤᠯᠬᠤ ᠶᠢ ᠪᠡᠶ᠎ᠡ ᠪᠠᠨ ᠪᠠᠷᠢᠬᠤ ᠪᠤᠯᠭᠠᠵᠤ᠂ ᠳᠣᠲᠣᠷ᠎ᠠ ᠪᠠᠨ ᠰᠠᠭᠤᠭᠳᠠᠭᠤᠯᠵᠤ ᠡᠳᠦᠷ ᠳᠤᠲᠤᠮ ᠤᠨ |
ᠠᠮᠢᠳᠤᠷᠠᠯ ᠳᠠᠭᠠᠨ ᠬᠡᠷᠡᠭᠯᠡᠵᠦ ᠳᠠᠳᠤᠭᠰᠠᠨ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ ᠬᠤᠪᠢᠷᠠᠭᠤᠯᠬᠤ |
ᠬᠡᠷᠡᠭᠲᠡᠢ᠃ ᠪᠠᠶᠢᠩᠭᠤᠵᠢᠭᠰᠠᠨ ᠤᠷᠲᠤ ᠬᠤᠭᠤᠴᠠᠭᠠᠨ ᠤ ᠪᠦᠲᠦᠮᠵᠢᠲᠡᠶ ᠰᠠᠬᠢᠯᠭ᠎ᠠ ᠪᠠᠲᠤ ᠶᠢᠨ ᠬᠥᠮᠦᠵᠢᠯ ᠤᠨ |
ᠲᠣᠭᠲᠠᠴᠠ ᠶᠢ ᠪᠠᠶᠢᠭᠤᠯᠵᠤ᠂ ᠰᠠᠬᠢᠯᠭ᠎ᠠ ᠪᠠᠲᠤ ᠶᠢᠨ ᠬᠥᠮᠦᠵᠢᠯ ᠢ ᠺᠠᠳ᠋ᠷ ᠤᠨ ᠦᠰᠦᠨ ᠪᠤᠶᠢᠵᠢᠬᠤ ᠪᠦᠭᠦ ᠦᠶᠡᠯᠡᠯ ᠳᠤ |
ᠲᠤᠭᠤᠰᠢᠯᠠᠭᠤᠯᠵᠤ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠦᠭᠦ ᠶᠠᠪᠤᠴᠠ ᠳᠤ ᠠᠭᠤᠰᠬᠠᠬᠤ ᠬᠡᠷᠡᠭᠲᠡᠢ᠃ |
ᠨᠠᠮ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ︽ᠲᠦᠷᠪᠡᠨ ᠵᠦᠢᠯ ᠤᠨ ᠭᠡᠯᠪᠡᠷᠢ ᠪᠠᠶᠢᠳᠠᠯ︾ ᠢ ᠵᠥᠪ |
ᠣᠨᠣᠪᠴᠢᠲᠠᠢ ᠬᠡᠷᠡᠭᠯᠡᠨ᠂ ᠦᠨᠡᠨ ᠠᠴᠠ ᠵᠥᠪ ᠢ ᠡᠷᠢᠵᠦ᠂ ᠬᠢᠯᠢᠰᠳᠡᠭᠦᠯᠬᠦ ᠦᠭᠡᠢ ᠪᠠᠰᠠ ᠳᠤᠷ᠎ᠠ ᠪᠠᠷ ᠨᠢ ᠲᠠᠯᠪᠢᠬᠤ ᠦᠭᠡᠢ᠂ |
ᠡᠷᠲᠡ ᠠᠴᠠ ᠠᠳᠬᠤᠵᠤ᠂ ᠪᠠᠭ᠎ᠠ ᠳᠡᠭᠡᠷ᠎ᠡ ᠨᠢ ᠰᠡᠷᠭᠡᠶᠢᠯᠡᠵᠦ᠂ ᠴᠢᠩᠭ᠎ᠠ ᠬᠠᠮᠢᠶᠠᠷᠤᠨ ᠬᠢᠨᠠᠬᠤ ᠪᠠ ᠬᠠᠷᠢᠭᠤᠴᠠᠯᠭ᠎ᠠ |
ᠡᠭᠦᠷᠭᠡᠯᠡᠬᠦ ᠶᠢ ᠵᠣᠷᠢᠭᠵᠢᠭᠤᠯᠬᠤ ᠶᠢ ᠨᠢᠭᠡᠳᠬᠡᠵᠦ᠂ ᠺᠠᠳ᠋ᠷᠴᠤᠳ ᠢ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ |
ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠠᠵᠢᠯ ᠬᠢᠵᠦ ᠦᠢᠯᠡᠰ ᠪᠣᠰᠬᠠᠬᠤ ᠪᠤᠯᠭᠠᠬᠤ ᠬᠡᠷᠡᠭᠲᠡᠢ |
ᠭᠡᠵᠦ ᠴᠢᠬᠤᠯᠠᠴᠢᠯᠠᠪᠠ᠃ |
ᠰᠢ ᠶᠢᠨ ᠫᠢᠩ᠂ ᠰᠤᠷᠲᠠᠯ ᠢᠯᠵᠢᠷᠡᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠬᠤ ᠠᠵᠢᠯ ᠢ ᠭᠦᠨᠵᠡᠭᠡᠢ |
ᠠᠬᠢᠭᠤᠯᠬᠤ ᠬᠡᠷᠡᠭᠲᠡᠢ᠃ ᠤᠬᠲᠤ ᠠᠭᠤᠴᠢᠯᠠᠬᠤ ᠦᠭᠡᠢ ᠪᠠᠶᠢᠬᠤ ᠶᠢ ᠢᠮᠠᠭᠲᠠ ᠪᠠᠷᠢᠮᠲᠠᠯᠠᠵᠤ᠂ ᠲᠥᠪ ᠤᠨ ᠨᠠᠢᠮᠠᠨ |
