ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ |
ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠴᠢᠶᠠᠩ 2 ᠳ᠋ᠤᠭᠠᠷ ᠰᠠᠷ᠎ᠠ ᠶᠢᠨ 21 ᠤ ᠡᠳᠦᠷ ᠲᠥᠷᠥ ᠶᠢᠨ |
ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠬᠢᠯᠡᠨ ᠬᠤᠷᠠᠯᠳᠤᠭᠤᠯᠵᠤ᠂ ᠦᠢᠯᠡᠴᠢᠯᠡᠭᠡᠨ ᠤ ᠠᠷᠠᠯᠵᠢᠶ᠎ᠠ ᠪᠠ |
ᠦᠢᠯᠡᠴᠢᠯᠡᠭᠡᠨ ᠤ ᠬᠡᠷᠡᠭᠯᠡᠭᠡ ᠶᠢᠨ ᠬᠤᠯᠪᠣᠭᠳᠠᠯ ᠪᠦᠬᠦᠢ ᠠᠵᠢᠯ ᠢ ᠰᠤᠳᠤᠯᠵᠤ᠂ ︽ᠰᠢᠨ᠎ᠡ ᠡᠨᠧᠷᠭᠢ ᠶᠢᠨ ᠮᠠᠰᠢᠨ ᠲᠡᠷᠭᠡᠨ ᠤ |
ᠬᠥᠳᠡᠯᠭᠡᠭᠴᠢ ᠬᠦᠴᠦᠨ ᠤ ᠴᠡᠨᠡᠭ ᠢ ᠡᠭᠡᠭᠦᠯᠦᠨ ᠠᠪᠴᠤ ᠠᠰᠢᠭᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠠᠵᠢᠯᠯᠠᠭᠠᠨ ᠤ |
ᠲᠥᠰᠦᠯ︾ ᠢ ᠬᠢᠨᠠᠨ ᠵᠥᠪᠯᠡᠵᠦ ᠪᠠᠲᠤᠯᠠᠭᠰᠠᠨ ᠮᠥᠷᠲᠡᠭᠡᠨ᠂ 2024 ᠣᠨ ᠳᠠᠬᠢ ᠲᠦᠷᠦ ᠶᠢᠨ ᠶᠠᠪᠤᠳᠠᠯ ᠤᠨ ᠬᠤᠷᠢᠶᠠᠨ ᠤ |
ᠰᠠᠯᠠᠭ᠎ᠠ ᠮᠥᠴᠢᠷ ᠤᠳ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ |
ᠰᠠᠨᠠᠭᠤᠯᠭ᠎ᠠ ᠪᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ |
ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ |
ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠦᠢᠯᠡᠴᠢᠯᠡᠭᠡᠨ ᠤ ᠠᠷᠠᠯᠵᠢᠶ᠎ᠠ ᠪᠠ ᠦᠢᠯᠡᠴᠢᠯᠡᠭᠡᠨ ᠤ ᠬᠡᠷᠡᠭᠯᠡᠭᠡ ᠶᠢ |