ᠲᠣᠭᠲᠠᠭᠠᠯ ᠢ ᠲᠡᠮᠦᠷ ᠶᠣᠰᠣ᠂ ᠬᠠᠲᠠᠭᠤ ᠪᠠᠷᠢᠮᠵᠢᠶ᠎ᠠ ᠪᠤᠯᠭᠠᠵᠤ᠂ ᠥᠰᠢᠯᠳᠦᠨ ᠰᠠᠬᠢᠯᠭ᠎ᠠ ᠪᠠᠲᠤ ᠶᠢ ᠵᠥᠷᠢᠴᠡᠭᠰᠡᠨ᠂ |
ᠳᠠᠯᠳᠠᠭᠤᠷ ᠣᠨᠳᠣᠣᠰᠢᠭᠰᠠᠨ ︽ᠲᠦᠷᠪᠡᠨ ᠰᠤᠷᠲᠠᠯ︾ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ |
ᠨᠠᠮ ᠤᠨ ᠭᠡᠰᠢᠭᠦᠨ᠂ ᠺᠠᠳ᠋ᠷᠴᠤᠳ ᠤᠨ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠢ ᠡᠷᠡᠰ |
ᠡᠰᠡᠷᠭᠦᠴᠡᠬᠦ ᠶᠢ ᠱᠠᠯᠠᠪᠳᠠᠭᠤᠯᠵᠤ᠂ ᠡᠷᠬᠡ ᠶᠢᠨ ᠲᠤᠬᠠᠢ ᠵᠥᠪ ᠦᠵᠡᠯᠲᠡ᠂ ᠠᠯᠪᠠᠨ ᠠᠮᠵᠢᠯᠲᠠ ᠶᠢᠨ ᠲᠤᠬᠠᠢ ᠵᠥᠪ ᠦᠵᠡᠯᠲᠡ᠂ |
ᠠᠵᠢᠯ ᠦᠢᠯᠡᠰ ᠤᠨ ᠲᠤᠬᠠᠢ ᠵᠥᠪ ᠦᠵᠡᠯᠲᠡ ᠶᠢ ᠪᠠᠲᠤ ᠪᠤᠢ ᠪᠤᠯᠭᠠᠬᠤ ᠬᠡᠷᠡᠭᠲᠡᠢ᠃ ᠢᠯᠵᠢᠷᠡᠯ ᠢ ᠡᠰᠡᠷᠭᠦᠴᠡᠬᠦ ᠰᠦᠷ |
ᠬᠦᠴᠦᠲᠦ ᠪᠠᠶᠢᠳᠠᠯ ᠢ ᠢᠮᠠᠭᠲᠠ ᠪᠠᠲᠤᠯᠠᠵᠤ᠂ ᠭᠤᠣᠯᠳᠠᠯᠭ᠎ᠠ ᠲᠠᠢ ᠠᠰᠠᠭᠤᠳᠠᠯ᠂ ᠭᠤᠣᠯᠳᠠᠯᠭ᠎ᠠ ᠲᠠᠢ ᠬᠦᠷᠢᠶ᠎ᠡ᠂ |
ᠭᠤᠣᠯᠳᠠᠯᠭ᠎ᠠ ᠲᠠᠢ ᠡᠲᠡᠭᠡᠳ ᠢ ᠭᠤᠣᠯᠳᠠᠯᠭ᠎ᠠ ᠲᠠᠢ ᠠᠳᠬᠤᠵᠤ᠂ ᠬᠡᠭᠡᠯᠢ ᠢᠳᠡᠵᠦ ᠬᠠᠭ᠋ᠤᠤᠯᠢ ᠲᠦᠯᠬᠢᠬᠦ ᠶᠢ ᠬᠠᠮᠲᠤ ᠳᠤᠨᠢ |
ᠪᠠᠶᠢᠴᠠᠭᠠᠬᠤ ᠠᠵᠢᠯ ᠢ ᠬᠦᠴᠦᠯᠡᠨ ᠭᠦᠨᠵᠡᠭᠡᠶᠢᠷᠡᠭᠦᠯᠵᠦ᠂ ᠰᠢᠰᠲ᠋ᠧᠮ ᠤᠨ ᠴᠢᠨᠠᠷᠲᠠᠢ ᠢᠯᠵᠢᠷᠡᠯ ᠤᠨ ᠠᠶᠤᠯ ᠲᠦᠭᠰᠢᠭᠦᠷᠢ ᠭᠡᠮ |
ᠰᠣᠭᠤᠭ ᠢ ᠡᠷᠡᠰ ᠠᠷᠢᠯᠭᠠᠬᠤ ᠬᠡᠷᠡᠭᠲᠡᠢ᠃ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ ᠵᠠᠰᠠᠯᠲᠠ ᠶᠢ ᠠᠬᠢᠭᠤᠯᠬᠤ ᠪᠣᠳᠠᠲᠤ |
ᠦᠷ᠎ᠡ ᠪᠦᠲᠦᠮᠵᠢ ᠶᠢ ᠴᠢᠩᠭᠠᠳᠬᠠᠵᠤ᠂ ᠡᠷᠬᠡ ᠶᠢᠨ ᠲᠣᠬᠢᠷᠠᠭᠤᠯᠤᠯᠲᠠ ᠶᠢᠨ ᠠᠵᠢᠯᠯᠠᠭᠠᠨ ᠤ ᠬᠢᠵᠠᠭᠠᠷᠯᠠᠯ ᠪᠠ ᠬᠢᠨᠠᠯᠲᠠ |
ᠲᠠᠯᠪᠢᠬᠤ ᠲᠣᠭᠲᠠᠴᠠ ᠶᠢ ᠠᠬᠢᠭᠤᠯᠤᠨ ᠲᠡᠭᠦᠯᠳᠡᠷᠵᠢᠭᠦᠯᠵᠦ᠂ ᠰᠢᠨ᠎ᠡ ᠮᠠᠶ᠋ᠢᠭ ᠤᠨ ᠢᠯᠵᠢᠷᠡᠯ ᠪᠠ ᠲᠠᠯᠳᠠ ᠢᠯᠵᠢᠷᠡᠯ ᠢ |
ᠰᠡᠷᠭᠡᠶᠢᠯᠡᠨ ᠵᠠᠰᠠᠬᠤ ᠪᠦᠲᠦᠮᠵᠢᠲᠡᠢ ᠠᠷᠭ᠎ᠠ ᠶᠢ ᠪᠠᠶᠠᠯᠢᠭᠵᠢᠭᠤᠯᠬᠤ ᠬᠡᠷᠡᠭᠲᠡᠢ᠃ ᠰᠤᠷᠲᠠᠯ ᠢ ᠲᠥᠪ ᠪᠣᠯᠭᠠᠨ ᠰᠠᠬᠢᠯᠭ᠎ᠠ |
ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ︽ᠬᠠᠮᠲᠤ ᠪᠠᠷ |
ᠪᠠᠶᠢᠴᠠᠭᠠᠬᠤ︾ ᠪᠠᠷ ᠰᠤᠷᠲᠠᠯ ᠢᠯᠵᠢᠷᠡᠯ ᠰᠣᠯᠪᠢᠴᠠᠭᠰᠠᠨ ᠠᠰᠠᠭᠤᠳᠠᠯ ᠢ ᠴᠢᠩᠭ᠎ᠠ ᠰᠢᠢᠳᠬᠡᠵᠦ᠂ ︽ᠬᠠᠮᠲᠤ ᠪᠠᠷ ᠵᠠᠰᠠᠬᠤ︾ |
ᠪᠠᠷ ᠰᠤᠷᠲᠠᠯ ᠢᠯᠵᠢᠷᠡᠯ ᠤᠨ ᠨᠡᠶᠢᠲᠡᠴᠢ ᠴᠢᠨᠠᠷ ᠤᠨ ᠦᠨᠳᠦᠰᠦ ᠰᠤᠷᠪᠤᠯᠵᠢ ᠶᠢ ᠠᠷᠢᠯᠭᠠᠬᠤ ᠬᠡᠷᠡᠭᠲᠡᠢ ᠭᠡᠵᠦ ᠵᠢᠭᠠᠵᠤ |
ᠭᠠᠷᠭᠠᠪᠠ᠃ |
ᠰᠢ ᠶᠢᠨ ᠫᠢᠩ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠬᠢᠨᠠᠯᠲᠠ |
ᠲᠠᠯᠪᠢᠬᠤ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ᠃ ᠨᠠᠮ ᠤᠨ ᠬᠤᠷᠢᠶ᠎ᠠ ᠰᠠᠨᠠᠭᠠᠴᠢᠯᠠᠭ᠎ᠠ ᠠᠴᠠ ᠪᠠᠨ ᠠᠳᠬᠤᠵᠤ᠂ |
ᠰᠠᠨᠠᠭᠠᠴᠢᠯᠠᠭ᠎ᠠ ᠠᠴᠠ ᠪᠠᠨ ᠬᠠᠮᠢᠶᠠᠷᠴᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠤᠰᠬᠠᠢ ᠬᠠᠷᠢᠭᠤᠴᠠᠯᠭ᠎ᠠ ᠶᠢᠨ |
ᠬᠢᠨᠠᠯᠲᠠ ᠶᠢ ᠰᠠᠶᠢᠲᠤᠷ ᠭᠦᠢᠴᠡᠳᠬᠡᠵᠦ᠂ ᠭᠤᠣᠯ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠣᠯ |
ᠠᠵᠢᠯ ᠢᠶᠠᠨ ᠰᠠᠶᠢᠲᠤᠷ ᠬᠢᠵᠦ᠂ ᠡᠯ᠎ᠡ ᠬᠠᠷᠢᠭᠤᠴᠠᠯᠭ᠎ᠠ ᠶᠢᠨ ᠭᠤᠣᠯ ᠴᠣᠭᠴᠠ ᠴᠥᠮ ᠬᠠᠷᠢᠭᠤᠴᠠᠯᠭ᠎ᠠ ᠪᠠᠨ ᠮᠡᠳᠡᠵᠦ᠂ |
ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠬᠠᠷᠢᠭᠤᠴᠠᠯᠭ᠎ᠠ ᠶᠢ |
ᠨᠠᠶᠢᠳᠠᠪᠤᠷᠢᠵᠢᠭᠤᠯᠬᠤ ᠶᠢ ᠰᠢᠯᠭᠠᠨ ᠦᠨᠡᠯᠡᠬᠦ ᠲᠣᠭᠲᠠᠴᠠ ᠶᠢ ᠰᠢᠯᠢᠳᠡᠭᠵᠢᠭᠦᠯᠵᠦ᠂ ᠲᠤᠰᠢᠶᠠᠯ ᠳᠠᠭᠠᠨ ᠤᠰᠤᠯᠳᠤᠵᠤ |
ᠬᠠᠷᠢᠭᠤᠴᠠᠯᠭ᠎ᠠ ᠪᠠᠨ ᠠᠯᠳᠠᠭᠰᠠᠳ ᠠᠴᠠ ᠣᠨᠣᠴᠠᠲᠠᠢ ᠰᠢᠨᠵᠢᠯᠡᠬᠦ ᠤᠬᠠᠭᠠᠨᠴᠢ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ |
ᠭᠡᠵᠦ ᠴᠢᠬᠤᠯᠠᠴᠢᠯᠠᠪᠠ᠃ |
ᠰᠢ ᠶᠢᠨ ᠫᠢᠩ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠲᠤ ᠲᠡᠶᠢᠰᠢ ᠦᠷᠭᠦᠯᠵᠢᠯᠡᠭᠦᠯᠬᠦ ᠶᠢ |
ᠦᠷᠭᠦᠯᠵᠢᠯᠡᠨ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠢᠯᠠᠩᠭᠤᠶ᠎ᠠ ᠬᠤᠲᠠ ᠰᠢᠶᠠᠨ ᠤ ᠨᠠᠮ ᠤᠨ |
ᠬᠤᠷᠢᠶ᠎ᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ |
ᠵᠠᠰᠠᠬᠤ ᠶᠢ ᠴᠢᠬᠤᠯᠠ ᠡᠭᠦᠷᠭᠡ ᠪᠣᠯᠭᠠᠨ ᠪᠠᠶᠢᠩᠭᠤᠵᠢᠭᠤᠯᠤᠨ ᠠᠳᠬᠤᠵᠤ᠂ ᠠᠷᠠᠳ ᠤᠯᠠᠨ ᠳᠤ ᠪᠠᠶᠠᠷᠲᠤ ᠲᠥᠷᠥᠭᠳᠡᠯ ᠥᠭᠬᠦ |
ᠬᠡᠷᠡᠭᠲᠡᠢ᠃ ᠦᠨᠳᠦᠰᠦᠨ ᠱᠠᠲᠤᠨ ᠤ ᠬᠢᠨᠠᠯᠲᠠ ᠲᠠᠯᠪᠢᠬᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ |
ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠶᠢ ᠦᠨᠳᠦᠰᠦᠨ ᠱᠠᠲᠤᠨ ᠤ ᠴᠠᠭᠳᠠᠨ |
ᠪᠠᠶᠢᠴᠠᠭᠠᠬᠤ ᠲᠠᠢ ᠤᠶᠠᠯᠳᠤᠭᠤᠯᠵᠤ᠂ ᠡᠯ᠎ᠡ ᠲᠠᠯ᠎ᠠ ᠶᠢᠨ ᠬᠢᠨᠠᠯᠲᠠ ᠲᠠᠢ ᠨᠢᠭᠡᠳᠦᠯᠲᠡᠢ ᠲᠥᠯᠥᠪᠯᠡᠬᠦ ᠬᠡᠷᠡᠭᠲᠡᠢ᠃ ᠬᠡᠯᠪᠡᠷᠢᠴᠢ |
ᠦᠵᠡᠯ ᠢ ᠴᠡᠭᠴᠡᠯᠡᠨ ᠵᠠᠰᠠᠬᠤ ᠶᠢ ᠨᠠᠶᠢᠳᠠᠪᠤᠷᠢᠵᠢᠭᠤᠯᠬᠤ ᠶᠢ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠤᠷᠳᠤ |
ᠬᠤᠭᠤᠴᠠᠭᠠᠨ ᠤ ᠪᠦᠲᠦᠮᠵᠢᠲᠡᠢ ᠲᠣᠭᠲᠠᠴᠠ ᠪᠤᠯᠭᠠᠵᠤ᠂ ᠥᠷᠭᠡᠨ ᠤᠯᠠᠨ ᠦᠨᠳᠦᠰᠦᠨ ᠱᠠᠲᠤᠨ ᠤ ᠺᠠᠳ᠋ᠷᠴᠤᠳ ᠲᠤ |
ᠨᠠᠶᠢᠳᠠᠪᠤᠷᠢᠵᠢᠭᠤᠯᠤᠯᠲᠠ ᠶᠢ ᠠᠳᠬᠤᠬᠤ ᠨᠡᠩ ᠤᠯᠠᠨ ᠤᠶᠤᠨ ᠴᠢᠳᠠᠯ ᠲᠠᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ |
ᠰᠢ ᠶᠢᠨ ᠫᠢᠩ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯ ᠨᠠᠮ ᠤᠨ ᠥᠪᠡᠷ ᠪᠡᠶ᠎ᠡ ᠶᠢᠨ |
ᠬᠤᠪᠢᠰᠬᠠᠯ ᠬᠢᠬᠦ ᠶᠢ ᠠᠬᠢᠭᠤᠯᠬᠤ ᠴᠢᠬᠤᠯᠠ ᠬᠦᠴᠦᠨ ᠮᠥᠨ᠂ ᠨᠠᠮ ᠪᠣᠯᠣᠨ ᠠᠷᠠᠳ ᠲᠦᠮᠡᠨ ᠡᠨᠡ ᠬᠦ ᠡᠩᠨᠡᠭᠡ ᠳᠤ |
ᠢᠲᠡᠭᠡᠯ ᠭᠦᠢᠴᠡᠳ᠂ ᠬᠦᠰᠡᠯ ᠡᠷᠡᠮᠡᠯᠵᠡᠯ ᠢᠶᠠᠷ ᠳᠦᠭᠦᠷᠡᠩ ᠪᠠᠶᠢᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ |
ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠬᠡ ᠣᠯᠭᠤᠬᠤ ᠪᠠ ᠡᠷᠬᠡ ᠡᠵᠡᠮᠳᠡᠬᠦ ᠶᠢ |