ᠬᠥᠭᠵᠢᠭᠦᠯᠬᠦ ᠪᠣᠯ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢᠨ |
ᠴᠢᠬᠤᠯᠠ ᠭᠠᠷᠳᠠᠴᠠ ᠮᠥᠨ᠃ ᠰᠢᠨ᠎ᠡ ᠶᠢ ᠡᠭᠦᠳᠦᠨ ᠬᠦᠴᠦᠯᠡᠵᠦ ᠪᠠᠶᠢᠭᠠᠳ ᠦᠢᠯᠡᠴᠢᠯᠡᠭᠡᠨ ᠤ ᠠᠷᠠᠯᠵᠢᠶ᠎ᠠ ᠪᠠᠨ |
ᠳᠡᠭᠡᠭᠰᠢᠯᠡᠭᠦᠯᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶᠠᠨ ᠤ ᠲᠠᠯ᠎ᠠ ᠪᠠᠷ ᠬᠢ ᠬᠤᠷᠢᠭᠠᠲᠠᠢ ᠵᠦᠢᠯ ᠤᠨ ᠨᠠᠷᠢᠨ |
ᠲᠠᠩᠰᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ |
ᠲᠦᠷᠢᠮ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠴᠠᠬᠢᠯᠭᠠᠨ ᠬᠤᠯᠪᠣᠭ᠎ᠠ᠂ ᠰᠤᠷᠭᠠᠨ ᠬᠥᠮᠦᠵᠢᠯ᠂ ᠰᠣᠶᠣᠯ᠂ ᠡᠮ |
ᠡᠮᠨᠡᠯᠭᠡ᠂ ᠮᠥᠩᠭᠦᠨ ᠭᠦᠢᠯᠭᠡᠭᠡ ᠵᠡᠷᠭᠡ ᠬᠦᠷᠢᠶᠡᠨ ᠳᠤ ᠨᠢᠭᠡ ᠪᠦᠯᠦᠭ ᠰᠢᠨ᠎ᠡ ᠪᠠᠷ ᠨᠡᠭᠡᠭᠡᠯᠲᠡ ᠬᠢᠬᠦ ᠠᠷᠭ᠎ᠠ ᠬᠡᠮᠵᠢᠶ᠎ᠡ ᠶᠢ |
ᠰᠤᠳᠤᠯᠤᠨ ᠭᠠᠷᠭᠠᠨ᠎ᠠ᠃ ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢ ᠢᠳᠡᠪᠬᠢᠲᠡᠶ ᠠᠬᠢᠭᠤᠯᠵᠤ᠂ ᠮᠠᠨ ᠤ ᠤᠯᠤᠰ ᠤᠨ |
ᠦᠢᠯᠡᠴᠢᠯᠡᠭᠡᠨ ᠤ ᠠᠵᠤ ᠠᠬᠤᠶᠢᠯᠠᠯ ᠤᠳ ᠤᠨ ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠪᠠ ᠳᠡᠯᠡᠬᠡᠶᠢᠴᠢᠯᠡᠬᠦ |
ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠢᠯᠡᠴᠢᠯᠡᠭᠡᠨ ᠤ ᠠᠷᠠᠯᠵᠢᠶᠠᠨ ᠤ ᠶᠡᠷᠦᠩᠬᠡᠶᠢᠯᠡᠭᠰᠡᠨ |
ᠥᠭᠡᠷᠡᠴᠢᠯᠡᠯᠲᠡ ᠨᠡᠭᠡᠭᠡᠯᠳᠡ ᠶᠢᠨ ᠲᠠᠪᠴᠠᠩ ᠨᠤᠭᠤᠳ ᠢ ᠪᠠᠶᠢᠭᠤᠯᠵᠤ᠂ ᠦᠢᠯᠡᠴᠢᠯᠡᠭᠡᠨ ᠤ ᠠᠷᠠᠯᠵᠢᠶ᠎ᠠ᠂ ᠳ᠋ᠢᠭᠢᠲ |