ᠤᠶᠠᠯᠳᠤᠭᠤᠯᠬᠤ ᠶᠢ ᠪᠠᠷᠢᠮᠲᠠᠯᠠᠵᠤ᠂ ᠡᠷᠬᠡ ᠶᠢ ᠳᠦᠷᠢᠮ ᠤᠨ ᠰᠢᠩᠭᠡᠯᠢᠭ ᠲᠤ ᠬᠤᠷᠢᠬᠤ ᠬᠡᠷᠡᠭᠲᠡᠢ᠃ ᠰᠠᠬᠢᠯᠭ᠎ᠠ ᠪᠠᠲᠤ |
ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠢᠷᠦᠮᠵᠢᠯᠲᠡ ᠬᠠᠤᠯᠢᠵᠢᠯᠲᠠ ᠵᠢᠩᠬᠢᠨᠢᠴᠢᠯᠡᠯᠲᠡ ᠶᠢᠨ ᠪᠠᠶᠢᠭᠤᠯᠤᠯᠲᠠ ᠶᠢ |
ᠬᠦᠴᠦᠯᠡᠨ ᠴᠢᠩᠭᠠᠳᠬᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ |
ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠢᠶᠠᠷ |
ᠴᠡᠭᠴᠡᠯᠡᠬᠦ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠡᠮᠦᠷ ᠢ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ |
ᠪᠠᠶᠢᠬᠤ ᠶᠢ ᠪᠠᠷᠢᠮᠲᠠᠯᠠᠵᠤ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ |
ᠴᠢᠬᠡᠴᠢ ᠬᠠᠷᠢᠭᠤᠴᠠᠯᠭ᠎ᠠ ᠲᠠᠢ᠂ ᠵᠣᠷᠢᠭᠲᠠᠢ ᠴᠢᠳᠠᠮᠠᠭᠠᠢ ᠲᠡᠮᠡᠴᠡᠳᠡᠭ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ |
ᠲᠡᠮᠦᠷ ᠴᠡᠷᠢᠭ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |
ᠯᠢ ᠰᠢ ᠬᠤᠷᠠᠯ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ᠂ ᠥᠩᠭᠡᠷᠡᠭᠰᠡᠨ |
ᠨᠢᠭᠡ ᠵᠢᠯ ᠤᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠶᠢ |
ᠭᠦᠢᠴᠡᠳ ᠨᠤᠲᠠᠯᠠᠵᠤ᠂ ᠠᠯᠤᠰ ᠭᠡᠳᠤ ᠶᠢᠨ ᠲᠡᠦᠬᠡ ᠶᠢᠨ ᠬᠠᠷᠠᠴᠠ ᠪᠠᠷ ᠢᠯᠵᠢᠷᠡᠯ ᠢ ᠡᠰᠡᠷᠭᠦᠴᠡᠬᠦ ᠲᠡᠮᠡᠴᠡᠯ ᠤᠨ ᠦᠨᠳᠦᠰᠦᠨ |
ᠵᠢᠮ᠎ᠡ ᠶᠣᠰᠣ ᠶᠢ ᠭᠦᠨᠵᠡᠭᠡᠢ ᠡᠵᠡᠮᠳᠡᠵᠦ᠂ ᠣᠳᠣᠬᠠᠨ ᠤ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠭᠦᠨᠵᠡᠭᠡᠢ |
ᠵᠠᠳᠠᠯᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ |
ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠪᠦᠭᠦ |
ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ |
ᠥᠭᠴᠡᠢ᠃ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠦᠵᠡᠯ ᠰᠠᠨᠠᠭ᠎ᠠ ᠭᠦᠨ ᠭᠦᠨᠵᠡᠭᠡᠢ᠂ |
ᠠᠰᠠᠭᠤᠳᠠᠯ ᠳᠤ ᠰᠢᠭᠤᠳ ᠬᠠᠨᠳᠤᠵᠤ᠂ ᠬᠥᠮᠥᠰ ᠢ ᠰᠡᠩᠬᠡᠷᠡᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ |
ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠴᠢᠬᠤᠯᠠ ᠵᠢᠷᠤᠮᠯᠠᠯ ᠬᠠᠩᠭᠠᠵᠠᠢ᠃ ᠶᠡᠷᠦᠩᠬᠡᠢ ᠱᠦᠵᠢ |
ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ |
ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ |
ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ |
ᠪᠡᠶᠡᠯᠡᠭᠦᠯᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠵᠣᠷᠢᠭᠲᠠᠢ ᠪᠠᠷ ᠲᠡᠮᠡᠴᠡᠵᠦ᠂ ᠪᠦᠭᠦ ᠲᠠᠯ᠎ᠠ ᠪᠠᠷ ᠨᠠᠮ ᠢ ᠴᠢᠩᠭ᠎ᠠ |
ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠯᠵᠢᠷᠠᠬᠤ ᠠᠴᠠ ᠵᠢᠷᠦᠬᠡᠰᠢᠶᠡᠬᠦ᠂ |
ᠢᠯᠵᠢᠷᠡᠵᠦ ᠪᠤᠯᠬᠤ ᠦᠭᠡᠢ᠂ ᠢᠯᠵᠢᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ |
ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ |
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ |
ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ |
ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ |
ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ |
ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ |
ᠨᠥᠬᠦᠳ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠪᠠ᠃ |
ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ |
ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠭᠦᠮ ᠤᠨ ᠭᠤᠣᠯ ᠬᠠᠷᠢᠭᠤᠴᠠᠯᠭᠠᠲᠠᠨ ᠨᠥᠬᠦᠳ᠂ ᠴᠡᠷᠢᠭ ᠠᠩᠭᠢ ᠶᠢᠨ |
ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠬᠤᠷᠠᠯ ᠨᠢ ᠲᠧᠯᠸᠢᠰ |
ᠤᠲᠠᠰᠤ ᠬᠤᠷᠠᠯ ᠤᠨ ᠭᠡᠯᠪᠡᠷᠢ ᠪᠠᠷ ᠶᠠᠪᠤᠭᠳᠠᠵᠤ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ |
ᠬᠤᠲᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠢᠴᠢ ᠴᠡᠷᠢᠭ ᠠᠩᠭᠢ ᠶᠢᠨ |
ᠬᠤᠯᠪᠣᠭᠳᠠᠯ ᠪᠦᠬᠦᠢ ᠨᠢᠭᠡᠴᠢ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃ |
ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ |
ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ 1 ᠰᠠᠷ᠎ᠠ ᠶᠢᠨ 6 ᠤ ᠡᠳᠦᠷ ᠪᠡᠭᠡᠵᠢᠩ ᠳᠤ ᠡᠬᠢᠯᠡᠪᠡ᠃ |
ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠢ ᠡᠷᠭᠢᠯᠡᠪᠡ᠃ 6 ᠤ |
ᠦᠳᠡ ᠶᠢᠨ ᠬᠤᠶᠢᠨ᠎ᠠ ᠯᠢ ᠰᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ |
ᠡᠮᠦᠨ᠎ᠡ ᠠᠴᠠ ︽ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ |
ᠭᠦᠨᠵᠡᠭᠡᠢ ᠠᠬᠢᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ |
ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠠᠵᠢᠯ ᠤᠨ |
ᠮᠡᠳᠡᠭᠦᠯᠦᠯᠲᠡ ᠬᠢᠪᠡ᠃ |
|