ᠠᠷᠠᠯᠵᠢᠶᠠᠨ ᠤ ᠤᠯᠠᠨ ᠲᠠᠯᠠᠲᠤ ᠬᠤᠶᠠᠷ ᠲᠠᠯᠠᠲᠤ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠥᠷᠭᠡᠳᠬᠡᠨ᠎ᠡ᠃ |
ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ |
ᠴᠢᠨᠰᠠᠭ᠎ᠠ ᠶᠢ ᠳᠡᠭᠡᠭᠰᠢᠯᠡᠭᠦᠯᠵᠦ ᠠᠷᠠᠳ ᠲᠤ ᠠᠰᠢᠭ ᠬᠦᠷᠲᠡᠭᠡᠬᠦ ᠠᠵᠢᠯᠯᠠᠭᠠᠨ ᠢ ᠬᠡᠷᠡᠭᠵᠢᠭᠦᠯᠵᠦ᠂ ᠦᠢᠯᠡᠴᠢᠯᠡᠭᠡᠨ ᠤ |
ᠬᠡᠷᠡᠭᠯᠡᠭᠡ ᠶᠢᠨ ᠣᠷᠴᠢᠨ ᠪᠠᠶᠢᠳᠠᠯ ᠤᠨ ᠰᠢᠨ᠎ᠡ ᠶᠢ ᠡᠭᠦᠳᠬᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠭᠤᠰᠤᠯᠴᠠᠬᠤ᠂ |
ᠠᠵᠤ ᠦᠢᠯᠡᠰ ᠤᠨ ᠲᠥᠪᠯᠡᠷᠡᠬᠦ ᠶᠢ ᠳᠡᠮᠵᠢᠵᠦ᠂ ᠰᠣᠶᠣᠯ ᠵᠢᠭᠤᠯᠴᠢᠯᠠᠯ᠂ ᠬᠤᠭᠤᠯᠠ ᠤᠮᠳᠠ ᠬᠤᠨᠣᠭᠯᠠᠵᠤ ᠪᠠᠭᠤᠳᠠᠯᠯᠠᠬᠤ᠂ |
ᠨᠠᠰᠤᠵᠢᠯ ᠤᠨ ᠠᠰᠠᠷᠠᠮᠵᠢ ᠨᠠᠶᠢᠳᠠᠨ ᠰᠠᠭᠠᠲᠠᠭᠤᠯᠬᠤ᠂ ᠳ᠋ᠢᠭᠢᠲ ᠬᠡᠷᠡᠭᠯᠡᠭᠡ ᠵᠡᠷᠭᠡ ᠬᠦᠷᠢᠶᠡᠨ ᠤ ᠪᠠᠷᠢᠮᠵᠢᠶ᠎ᠠ ᠶᠢ |
ᠲᠡᠭᠦᠯᠳᠡᠷᠵᠢᠭᠦᠯᠦᠨ᠎ᠡ᠃ ︽ᠭᠠᠳᠠᠭᠠᠳᠤ ᠳᠤ ᠨᠡᠭᠡᠭᠡᠯᠲᠡ ᠬᠢᠬᠦ︾᠂ ︽ᠳᠣᠲᠣᠭᠠᠳᠤ ᠳᠤ ᠪᠠᠨ ᠴᠢᠯᠦᠭᠡᠲᠡᠢ ᠪᠠᠶᠢᠯᠭᠠᠬᠤ︾ |
ᠠᠷᠭ᠎ᠠ ᠪᠠᠷ ᠡᠳ᠋ ᠤᠨ ᠵᠠᠰᠠᠭ᠂ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ ᠵᠡᠷᠭᠡ ᠶᠢᠨ ᠲᠦᠷᠦ ᠶᠢᠨ ᠪᠤᠳᠤᠯᠭ᠎ᠠ ᠶᠢ |
ᠶᠡᠷᠦᠩᠬᠡᠶᠢᠯᠡᠨ ᠬᠡᠷᠡᠭᠯᠡᠵᠦ᠂ ᠵᠠᠬ᠎ᠠ ᠳᠡᠯᠭᠡᠭᠦᠷ ᠤᠨ ᠬᠦᠴᠦᠨ ᠢ ᠭᠦᠢᠴᠡᠳ ᠠᠰᠢᠭᠯᠠᠨ᠂ ᠴᠢᠨᠠᠷ ᠰᠠᠶᠢᠲᠠᠶ ᠦᠢᠯᠡᠴᠢᠯᠡᠭᠡᠨ ᠤ |
ᠬᠠᠩᠭᠠᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ ᠪᠠᠶᠢᠭᠠᠳ ᠤᠯᠠᠨ ᠲᠦᠮᠡᠨ ᠤ ᠤᠯᠠᠨ ᠶᠠᠩᠵᠤᠴᠢᠯᠠᠭᠰᠠᠨ |
ᠦᠢᠯᠡᠴᠢᠯᠡᠭᠡᠨ ᠤ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ ᠬᠠᠩᠭᠠᠨ᠎ᠠ᠃ |
ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ |
ᠬᠥᠳᠡᠯᠭᠡᠭᠴᠢ ᠬᠦᠴᠦᠨ ᠤ ᠴᠡᠨᠡᠭ ᠣᠳᠣᠬᠠᠨ ᠳᠤ ᠬᠡᠷᠡᠭᠴᠡᠭᠡ ᠠᠴᠠ ᠭᠠᠷᠬᠤ ᠬᠡᠪᠴᠢᠶᠡᠵᠢᠭᠰᠡᠨ ᠱᠠᠲᠤᠨ ᠳᠤ ᠣᠷᠣᠵᠤ᠂ |
ᠬᠥᠳᠡᠯᠭᠡᠭᠴᠢ ᠬᠦᠴᠦᠨ ᠤ ᠴᠡᠨᠡᠭ ᠢ ᠡᠭᠡᠭᠦᠯᠦᠨ ᠠᠪᠴᠤ ᠠᠰᠢᠭᠯᠠᠬᠤ ᠴᠢᠳᠠᠪᠤᠷᠢ ᠶᠢᠨ ᠬᠢᠷᠢ ᠲᠦᠪᠰᠢᠨ ᠢ ᠪᠦᠬᠦ ᠲᠠᠯ᠎ᠠ ᠪᠠᠷ |
ᠳᠡᠭᠡᠭᠰᠢᠯᠡᠭᠦᠯᠬᠦ ᠶᠠᠪᠤᠳᠠᠯ ᠮᠠᠰᠢ ᠴᠢᠬᠤᠯᠠ ᠪᠣᠯᠪᠠ᠃ ᠪᠦᠬᠦ ᠬᠡᠯᠬᠢᠶᠡᠨ ᠤ ᠬᠠᠮᠢᠶᠠᠷᠤᠯᠲᠠ ᠶᠢ ᠴᠢᠩᠭᠠᠳᠬᠠᠵᠤ᠂ ᠲᠦᠭᠵᠢᠷᠡᠯ |
ᠬᠠᠰᠢᠭᠳᠠᠯ ᠢ ᠬᠦᠴᠦᠯᠡᠨ ᠨᠡᠪᠲᠡᠷᠡᠭᠦᠯᠵᠦ᠂ ᠵᠢᠷᠤᠮᠵᠢᠭᠤᠨ᠂ ᠠᠮᠤᠷ ᠲᠦᠪᠰᠢᠨ᠂ ᠥᠨᠳᠥᠷ ᠪᠦᠲᠦᠮᠵᠢᠲᠡᠢ ᠡᠭᠡᠭᠦᠯᠦᠨ |
ᠠᠪᠴᠤ ᠠᠰᠢᠭᠯᠠᠬᠤ ᠲᠣᠭᠲᠠᠯᠴᠠᠭ᠎ᠠ ᠶᠢ ᠪᠠᠶᠢᠭᠤᠯᠵᠤ᠂ ᠳ᠋ᠢᠭᠢᠳ᠋ᠴᠢᠯᠡᠭᠰᠡᠨ ᠮᠡᠷᠭᠡᠵᠢᠯ ᠢ ᠬᠡᠷᠡᠭᠯᠡᠨ ᠬᠥᠳᠡᠯᠭᠡᠭᠴᠢ ᠬᠦᠴᠦᠨ ᠤ |
ᠴᠡᠨᠡᠭ ᠤᠨ ᠪᠦᠬᠦ ᠬᠡᠷᠡᠭᠯᠡᠭᠡᠨ ᠤ ᠦᠶᠡᠯᠡᠯ ᠤᠨ ᠬᠤᠭᠤᠴᠠᠭᠠᠨ ᠳᠠᠬᠢ ᠭᠦᠢᠯᠭᠡᠭᠡᠨ ᠢ ᠬᠢᠨᠠᠨ ᠰᠢᠨᠵᠢᠬᠦ ᠶᠢ ᠨᠢ ᠴᠢᠩᠭᠠᠳᠬᠠᠵᠤ᠂ |
ᠦᠢᠯᠡᠳᠪᠦᠷᠢᠯᠡᠬᠦ᠂ ᠪᠣᠷᠣᠯᠠᠭᠤᠯᠬᠤ᠂ ᠵᠠᠳᠠᠯᠬᠤ᠂ ᠠᠰᠢᠭᠯᠠᠬᠤ ᠶᠢ ᠪᠦᠬᠦ ᠶᠠᠪᠤᠴᠠ ᠳᠤ ᠨᠢ ᠮᠥᠷᠳᠡᠨ ᠤᠬᠤᠴᠢᠯᠠᠬᠤ ᠶᠢ |
ᠪᠡᠶᠡᠯᠡᠭᠦᠯᠦᠨ᠎ᠡ᠃ ᠬᠠᠤᠯᠢᠵᠢᠯ ᠤᠨ ᠠᠷᠭ᠎ᠠ ᠪᠠᠷᠢᠯ ᠢ ᠬᠡᠷᠡᠭᠯᠡᠨ ᠡᠭᠡᠭᠦᠯᠦᠨ ᠠᠪᠴᠤ ᠠᠰᠢᠭᠯᠠᠬᠤ ᠶᠢ ᠵᠢᠷᠤᠮᠵᠢᠭᠤᠯᠵᠤ᠂ |
ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠲᠣᠭᠲᠠᠭᠠᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠪᠠᠨ |
ᠴᠢᠩᠭᠠᠳᠬᠠᠨ᠎ᠠ᠃ ᠬᠥᠳᠡᠯᠭᠡᠭᠴᠢ ᠬᠦᠴᠦᠨ ᠤ ᠴᠡᠨᠡᠭ ᠤᠨ ᠪᠣᠬᠢᠷᠲᠤᠯ ᠦᠭᠡᠢ ᠵᠢᠷᠤᠭᠯᠠᠬᠤ᠂ ᠦᠢᠯᠡᠳᠬᠦᠨ ᠤ |
ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠲᠣᠭᠠᠴᠠᠭᠠᠯᠠᠬᠤ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠶᠢ ᠲᠦᠷᠭᠡᠬᠡᠨ |
ᠲᠣᠭᠲᠠᠭᠠᠵᠤ ᠵᠠᠰᠠᠪᠤᠷᠢ ᠣᠷᠣᠭᠤᠯᠤᠨ᠂ ᠪᠠᠷᠢᠮᠵᠢᠶ᠎ᠠ ᠪᠠᠷ ᠬᠦᠳᠦᠯᠦᠨ ᠳᠠᠭᠠᠭᠤᠯᠵᠤ ᠪᠠᠶᠢᠭᠠᠳ ᠡᠭᠡᠭᠦᠯᠦᠨ ᠠᠪᠴᠤ |
ᠠᠰᠢᠭᠯᠠᠬᠤ ᠶᠢ ᠳᠠᠶᠢᠴᠢᠯᠠᠨ᠎ᠠ᠃ |
ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ |
ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠠᠶᠢᠲᠤᠷ |
ᠭᠦᠢᠴᠡᠳᠬᠡᠬᠦ ᠪᠣᠯ ᠵᠠᠰᠠᠭ ᠤᠨ ᠣᠷᠳᠣᠨ ᠤ ᠤᠬᠠᠮᠰᠠᠷ ᠠᠴᠠ ᠪᠠᠨ ᠬᠢᠨᠠᠯᠲᠠ ᠬᠦᠯᠢᠶᠡᠬᠦ᠂ ᠬᠠᠤᠯᠢ ᠶᠣᠰᠣᠭᠠᠷ ᠡᠭᠦᠷᠭᠡ |
ᠲᠤᠰᠢᠶᠠᠯ ᠢᠶᠠᠨ ᠭᠦᠢᠴᠡᠳᠬᠡᠬᠦ ᠶᠢᠨ ᠳᠣᠲᠣᠭᠠᠳᠤ ᠱᠠᠭᠠᠷᠳᠠᠯᠭ᠎ᠠ ᠪᠣᠯᠤᠨ᠎ᠠ᠂ ᠮᠥᠨ ᠴᠦ ᠪᠦᠬᠦ ᠶᠠᠪᠤᠴᠠ ᠳᠠᠬᠢ ᠠᠷᠠᠳ ᠤᠨ |
ᠠᠷᠠᠳᠴᠢᠯᠠᠯ ᠢ ᠭᠦᠨᠵᠡᠭᠡᠢ ᠦᠢᠯᠡᠳᠦᠯᠭᠡᠵᠢᠭᠦᠯᠬᠦ ᠶᠢᠨ ᠴᠢᠬᠤᠯᠠ ᠢᠯᠡᠷᠡᠯ ᠪᠣᠯᠤᠨ᠎ᠠ᠃ ᠲᠦᠷᠦ ᠶᠢᠨ ᠶᠠᠪᠤᠳᠠᠯ ᠤᠨ |
ᠬᠤᠷᠢᠶᠠᠨ ᠤ ᠰᠠᠯᠠᠭ᠎ᠠ ᠮᠥᠴᠢᠷ ᠤᠳ ᠤᠨ ᠨᠢᠳᠤᠨᠤᠨ ᠤ ᠳᠠᠭᠠᠭᠠᠨ ᠠᠪᠴᠤ ᠭᠦᠢᠴᠡᠳᠬᠡᠭᠰᠡᠨ ᠰᠠᠨᠠᠭᠤᠯᠭ᠎ᠠ ᠰᠠᠨᠠᠯ |
ᠳᠤᠷᠠᠳᠤᠯᠭ᠎ᠠ ᠶᠢ ᠴᠥᠮ ᠴᠠᠭ ᠲᠤᠬᠠᠶ ᠳᠤ ᠨᠢ ᠭᠦᠢᠴᠡᠳᠬᠡᠨ ᠳᠠᠭᠤᠰᠬᠠᠵᠤ᠂ ᠥᠭᠡᠷᠡᠴᠢᠯᠡᠯᠲᠡ ᠬᠥᠭᠵᠢᠯᠲᠡ ᠪᠠ ᠤᠯᠠᠨ |
ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠭᠤᠣᠯᠳᠠᠯᠭ᠎ᠠ ᠪᠣᠯᠬᠤ ᠬᠦᠴᠢᠷᠳᠡᠯᠲᠡᠢ ᠠᠰᠠᠭᠤᠳᠠᠯ ᠤᠳ ᠢ |
ᠰᠢᠢᠳᠪᠦᠷᠢᠯᠡᠬᠦ ᠶᠢ ᠠᠬᠢᠭᠤᠯᠪᠠ᠃ ᠡᠨᠡ ᠵᠢᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠠᠵᠢᠯ ᠢᠶᠠᠨ |
ᠦᠷᠭᠦᠯᠵᠢᠯᠡᠨ ᠴᠢᠨᠠᠷ ᠰᠠᠶᠢᠲᠠᠢ ᠪᠠᠷ ᠰᠠᠶᠢᠲᠤᠷ ᠬᠢᠵᠦ᠂ ᠲᠥᠯᠥᠭᠡᠯᠡᠭᠴᠢ ᠭᠡᠰᠢᠭᠦᠳ ᠯᠦᠭᠡ ᠣᠶᠢᠯᠠᠭᠠᠯᠴᠠᠵᠤ |
ᠨᠡᠪᠲᠡᠷᠡᠯᠴᠡᠬᠦ ᠪᠠᠨ ᠴᠢᠩᠭᠠᠳᠬᠠᠵᠤ᠂ ᠠᠳᠠᠯᠢ ᠰᠡᠳᠦᠪ ᠢ ᠬᠠᠮᠲᠤ ᠬᠠᠷᠢᠭᠤᠯᠬᠤ᠂ ᠠᠳᠠᠯᠢ ᠴᠢᠭᠯᠡᠯ ᠢᠶᠠᠷ ᠬᠠᠮᠲᠤ |
ᠬᠦᠴᠦᠯᠡᠬᠦ ᠶᠢ ᠪᠠᠷᠢᠮᠲᠠᠯᠠᠵᠤ᠂ ᠬᠦᠴᠢᠷ ᠠᠰᠠᠭᠤᠳᠠᠯ ᠢ ᠴᠢᠨᠠᠭᠰᠢᠳᠠ ᠰᠢᠢᠳᠪᠦᠷᠢᠯᠡᠵᠦ᠂ ᠬᠠᠮᠲᠤ ᠶᠢᠨ ᠲᠠᠨᠢᠯᠲᠠ ᠪᠠᠨ |
ᠨᠢᠭᠲᠠᠷᠠᠭᠤᠯᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠭᠦᠢᠴᠡᠳᠬᠡᠬᠦ ᠪᠠᠷ ᠴᠢᠨᠠᠷ ᠰᠠᠶᠢᠲᠠᠢ |
ᠬᠥᠭᠵᠢᠯᠲᠡ ᠳᠤ ᠬᠦᠴᠦᠨ ᠨᠡᠮᠡᠷᠢᠯᠡᠨ᠎ᠡ᠃ |
ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ |